ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 9.14
ᠨᠡᠶᠢᠲᠡᠯᠡᠭᠰᠡᠨ ᠴᠠᠭ᠄ 2024-09-14

ᠠᠷᠠᠳ᠎ᠤᠨ ᠶᠠᠪᠤᠳᠠᠯ᠎ᠤᠨ ᠶᠠᠮᠤᠨ

     ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ᠎ᠤᠨ᠎ᠬᠢᠨ ᠤᠷᠴᠢᠮ᠎ᠳᠤ 《ᠪᠥᠬᠥ ᠤᠯᠤᠰ᠎ᠤᠨ ᠴᠢᠨᠠᠷᠲᠠᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠲᠤᠰᠢᠶᠠᠯ᠎ᠠᠴᠠ᠎ᠪᠠᠨ ᠰᠠᠯᠬᠤ ᠦᠶ᠎ᠡ ᠵᠢᠨ ᠬᠢᠨᠠᠨ ᠪᠣᠳᠣᠯᠲᠠ ᠵᠢᠨ ᠬᠣᠯᠪᠣᠭᠳᠠᠯ ᠪᠦᠬᠦᠢ ᠵᠦᠢ᠍ᠯᠡᠰ᠎ᠢ ᠭᠦᠢ᠍ᠴᠡᠳᠬᠡᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠪᠠ᠃ ᠮᠡᠳᠡᠭᠳᠡᠯ᠎ᠳᠤ᠂ ᠪᠥᠬᠥ ᠤᠯᠤᠰ᠎ᠤᠨ ᠴᠢᠨᠠᠷᠲᠠᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ ᠨᠢᠭᠲᠠᠯᠠᠨ ᠪᠤᠳᠤᠭᠴᠢ᠎ᠨᠢ ᠬᠡᠷᠡᠭ ᠡᠷᠬᠢᠯᠡᠬᠦ ᠭᠠᠵᠠᠷ᠎ᠲᠠᠢ ᠢᠳᠡᠪᠬᠢᠲᠡᠢ ᠬᠠᠮᠵᠢᠯᠴᠠᠨ ᠲᠤᠰᠢᠶᠠᠯ᠎ᠠᠴᠠ᠎ᠪᠠᠨ ᠰᠠᠯᠬᠤ ᠦᠶ᠎ᠡ ᠵᠢᠨ ᠬᠢᠨᠠᠨ ᠪᠣᠳᠣᠯᠲᠠ ᠵᠢ ᠴᠠᠭ ᠲᠤᠬᠠᠢ᠎ᠳᠤ᠎ᠨᠢ ᠪᠡᠶᠡᠯᠡᠭᠦᠯᠬᠦ ᠬᠡᠷᠡᠭᠲᠡᠢ᠃ ᠲᠤᠰᠢᠶᠠᠯ᠎ᠠᠴᠠ᠎ᠪᠠᠨ ᠰᠠᠯᠬᠤ ᠦᠶ᠎ᠡ ᠵᠢᠨ ᠬᠢᠨᠠᠨ ᠪᠣᠳᠣᠯᠲᠠ ᠵᠢᠨ ᠳᠤᠮᠳᠠ ᠠᠰᠠᠭᠤᠳᠠᠯ᠎ᠢ ᠣᠯᠵᠤ ᠮᠡᠳᠡᠪᠡᠯ᠂ ᠴᠡᠭᠴᠡᠯᠡᠨ ᠰᠠᠢ᠌ᠵᠢᠷᠠᠭᠤᠯᠬᠤ ᠲᠥᠰᠥᠯ᠎ᠢ ᠴᠠᠭ ᠲᠤᠬᠠᠢ᠎ᠳᠤ᠎ᠨᠢ ᠲᠣᠭᠲᠠᠭ᠋ᠠᠬᠤ ᠵᠢᠨ ᠬᠠᠮᠲᠤ ᠳᠤᠮᠳᠠᠳᠤ ᠤᠯᠤᠰ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠰᠦᠯᠵᠢᠶᠡᠨ ᠳᠡᠭᠡᠷᠡᠬᠢ ᠬᠡᠷᠡᠭ ᠡᠷᠭᠢᠯᠡᠬᠦ ᠲᠢᠩᠬᠢᠮ ᠵᠶ᠋ᠡᠷ ᠳᠠᠮᠵᠢᠭᠤᠯᠤᠨ ᠲᠤᠰᠢᠶᠠᠬᠤ ᠬᠡᠷᠡᠭᠲᠡᠢ᠃

  ᠶᠡᠷᠤᠡᠭᠭᠡᠢ᠌ᠯᠡᠭᠰᠡᠨ ᠠᠵᠢᠯ

   ᠰᠢᠯᠢ ᠵᠢᠨ ᠭᠣᠣᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《123》 ᠠᠵᠢᠯ᠎ᠤᠨ ᠠᠷᠭ᠎ᠠ ᠵᠢ ᠠᠪᠴᠤ ᠪᠥᠬᠥ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠣᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ᠎ᠢ ᠯᠠᠪᠳᠠᠭᠤᠨ ᠪᠠᠲᠤᠲᠠᠢ ᠠᠳᠬᠤᠪᠠ᠃ ᠭᠣᠣᠯ ᠬᠠᠷᠢᠭᠤᠴᠠᠯᠭ᠋ᠠᠲᠠᠨ ᠵᠶ᠋ᠠᠷ ᠳᠤᠭᠤᠢ᠌ᠯᠠᠩ᠎ᠤᠨ ᠳᠠᠷᠤᠭ᠎ᠠ ᠪᠣᠯᠭ᠋ᠠᠭᠰᠠᠨ 《1》 ᠲᠤᠰᠬᠠᠢ ᠠᠩᠭᠢ ᠵᠢ ᠪᠠᠢ᠌ᠭᠤᠯᠵᠤ᠂ ᠨᠡᠢ᠌ᠭᠡᠮ᠎ᠤᠨ  ᠲᠤᠰᠠᠯᠠᠮᠵᠢ ᠵᠢᠨ 《ᠨᠠᠢ᠌ᠷ ᠲᠠᠯ᠎ᠠ ᠵᠢᠨ ᠪᠠᠲᠤᠯᠠᠭ᠎ᠠ》 《ᠬᠠᠷᠢᠴᠠᠭ᠎ᠠ ᠵᠢᠨ ᠪᠠᠲᠤᠯᠠᠭ᠎ᠠ》 ᠵᠢᠨ ᠠᠰᠠᠭᠤᠳᠠᠯ ᠪᠠ ᠣᠷᠣᠰᠢᠭᠤᠯᠭ᠎ᠠ ᠵᠢᠨ ᠭᠠᠵᠠᠷ᠎ᠤᠨ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠵᠤ ᠪᠠᠢ᠌ᠭ᠎ᠠ ᠠᠰᠠᠭᠤᠳᠠᠯ᠎ᠢ ᠴᠡᠭᠴᠡᠯᠡᠨ ᠵᠠᠰᠠᠬᠤ ᠵᠡᠷᠭᠡ 2 ᠠᠰᠠᠭᠤᠳᠠᠯ ᠵᠶ᠋ᠠᠷ ᠭᠣᠣᠯᠳᠠᠯᠭ᠎ᠠ ᠵᠢ ᠲᠣᠪᠤᠢ᠌ᠯᠭ᠋ᠠᠨ᠂ ᠠᠰᠠᠭᠤᠳᠠᠯ᠎ᠤᠨ ᠨᠠᠷᠢᠨ ᠲᠠᠩᠰᠠ᠂ ᠠᠷᠭ᠎ᠠ ᠵᠢᠨ ᠨᠠᠷᠢᠨ ᠲᠠᠩᠰᠠ ᠪᠠ ᠬᠠᠷᠢᠭᠤᠴᠠᠯᠭ᠎ᠠ ᠵᠢᠨ ᠨᠠᠷᠢᠨ ᠲᠠᠩᠰᠠ 《3 ᠨᠠᠷᠢᠨ ᠲᠠᠩᠰᠠ》 ᠵᠢ ᠪᠠᠢ᠌ᠭᠤᠯᠪᠠ᠃ ᠣᠲᠣ ᠪᠣᠯᠲᠠᠯ᠎ᠠ ᠥᠪᠡᠷ᠎ᠤᠨ ᠪᠠᠢ᠌ᠴᠠᠭ᠋ᠠᠯᠲᠠ᠎ᠳᠤ 13 ᠠᠰᠠᠭᠤᠳᠠᠯ᠎ᠢ ᠢᠯᠡᠷᠡᠭᠦᠯᠵᠦ᠂  ᠳᠠᠷᠤᠢ ᠬᠠᠯᠠᠨ ᠰᠠᠢ᠌ᠵᠢᠷᠠᠭᠤᠯᠵᠤ᠂ ᠲᠥᠪᠯᠡᠷᠡᠭᠦᠯᠦᠨ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠠᠵᠢᠯ᠎ᠢ ᠤᠶᠤᠨ ᠵᠶ᠋ᠡᠨ ᠰᠢᠪᠬᠠᠨ ᠰᠠᠢ᠌ᠲᠤᠷ ᠠᠳᠬᠤᠵᠤ᠂  ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠠᠵᠢᠯ᠎ᠢ ᠦᠷᠭᠦᠯᠵᠢᠯᠡᠨ ᠥᠷᠨᠢᠭᠦᠯᠵᠦ ᠪᠠᠢ᠌ᠨ᠎ᠠ᠃

ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ

    ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ  ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠡᠷᠡᠭ ᠡᠷᠬᠢᠯᠡᠬᠦ᠎ᠳᠤ ᠬᠣᠯᠪᠣᠭᠳᠠᠭᠰᠠᠨ ᠣᠨ᠎ᠤ ᠪᠠᠢ᠌ᠴᠠᠭ᠋ᠠᠯᠲᠠ᠂ ᠵᠡᠷᠭᠡ ᠳᠡᠰ᠎ᠤᠨ ᠦᠨᠡᠯᠡᠨ ᠵᠢᠱ᠌ᠢᠯᠲᠡ᠂ ᠨᠡᠢ᠌ᠭᠡᠮᠯᠢᠭ᠎ᠤᠨ ᠰᠦᠢ᠍ᠳᠬᠡᠯ᠎ᠢ ᠬᠢᠨᠠᠨ ᠵᠥᠪᠰᠢᠶᠡᠷᠡᠬᠦ ᠵᠡᠷᠭᠡ 12 ᠲᠠᠯ᠎ᠠ ᠵᠢᠨ ᠤᠴᠢᠷ ᠶᠠᠪᠤᠳᠠᠯ᠎ᠢ ᠨᠢᠭᠡᠳᠦᠯᠲᠡᠢ ᠲᠥᠯᠥᠪᠯᠡᠨ ᠴᠤᠭᠯᠠᠭᠤᠯᠵᠤ ᠨᠢᠭᠡ ᠯᠡ ᠤᠳᠠᠭ᠎ᠠ᠎ᠳᠤ ᠭᠦᠢ᠍ᠴᠡᠳᠬᠡᠬᠦ ᠵᠢ ᠪᠡᠶᠡᠯᠡᠬᠦᠯᠦᠭᠰᠡᠨ᠎ᠤ ᠬᠠᠮᠳᠤ 《ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠮᠡᠷᠬᠡᠨ ᠴᠤᠬᠤᠷ᠎ᠠᠴᠠ ᠮᠡᠳᠡᠬᠦ》 ᠲᠠᠪᠴᠠᠡᠭ᠎ᠢ ᠪᠣᠶ ᠪᠣᠯᠭ᠋ᠠᠵᠤ᠂ ᠪᠥᠬᠥ ᠬᠡᠷᠡᠭ ᠶᠠᠪᠤᠳᠠᠯ ᠭᠦᠢ᠍ᠴᠡᠳᠬᠡᠬᠦ ᠵᠦᠢ᠍ᠯᠡᠰ᠂ ᠲᠥᠷᠥ ᠵᠢᠨ ᠪᠣᠳᠣᠯᠭ᠎ᠠ᠂ ᠶᠠᠪᠤᠴᠨ ᠵᠢᠨ ᠮᠡᠷᠬᠡᠨ ᠴᠤᠬᠤᠷ᠎ᠢ ᠰᠢᠷᠪᠢᠵᠦ ᠪᠠᠢ᠌ᠴᠠᠭ᠋ᠠᠬᠤ ᠵᠢ ᠪᠡᠶᠡᠯᠡᠭᠦᠯᠵᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ ᠣᠯᠠᠨ ᠰᠠᠯᠠᠭ᠎ᠠ ᠮᠥᠴᠢᠷ ᠲᠠᠮᠵᠢᠨ ᠣᠯᠠᠨ ᠭᠠᠵᠠᠷ᠎ᠲᠤ ᠬᠦᠶᠦᠬᠦ ᠠᠰᠠᠭᠤᠳᠠᠯ᠎ᠢ ᠲᠤᠢ᠌ᠯᠪᠤᠷᠢᠲᠠᠢ ᠰᠢᠢ᠍ᠳᠪᠤᠷᠢᠯᠡᠭᠰᠡᠨ ᠪᠠᠢ᠌ᠨ᠎ᠠ᠃

ᠣᠷᠣᠨ ᠬᠤᠪᠢᠶᠠᠷᠢᠯᠠᠯ ᠭᠠᠵᠠᠷ᠎ᠤᠨ ᠨᠡᠷᠡᠰ

   ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ  ᠵᠢᠨ᠎ᠬᠢᠨ ᠤᠷᠴᠢᠮ᠎ᠤᠨ ᠵᠢᠯ ᠬᠥᠳᠡᠭᠡ ᠲᠣᠰᠬᠣᠨ᠎ᠤ ᠭᠠᠵᠠᠷ᠎ᠤᠨ  ᠨᠡᠷᠡᠰ᠎ᠤᠨ ᠰᠣᠶᠣᠯ᠎ᠢ ᠠᠭᠤᠳᠠᠯᠬᠤ ᠠᠵᠢᠯ᠎ᠢ ᠶᠡᠬᠡ᠎ᠪᠠᠷ ᠥᠷᠨᠢᠭᠦᠯᠵᠦ᠂ 《ᠭᠠᠵᠠᠷ᠎ᠤᠨ ᠨᠡᠷᠡᠰ + ᠥᠯᠢᠭᠡᠷ》᠎ᠢ ᠪᠥᠬᠥ ᠲᠠᠯ᠎ᠠ᠎ᠪᠠᠷ ᠡᠯᠰᠡᠨ ᠴᠤᠭᠯᠠᠭᠤᠯᠵᠤ᠂ ᠲᠡᠦᠬᠡ᠎ᠲᠠᠢ᠂ ᠰᠣᠨᠢᠷᠬᠠᠯ᠎ᠲᠠᠢ᠂ ᠠᠭᠤᠯᠤᠭᠳᠠᠬᠤᠨ᠎ᠲᠠᠢ ᠭᠠᠵᠠᠷ᠎ᠤᠨ  ᠨᠡᠷᠡᠰ᠎ᠤᠨ ᠥᠯᠢᠭᠡᠷ᠎ᠤᠨ ᠬᠡᠯᠪᠡᠷᠢ᠎ᠪᠠᠷ ᠭᠠᠵᠠᠷ᠎ᠤᠨ ᠨᠡᠷᠡᠰ᠎ᠤᠨ ᠰᠣᠶᠣᠯ᠎ᠢ ᠨᠠᠩ ᠰᠠᠢ᠌ᠨ ᠢᠯᠡᠷᠡᠭᠦᠯᠦᠭᠰᠡᠨ ᠪᠠᠢ᠌ᠨ᠎ᠠ᠃ ᠭᠠᠵᠠᠷ᠎ᠤᠨ ᠨᠡᠷᠡᠰ᠎ᠤᠨ ᠲᠤᠰᠬᠠᠢ ᠮᠡᠷᠭᠡᠵᠢᠯᠲᠡᠨ᠂ ᠠᠵᠢᠯ᠎ᠠᠴᠠ᠎ᠪᠠᠨ ᠠᠮᠠᠷᠠᠭᠰᠠᠨ ᠪᠠᠭᠰᠢ᠂ ᠠᠬᠠᠮᠠᠳ ᠺᠠᠳ᠋ᠷ ᠵᠡᠷᠭᠡ ᠭᠠᠵᠠᠷ᠎ᠤᠨ  ᠨᠡᠷᠡᠰ᠎ᠤᠨ ᠰᠣᠶᠣᠯ᠎ᠳᠤ ᠪᠠᠬᠠᠲᠠᠢ ᠬᠥᠮᠥᠰ᠎ᠢ ᠥᠷᠭᠡᠨ ᠵᠶ᠋ᠡᠷ ᠳᠠᠢ᠍ᠢ᠍ᠴᠢᠯᠠᠵᠤ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠂ ᠪᠠᠢ᠌ᠭ᠋ᠠᠯᠢ ᠵᠢᠨ ᠭᠠᠵᠠᠷ ᠵᠦᠢ ᠵᠢᠨ ᠪᠣᠳᠠᠲᠤ ᠴᠣᠭᠴᠠ ᠵᠢᠨ ᠭᠠᠵᠠᠷ᠎ᠤᠨ ᠨᠡᠷᠡᠰ᠂ ᠰᠣᠶᠣᠯ ᠢᠷᠭᠡᠨᠰᠢᠯ᠎ᠤᠨ ᠡᠷᠲᠡᠨ᠎ᠤ ᠦᠯᠡᠳᠡᠭᠳᠡᠯ᠎ᠤᠨ ᠭᠠᠵᠠᠷ᠎ᠤᠨ ᠨᠡᠷᠡᠰ᠎ᠤᠨ ᠦᠯᠢᠭᠡᠷ᠎ᠢ ᠴᠤᠭᠯᠠᠭᠤᠯᠵᠤ᠂ ᠭᠠᠵᠠᠷ᠎ᠤᠨ ᠨᠡᠷᠡᠰ᠎ᠤᠨ ᠰᠣᠶᠣᠯ᠎ᠤᠨ ᠡᠬᠢ ᠪᠠᠶᠠᠯᠢᠭ᠎ᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠎ᠲᠠᠢ ᠠᠮᠨ ᠰᠡᠬᠡᠷ ᠵᠤᠯᠭ᠋ᠠᠭᠤᠯᠪᠠ᠃ ᠦᠨᠤ ᠵᠢᠯ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠂ ᠪᠠᠢ᠌ᠭ᠋ᠠᠯᠢ ᠵᠢᠨ ᠭᠠᠵᠠᠷ ᠵᠦᠢ ᠵᠢᠨ ᠪᠣᠳᠠᠲᠤ ᠴᠣᠭᠴᠠ ᠵᠢᠨ ᠭᠠᠵᠠᠷ᠎ᠤᠨ ᠨᠡᠷᠡᠰ᠂ ᠰᠣᠶᠣᠯ ᠢᠷᠭᠡᠨᠰᠢᠯ᠎ᠤᠨ ᠡᠷᠲᠡᠨ᠎ᠤ ᠦᠯᠡᠳᠡᠭᠳᠡᠯ᠎ᠤᠨ ᠭᠠᠵᠠᠷ᠎ᠤᠨ ᠨᠡᠷᠡᠰ ᠎ᠤᠨ 15 ᠦᠯᠢᠭᠡᠷ᠎ᠢ ᠴᠤᠭᠯᠠᠭᠤᠯᠪᠠ᠃

ᠨᠡᠢ᠌ᠭᠡᠮ᠎ᠤᠨ ᠶᠠᠪᠤᠳᠠᠯ

   ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠭᠠᠵᠠᠷ ᠰᠢᠷᠤᠢ ᠵᠢ ᠠᠷᠪᠢᠯᠠᠨ ᠲᠦᠪᠯᠡᠷᠡᠬᠦᠯᠤᠨ ᠠᠮᠢ ᠠᠬᠤᠢ᠌ᠯᠢᠭ ᠤᠷᠤᠰᠢᠭᠤᠯᠬᠤ ᠲᠤᠬᠠᠢ ᠵᠠᠷᠯᠠᠯ》᠎ᠢ ᠳᠠᠷᠤᠮᠠᠯᠯᠠᠨ ᠲᠠᠷᠬᠠᠭ᠋ᠠᠵᠤ᠂ 2024 ᠣᠨ᠎ᠤ 10 ᠰᠠᠷ᠎ᠠ ᠵᠢᠨ ᠳᠤᠮᠳᠠᠴᠢ᠎ᠪᠠᠷ ᠥᠪᠥᠷ ᠮᠣᠩᠭᠣᠯ᠎ᠤᠨ ᠹᠦ᠋ ᠱᠧᠦ ᠶᠤᠸᠠᠨ ᠴᠡᠴᠡᠷᠯᠢᠭ᠎ᠲᠤ ᠭᠠᠵᠠᠷ ᠰᠢᠷᠤᠢ ᠵᠢ ᠠᠷᠪᠢᠯᠠᠨ ᠲᠦᠪᠯᠡᠷᠡᠬᠦᠯᠤᠨ ᠠᠮᠢ ᠠᠬᠤᠢ᠌ᠯᠢᠭ ᠤᠷᠤᠰᠢᠭᠤᠯᠬᠤ ᠠᠵᠢᠯᠯᠠᠭ᠎ᠠ ᠥᠷᠨᠢᠭᠦᠯᠵᠦ᠂ ᠲᠤᠰ ᠡᠳᠦᠷ᠎ᠠᠴᠠ 9 ᠳ᠋ᠤᠬᠡᠷ ᠰᠠᠷ᠎ᠠ ᠵᠢᠨ 30᠎ᠤ ᠡᠳᠦᠷ ᠪᠣᠯᠲᠠᠯ᠎ᠠ ᠬᠥᠬᠡᠬᠣᠲᠠ ᠵᠢᠨ ᠪᠥᠬᠥ ᠰᠠᠭᠤᠭ᠋ᠠᠯᠢ ᠠᠷᠠᠳ᠎ᠲᠤ ᠬᠠᠨᠳᠤᠭᠤᠯᠤᠨ ᠨᠥᠭᠴᠢᠭᠰᠡᠳ᠎ᠤᠨ ᠭᠡᠷ ᠪᠦᠯᠢ ᠵᠢᠨ᠎ᠬᠢᠨ ᠰᠦᠢ᠍ᠳᠬᠡᠯ ᠬᠤᠷᠢᠶᠠᠬᠤ ᠦᠭᠡᠢ᠎ᠪᠠᠷ ᠭᠠᠵᠠᠷ ᠰᠢᠷᠤᠢ ᠵᠢ ᠠᠷᠪᠢᠯᠠᠨ ᠲᠦᠪᠯᠡᠷᠡᠬᠦᠯᠤᠨ ᠠᠮᠢ ᠠᠬᠤᠢ᠌ᠯᠢᠭ ᠤᠷᠤᠰᠢᠭᠤᠯᠬᠤ  ᠠᠵᠢᠯ᠎ᠳᠤ ᠤᠷᠤᠯᠴᠠᠬᠤ ᠳᠤᠷᠠᠲᠠᠢ ᠪᠤᠯ ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠨᠡᠢ᠌ᠭᠡᠮ᠎ᠤᠨ ᠬᠡᠷᠡᠭ ᠶᠠᠪᠤᠳᠠᠯ᠎ᠤᠨ ᠰᠠᠯᠠᠭ᠎ᠠ᠂ ᠥᠪᠥᠷ ᠮᠣᠩᠭᠣᠯ᠎ᠤᠨ ᠹᠦ᠋ ᠱᠧᠦ ᠶᠤᠸᠠᠨ ᠪᠤᠶᠤ ᠬᠥᠬᠡᠬᠣᠲᠠ ᠵᠢᠨ ᠣᠷᠣᠰᠢᠭᠤᠯᠭ᠎ᠠ ᠵᠢᠨ ᠨᠡᠢ᠌ᠭᠡᠮᠯᠢᠭ᠎ᠲᠤ ᠨᠡᠷ᠎ᠡ ᠮᠡᠳᠡᠭᠦᠯᠵᠦ ᠪᠣᠯᠣᠨ᠎ᠠ᠂ ᠠᠵᠢᠯᠯᠠᠭ᠎ᠠ᠎ᠳᠤ ᠣᠷᠣᠯᠴᠠᠬᠤ᠎ᠳᠤ ᠨᠥᠭᠴᠢᠭᠰᠡᠳ᠎ᠤᠨ ᠮᠡᠳᠡᠭᠡ ᠵᠠᠩᠭᠢ᠂ ᠦᠬᠦᠭᠰᠡᠨ᠎ᠤ ᠭᠡᠷᠡᠴᠢ᠂ ᠭᠠᠯ ᠵᠶ᠋ᠠᠷ ᠳᠡᠭᠳᠡᠭᠡᠭᠰᠡᠨ ᠭᠡᠷᠡᠴᠢ ᠪᠠ ᠭᠠᠷᠲᠠᠨ ᠭᠦᠢ᠍ᠴᠡᠳᠭᠡᠭᠴᠢ ᠵᠢᠨ ᠪᠡᠶ᠎ᠡ ᠵᠢᠨ ᠦᠨᠡᠮᠯᠡᠯ᠎ᠤᠨ ᠬᠠᠭᠤᠯᠪᠤᠷᠢ ᠵᠢ ᠬᠠᠩᠭ᠋ᠠᠬᠤ ᠬᠡᠷᠡᠭᠲᠡᠢ᠃


  

   

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ10.16
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ10.17
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ10.18
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ10.21
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 10.22
 
            