ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
《ᠪᠦᠬᠦ ᠣᠷᠣᠨ᠎ᠤ ᠤᠷᠤᠭ᠎ᠤᠨ ᠵᠠᠡᠭᠰᠢᠯ᠎ᠤᠨ ᠥᠭᠡᠷᠡᠴᠢᠯᠡᠯᠲᠡ ᠵᠢᠨ ᠦᠷ᠎ᠡ ᠪᠦᠲᠦᠭᠡᠯ᠎ᠤᠨ ᠰᠢᠷᠢᠰ ᠦᠵᠡᠭᠦᠯᠦᠯᠭᠡ ᠵᠢᠷᠭᠤᠭ᠎ᠠ》 ᠬᠥᠯᠥᠨ ᠪᠤᠢ᠍ᠢ᠍ᠷ ᠬᠤᠳᠠ ᠵᠢᠨ ᠠᠷᠤᠨ ᠬᠣᠰᠢᠭᠤ ᠵᠢᠨ᠎ᠬᠢᠨ ᠤᠷᠤᠭ᠎ᠤᠨ ᠵᠠᠡᠭᠰᠢᠯ᠎ᠤᠨ ᠥᠭᠡᠷᠡᠴᠢᠯᠡᠯᠲᠡ ᠵᠢ ᠠᠬᠢᠭᠤᠯᠵᠤ ᠦᠷ᠎ᠡ ᠪᠦᠲᠦᠮᠵᠢ ᠤᠯᠵᠤ ᠪᠠᠢ᠌ᠨ᠎ᠠ
ᠨᠡᠶᠢᠲᠡᠯᠡᠭᠰᠡᠨ ᠴᠠᠭ᠄ 2024-09-03

   ᠬᠥᠯᠥᠨ ᠪᠣᠶ᠋ᠢᠷ ᠬᠣᠲᠠ ᠵᠢᠨ ᠠᠷᠤᠨ ᠬᠣᠰᠢᠭᠤᠨ᠎ᠤ᠎ᠬᠢᠨ ᠦᠨᠳᠦᠰᠦᠨ ᠱᠠᠲᠤᠨ᠎ᠤ ᠣᠯᠠᠨ ᠲᠦᠮᠡᠨ᠎ᠳᠤ ᠦᠢ᠍ᠯᠡᠴᠢᠯᠡᠬᠦ ᠵᠢ ᠤᠷᠤᠭ᠎ᠤᠨ ᠵᠠᠡᠭᠰᠢᠯ᠎ᠤᠨ ᠥᠭᠡᠷᠡᠴᠢᠯᠡᠯᠲᠡ ᠵᠢᠨ ᠭᠣᠣᠯ ᠬᠦᠴᠦᠨ ᠵᠶ᠋ᠡᠨ ᠪᠣᠯᠭ᠋ᠠᠵᠤ ᠠᠷᠠᠳ ᠲᠦᠮᠡᠨ᠎ᠤ ᠵᠣᠯ ᠵᠢᠷᠭ᠋ᠠᠯ᠎ᠢ ᠤᠷᠤᠭ᠎ᠤᠨ ᠵᠠᠡᠭᠰᠢᠯ᠎ᠤᠨ ᠥᠭᠡᠷᠡᠴᠢᠯᠡᠯᠲᠡ ᠵᠢᠨ 《ᠬᠡᠮᠵᠢᠭᠦᠷ》 ᠪᠤᠯᠭ᠋ᠠᠨ 《ᠬᠠᠲᠠᠭᠤ ᠪᠡᠷᠬᠡᠰᠢᠶᠡᠯ᠎ᠢ ᠬᠠᠮᠲᠤ᠎ᠪᠠᠷ ᠳᠤᠭᠤᠯᠵᠤ ᠬᠠᠷᠢᠯᠴᠠᠨ ᠬᠠᠪᠰᠤᠷᠤᠯᠴᠠᠵᠤ ᠬᠠᠷᠢᠯᠴᠠᠨ ᠨᠥᠬᠥᠪᠦᠷᠢᠯᠡᠬᠦ᠂ ᠬᠠᠷᠢᠭᠤᠴᠠᠯᠭ᠎ᠠ ᠡᠭᠦᠷᠭᠡᠯᠡᠬᠦ᠂ ᠬᠠᠷᠢᠯᠴᠠᠨ ᠬᠦᠨᠳᠦᠳᠬᠡᠵᠦ ᠬᠠᠷᠢᠯᠴᠠᠨ ᠬᠠᠢ᠌ᠷᠠᠯᠠᠬᠤ》 ᠣᠷᠣᠭ᠎ᠤᠨ ᠤᠢ᠌ᠯᠠᠭ᠋ᠠᠬᠳᠠᠬᠤᠨ᠎ᠢ ᠶᠡᠬᠡ᠎ᠪᠠᠷ ᠪᠠᠳᠠᠷᠠᠭᠤᠯᠵᠤ ᠰᠣᠶᠣᠯ ᠵᠶ᠋ᠠᠷ ᠬᠦᠴᠦᠨ ᠨᠡᠮᠡᠷᠢᠯᠡᠬᠦ᠂ ᠰᠠᠯᠠᠭ᠎ᠠ ᠮᠥᠴᠢᠷ ᠬᠣᠯᠪᠤᠭ᠋ᠠᠯᠠᠨ ᠬᠥᠳᠡᠯᠦᠯᠴᠡᠬᠦ᠂ ᠨᠡᠢ᠌ᠲᠡᠯᠢᠭ ᠵᠢᠱ᠌ᠢᠶ᠎ᠡ ᠵᠢ ᠰᠣᠩᠭᠣᠨ ᠪᠣᠶ ᠪᠣᠯᠭ᠋ᠠᠬᠤ ᠵᠡᠷᠭᠡ ᠠᠷᠭ᠎ᠠ᠎ᠪᠠᠷ ᠤᠷᠤᠭ᠎ᠤᠨ ᠵᠠᠡᠭᠰᠢᠯ᠎ᠤᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠠᠵᠢᠯ᠎ᠤᠨ ᠰᠢᠨ᠎ᠡ ᠬᠦᠭᠵᠢᠯᠳᠡ ᠵᠢ ᠦᠨᠡᠨ ᠬᠦ᠌ ᠠᠬᠢᠭᠤᠯᠵᠤ ᠤᠷᠤᠭ᠎ᠤᠨ ᠵᠠᠡᠭᠰᠢᠯ᠎ᠤᠨ ᠰᠢᠨ᠎ᠡ ᠬᠡᠪ ᠰᠤᠷᠲᠠᠯ᠎ᠢ ᠪᠠᠳᠠᠷᠠᠭᠤᠯᠤᠨ ᠤᠷᠤᠭ᠎ᠤᠨ ᠵᠠᠡᠭᠰᠢᠯ᠎ᠤᠨ ᠥᠭᠡᠷᠡᠴᠢᠯᠡᠯᠲᠡ ᠵᠢᠨ ᠰᠢᠨ᠎ᠡ ᠨᠡᠷ᠎ᠡ ᠵᠢᠨ ᠬᠠᠭᠤᠳᠠᠰᠤ ᠵᠢ ᠲᠡᠯᠬᠡᠵᠤ ᠪᠠᠢ᠌ᠨ᠎ᠠ᠃

ᠰᠣᠶᠣᠯ ᠵᠶ᠋ᠠᠷ ᠳᠠᠭ᠋ᠠᠭᠤᠯᠵᠤ ᠤᠬᠠᠭᠤᠯᠭ᠎ᠠ ᠬᠥᠮᠦᠵᠢᠯ ᠵᠶ᠋ᠡᠷ ᠰᠢᠨ᠎ᠡ ᠵᠢ ᠡᠬᠦᠳᠤᠨ
ᠤᠷᠤᠭ᠎ᠤᠨ ᠵᠠᠩᠰᠢᠯ᠎ᠢ ᠲᠠᠭ᠋ᠠᠭᠤᠯᠤᠨ ᠵᠢᠯᠤᠭᠣᠳᠬᠤ ᠰᠢᠨ᠎ᠡ ᠬᠡᠪ ᠰᠤᠷᠲᠠᠯ᠎ᠢ ᠪᠤᠢ ᠪᠤᠯᠭ᠋ᠠᠪᠠ

   ᠳᠤᠮᠳᠠᠳᠤ ᠵᠢᠨ ᠤᠯᠠᠮᠵᠢᠯᠠᠯᠲᠤ ᠤᠷᠤᠭ᠎ᠤᠨ ᠵᠠᠡᠭᠰᠢᠯ᠎ᠤᠨ ᠰᠢᠯᠢᠳᠡᠭ ᠰᠣᠶᠣᠯ᠎ᠢ ᠤᠯᠠᠮᠵᠢᠯᠠᠨ ᠬᠦᠭᠵᠢᠬᠦᠯᠪᠡ᠃ ᠣᠷᠣᠭ  ᠲᠠᠡᠭᠰᠠᠯᠠᠬᠤ ᠭᠠᠵᠠᠷ᠎ᠲᠤ ᠣᠷᠣᠭ ᠬᠤᠷᠢᠮ᠎ᠤᠨ ᠰᠣᠶᠣᠯ᠎ᠤᠨ ᠬᠠᠨ᠎ᠠ᠂ ᠣᠷᠣᠭ ᠬᠤᠷᠢᠮ᠎ᠤᠨ ᠰᠣᠶᠣᠯ᠎ᠤᠨ ᠮᠦᠽᠧᠢ ᠪᠤᠶᠤ ᠣᠷᠣᠭ ᠭᠡᠷ ᠪᠦᠯᠢ ᠵᠢᠨ ᠰᠣᠶᠣᠯ᠎ᠤᠨ ᠰᠠᠭᠤᠷᠢᠨ ᠭᠠᠵᠠᠷ ᠪᠠᠢ᠌ᠭᠤᠯᠵᠤ ᠰᠢᠯᠢᠳᠡᠭ ᠤᠯᠠᠮᠵᠢᠯᠠᠯᠲᠤ ᠣᠷᠣᠭ ᠬᠤᠷᠢᠮ᠎ᠤᠨ ᠰᠣᠶᠣᠯ᠎ᠳᠤ ᠠᠭᠤᠯᠤᠭᠳᠠᠵᠤ ᠪᠠᠢ᠌ᠭ᠎ᠠ ᠬᠥᠮᠥᠨ ᠰᠣᠶᠣᠯ᠎ᠤᠨ ᠵᠣᠷᠢᠭ ᠰᠠᠨᠠᠭ᠎ᠠ᠂ ᠶᠣᠰᠣ ᠮᠣᠷᠠᠯ᠎ᠤᠨ ᠵᠢᠷᠤᠮᠵᠢᠯ᠎ᠢ ᠤᠬᠠᠭᠤᠯᠵᠤ ᠶᠣᠰᠣ ᠮᠣᠷᠠᠯ᠎ᠤᠨ ᠰᠡᠬᠡᠭᠡᠷᠡᠭᠦᠯᠦᠯ᠎ᠤᠨ ᠦᠢ᠍ᠯᠡᠳᠦᠯ᠎ᠢ ᠴᠢᠩᠭ᠋ᠠᠷᠠᠭᠤᠯᠤᠨ 《ᠬᠠᠲᠠᠭᠤ ᠪᠡᠷᠬᠡᠰᠢᠶᠡᠯ᠎ᠢ ᠬᠠᠮᠲᠤ᠎ᠪᠠᠷ ᠳᠤᠭᠤᠯᠵᠤ᠂ ᠬᠠᠷᠢᠯᠴᠠᠨ ᠬᠠᠪᠰᠤᠷᠤᠯᠴᠠᠵᠤ ᠬᠠᠷᠢᠭᠤᠴᠠᠯᠭ᠎ᠠ ᠡᠭᠦᠷᠭᠡᠯᠡᠨ ᠬᠠᠷᠢᠯᠴᠠᠨ ᠬᠦᠨᠳᠦᠳᠬᠡᠵᠦ ᠬᠠᠷᠢᠯᠴᠠᠨ ᠬᠠᠢ᠌ᠷᠠᠯᠠᠬᠤ》 ᠣᠷᠣᠭ᠎ᠤᠨ ᠤᠢ᠌ᠯᠠᠭ᠋ᠠᠬᠳᠠᠬᠤᠨ᠎ᠢ ᠪᠠᠳᠠᠷᠠᠭᠤᠯᠵᠤ ᠭᠡᠷ ᠪᠦᠯᠢ ᠵᠢᠨ ᠵᠣᠯ ᠵᠢᠷᠭ᠋ᠠᠯ᠎ᠲᠠᠢ ᠡᠶ᠎ᠡ ᠵᠣᠬᠢᠴᠠᠯ᠎ᠢ ᠠᠬᠢᠭᠤᠯᠪᠠ᠃ ᠤᠷᠤᠭ᠎ᠤᠨ ᠵᠠᠡᠭᠰᠢᠯ ᠎ᠤᠨ ᠰᠣᠶᠣᠯ᠎ᠤᠨ ᠠᠭᠤᠯᠭ᠎ᠠ ᠵᠢ ᠨᠡᠢ᠌ᠭᠡᠮ ᠲᠣᠭᠣᠷᠢᠭ᠎ᠤᠨ ᠺᠦᠩᠽᠢ ᠵᠢᠨ ᠰᠤᠷᠭ᠋ᠠᠭᠤᠯᠢ᠂ ᠰᠠᠭᠤᠭ᠋ᠠᠯᠢ ᠠᠷᠠᠳ᠎ᠤᠨ ᠰᠦᠯᠵᠢᠶᠡᠨ᠎ᠤ ᠰᠢᠭᠤᠳ ᠨᠡᠪᠲᠡᠷᠡᠭᠦᠯᠭᠡ ᠵᠢᠨ ᠬᠢᠴᠢᠶᠡᠯ᠎ᠤᠨ ᠲᠠᠡᠭᠭᠢᠮ ᠪᠠ 《ᠲᠣᠰᠬᠣᠨ᠎ᠤ ᠳᠦᠷᠢᠮ ᠠᠷᠠᠳ᠎ᠤᠨ ᠭᠡᠷ᠎ᠡ》᠎ᠳᠤ ᠣᠷᠣᠭᠤᠯᠵᠤ   ᠲᠣᠰᠬᠣᠨ᠎ᠤ ᠲᠠᠰ᠎ᠤᠨ ᠪᠣᠯᠪᠠᠰᠤᠨ᠎ᠤ ᠦᠢ᠍ᠯᠡᠳᠦᠯᠭᠡ ᠵᠢᠨ 172 ᠥᠷᠲᠡᠭᠡ᠎ᠳᠤ 《ᠪᠣᠯᠪᠠᠰᠤᠨ ᠪᠦᠯᠬᠦᠮᠳᠡᠯ᠎ᠤᠨ ᠬᠡᠲᠦ ᠳᠡᠯᠭᠡᠭᠦᠷ》᠎ᠢ ᠪᠠᠢ᠌ᠭᠤᠯᠵᠤ᠂ ᠭᠡᠷ ᠪᠦᠯᠢ ᠵᠢᠨ 《ᠤᠯᠠᠭ᠋ᠠᠨ ᠬᠠᠷ᠎ᠠ ᠰᠠᠮᠪᠠᠷ᠎ᠠ》᠎ᠳᠤ ᠲᠦᠰᠢᠭᠯᠡᠨ ᠬᠤᠪᠢ ᠬᠤᠷᠠᠮᠳᠤᠭᠤᠯᠵᠤ ᠱᠠᠩᠨᠠᠬᠤ ᠲᠣᠭᠲᠠᠴᠠ ᠵᠢ ᠬᠡᠷᠡᠭᠵᠢᠬᠦᠯᠦᠭᠰᠡᠨ ᠪᠠᠢ᠌ᠨ᠎ᠠ᠃ ᠬᠣᠲᠠ ᠵᠢᠨ ᠲᠣᠭᠣᠷᠢᠭ᠎ᠤᠨ ᠲᠥᠪ᠎ᠤᠨ 《ᠮᠢᠩ ᠶᠤᠸᠠᠢ ᠶᠤᠸᠠᠨ》 ᠠᠭᠤᠳᠠᠮ ᠲᠠᠯᠠᠪᠠᠶ ᠵᠢ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠰᠣᠶᠣᠯ᠎ᠤᠨ ᠭᠣᠣᠯ ᠰᠡᠳᠦᠪᠲᠦ ᠠᠭᠤᠳᠠᠮ ᠲᠠᠯᠠᠪᠠᠶ ᠪᠣᠯᠭ᠋ᠠᠨ ᠥᠭᠡᠷᠡᠴᠢᠯᠡᠵᠦ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠦᠵᠡᠭᠦᠯᠦᠯᠭᠡ ᠵᠢᠨ ᠰᠠᠮᠪᠠᠷ᠎ᠠ ᠭᠠᠷᠭ᠋ᠠᠵᠤ᠂ ᠲᠣᠰᠬᠣᠨ᠎ᠤ ᠳᠣᠲᠣᠷ᠎ᠠ ᠤᠷᠤᠭ᠎ᠤᠨ ᠵᠠᠩᠰᠢᠯ᠎ᠤᠨ ᠰᠣᠶᠣᠯ᠎ᠤᠨ ᠤᠬᠠᠭᠤᠯᠭ᠎ᠠ ᠵᠢᠨ ᠰᠠᠮᠪᠠᠷ᠎ᠠ ᠭᠠᠷᠭ᠋ᠠᠯ᠎ᠠ᠃ ᠤᠳᠬ᠎ᠠ ᠤᠷᠠᠯᠢᠭ᠎ᠢ ᠬᠥᠳᠡᠭᠡ ᠨᠤᠳᠤᠭ᠎ᠲᠤ ᠬᠦᠷᠭᠡᠵᠦ᠂  ᠤᠳᠬ᠎ᠠ ᠤᠷᠠᠯᠢᠭ᠎ᠤᠨ ᠬᠦᠴᠦᠨ᠎ᠢ ᠬᠦᠢ᠍ᠴᠡᠳ ᠪᠠᠳᠠᠷᠠᠭᠤᠯᠤᠬᠰᠠᠨ ᠪᠠᠢ᠌ᠨ᠎ᠠ᠃ ᠤᠯᠠᠭ᠋ᠠᠨᠮᠥ᠋ᠴᠢᠷ᠎ᠤᠨ᠎ᠬᠢᠨ᠎ᠤ ᠲᠣᠭᠯᠠᠭᠰᠠᠨ ᠤᠷᠤᠭ᠎ᠤᠨ ᠵᠠᠩ ᠳᠠᠳᠬᠠᠯ᠎ᠤᠨ ᠥᠭᠡᠷᠡᠴᠢᠯᠡᠯᠲᠡ ᠵᠢᠨ ᠱᠣᠭ ᠵᠦᠴᠤᠬᠡ 《ᠤᠷᠤᠭ᠎ᠤᠨ ᠲᠤᠬᠠᠢ ᠶᠠᠷᠢᠯᠴᠠᠬᠤ 〈ᠦᠨ᠎ᠡ ᠬᠠᠩᠰᠢ〉 ᠵᠢ ᠥᠭᠦᠯᠡᠬᠦ᠎ᠨᠢ》᠂ ᠴᠠᠷᠭᠢᠯ ᠬᠣᠯᠪᠣᠭ᠎ᠠ 《ᠤᠷᠤᠭ᠎ᠤᠨ ᠵᠠᠡᠭᠰᠢᠯ᠎ᠢ ᠥᠭᠡᠷᠡᠴᠢᠯᠡᠵᠦ ᠰᠢᠨ᠎ᠡ ᠬᠡᠪ ᠰᠤᠷᠲᠠᠯ᠎ᠢ ᠪᠤᠢ ᠪᠣᠯᠭ᠋ᠠᠬᠤ》 ᠵᠡᠷᠭᠡ ᠤᠷᠠᠨ ᠰᠠᠢ᠌ᠬᠠᠨ᠎ᠤ ᠪᠦᠲᠦᠭᠡᠯ᠎ᠢ ᠵᠣᠬᠢᠶᠠᠨ ᠪᠦᠲᠦᠭᠡᠵᠦ᠂ ᠡᠯ᠎ᠡ ᠬᠥᠳᠡᠭᠡ ᠲᠣᠰᠬᠣᠨ᠎ᠳᠤ 50 ᠭᠠᠷᠤᠢ ᠤᠳᠠᠭ᠎ᠠ ᠲᠣᠭᠣᠷᠢᠨ ᠲᠣᠭᠯᠠᠪᠠ᠃ ᠵᠠᠯᠠᠭᠤᠴᠤᠳ᠎ᠤᠨ ᠨᠥᠬᠥᠷᠯᠡᠯ᠎ᠤᠨ ᠬᠣᠯᠪᠣᠭ᠎ᠠ ᠵᠢ ᠡᠷᠴᠢᠮᠳᠡᠢ ᠡᠷᠬᠢᠯᠡᠯ᠎ᠡ᠃ ᠭᠤᠷᠪᠠᠨ ᠵᠢᠯ ᠳᠠᠷᠠᠭ᠋ᠠᠯᠠᠨ ᠪᠣᠯᠪᠠᠰᠤᠨ ᠤᠷᠤᠭ᠎ᠤᠨ ᠰᠢᠨ᠎ᠡ ᠬᠡᠪ ᠰᠤᠷᠲᠠᠯ᠎ᠢ ᠰᠠᠨᠠᠭ᠋ᠠᠴᠢᠯᠠᠭᠰᠠᠨ ᠵᠠᠯᠠᠭᠤᠴᠤᠳ᠎ᠤᠨ ᠨᠥᠬᠥᠷᠯᠡᠯ᠎ᠤᠨ ᠬᠣᠯᠪᠣᠭ᠎ᠠ ᠵᠢ ᠡᠷᠬᠢᠯᠡᠵᠦ᠂ ᠵᠠᠯᠠᠭᠤ ᠡᠷᠡᠭᠲᠡᠢ ᠡᠮᠡᠭᠲᠡᠢ᠎ᠳᠤ ᠰᠣᠯᠢᠯᠴᠠᠭ᠋ᠠᠨ᠎ᠤ ᠲᠠᠪᠴᠠᠩ ᠪᠠᠢ᠌ᠭᠤᠯᠵᠤ᠂ ᠰᠢᠨ᠎ᠡ ᠬᠥᠮᠥᠰ᠎ᠢ ᠵᠢᠯᠤᠭᠣᠳᠴᠤ ᠪᠠᠢ᠌ᠭ᠋ᠠᠳ ᠪᠣᠯᠪᠠᠰᠤᠨ ᠠᠷᠪᠢᠯᠠᠨ ᠭᠠᠮᠨᠠᠬᠤ ᠣᠢ᠌ᠯᠠᠭ᠋ᠠᠭᠳᠠᠬᠤᠨ᠎ᠢ ᠰᠡᠳᠬᠢᠯ ᠵᠢᠷᠤᠬᠡᠨ᠎ᠳᠤ᠎ᠨᠢ ᠰᠢᠩᠭᠡᠭᠡᠵᠦ᠂ ᠦᠢ᠍ᠯᠡ ᠠᠵᠢᠯᠯᠠᠭ᠎ᠠ᠎ᠳᠤ᠎ᠨᠢ ᠠᠭᠤᠰᠬᠠᠪᠠ᠃ ᠶᠣᠰᠣᠯᠠᠯ᠎ᠤᠨ ᠬᠣᠭᠣᠯᠠᠨ ᠲᠢᠩᠬᠢᠮ᠎ᠤᠨ ᠪᠦᠷᠢᠯᠬᠡᠬᠦ ᠦᠵᠡᠭᠳᠡᠯ᠎ᠢ ᠲᠤᠰᠬᠠᠢ᠌ᠯᠠᠨ ᠴᠡᠭᠴᠡᠯᠡᠨ ᠵᠠᠰᠠᠪᠠ᠃ 《ᠠᠵᠢᠯᠴᠢ ᠠᠷᠪᠢᠴᠢ᠂ ᠠᠷᠪᠢᠯᠠᠨ ᠭᠠᠮᠨᠠᠬᠤ ᠵᠢ ᠡᠷᠬᠢᠮᠯᠡᠵᠦ᠂ ᠢᠳᠡᠭᠡᠨ ᠤᠮᠳᠠᠭ᠋ᠠᠨ᠎ᠤ ᠪᠦᠷᠢᠯᠬᠡᠬᠦ ᠵᠢ ᠲᠡᠪᠴᠢᠬᠦ》 ᠰᠠᠨᠠᠭ᠋ᠠᠴᠢᠯᠠᠭ᠎ᠠ ᠵᠢᠨ ᠪᠢᠴᠢᠭ ᠪᠠᠭᠤᠯᠭ᠋ᠠᠵᠤ᠂ ᠶᠣᠰᠣᠯᠠᠯ᠎ᠤᠨ ᠬᠣᠭᠣᠯᠠᠨ ᠲᠢᠩᠬᠢᠮ᠎ᠤᠨ᠎ᠬᠢᠨ᠎ᠢ ᠵᠢᠯᠤᠭᠣᠳᠴᠤ ᠪᠠᠢ᠌ᠭ᠋ᠠᠳ ᠲᠥᠬᠥᠮ  ᠬᠤᠷᠢᠮ ᠨᠠᠢ᠌ᠷ᠎ᠤᠨ ᠢᠵᠢ ᠦᠢ᠍ᠯᠡᠴᠢᠯᠡᠭᠡ ᠵᠢ ᠳᠡᠯᠭᠡᠷᠡᠭᠦᠯᠵᠦ ᠪᠦᠷᠢᠯᠬᠡᠬᠦ ᠵᠢ ᠡᠷᠡᠰ ᠬᠤᠷᠢᠬᠯᠠᠪᠠ᠃ ᠲᠣᠰᠬᠣᠨ᠎ᠤ ᠱᠠᠲᠤᠨ᠎ᠤ ᠬᠤᠷᠢᠮ ᠨᠠᠢ᠌ᠷ᠎ᠤᠨ ᠨᠡᠭᠦᠳᠡᠯ ᠦᠢ᠍ᠯᠡᠴᠢᠯᠡᠭᠡᠨ᠎ᠤ ᠲᠦᠬᠦᠬᠡᠷᠤᠮᠵᠢ ᠵᠢ ᠵᠢᠷᠤᠮᠵᠢᠭᠤᠯᠤᠨ ᠬᠠᠮᠢᠶᠠᠷᠴᠤ ᠵᠦᠢ ᠵᠣᠬᠢᠰᠲᠠᠢ ᠵᠠᠬ᠎ᠠ ᠳᠡᠯᠭᠡᠭᠦᠷ᠎ᠤᠨ ᠥᠷᠢᠰᠦᠯᠳᠦᠭᠡᠨ᠎ᠢ ᠵᠣᠷᠢᠭᠵᠢᠭᠤᠯᠤᠨ ᠠᠷᠠᠳ ᠣᠯᠠᠨ᠎ᠤ ᠬᠤᠷᠢᠮ ᠨᠠᠢ᠌ᠷ᠎ᠤᠨ ᠣᠷᠣᠭᠤᠯᠤᠯᠲᠠ ᠵᠢ  ᠪᠠᠭᠤᠷᠠᠭᠤᠯᠤᠬᠰᠠᠨ ᠪᠠᠢ᠌ᠨ᠎ᠠ᠃

《  ᠤᠷᠤᠭ᠎ᠤᠨ ᠵᠠᠩᠰᠢᠯ + ᠰᠣᠶᠣᠯ᠎ᠤᠨ ᠵᠢᠭᠤᠯᠴᠢᠯᠠᠯ》᠎ᠤᠨ ᠬᠠᠮ ᠵᠠᠭᠪᠤᠷ ᠵᠶ᠋ᠡᠷ
ᠤᠷᠤᠭ ᠬᠤᠷᠢᠮ᠎ᠤᠨ ᠰᠣᠶᠣᠯ᠎ᠤᠨ ᠪᠦᠲᠦᠭᠡᠯᠴᠢ ᠰᠡᠳᠬᠢᠮᠵᠢ ᠵᠢ ᠴᠢᠡᠭᠭ᠋ᠠᠳᠬᠠᠪᠠ

    ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠢ ᠪᠠᠳᠤᠳᠬᠠᠬᠤ ᠠᠵᠢᠯ᠎ᠤᠨ ᠭᠣᠣᠯ ᠱᠤᠭᠤᠮ᠎ᠢ ᠪᠠᠲᠤ ᠪᠠᠷᠢᠮᠲᠠᠯᠠᠵᠤ ᠤᠷᠤᠭ᠎ᠤᠨ ᠵᠠᠡᠭᠰᠢᠯ᠎ᠤᠨ ᠥᠭᠡᠷᠡᠴᠢᠯᠡᠯᠲᠡ ᠪᠣᠯᠣᠨ ᠦᠨᠳᠦᠰᠦᠲᠡᠨ᠎ᠤ ᠰᠣᠶᠣᠯ᠎ᠤᠨ ᠠᠭᠤᠰᠤᠯᠴᠠᠯ᠎ᠢ ᠭᠦᠨᠵᠡᠭᠡᠢ ᠠᠬᠢᠭᠤᠯᠬᠤ᠎ᠳᠤ᠎ᠪᠠᠨ ᠴᠥᠭᠡᠨ ᠲᠣᠭ᠋ᠠᠲᠤ ᠦᠨᠳᠦᠰᠦᠲᠡᠨ᠎ᠤ ᠰᠣᠶᠣᠯ᠎ᠤᠨ ᠪᠤᠰᠤ ᠰᠣᠶᠣᠯ᠎ᠤᠨ ᠬᠤᠷᠢᠮ᠎ᠤᠨ ᠶᠣᠰᠣᠯᠠᠯ᠎ᠢ ᠵᠠᠯᠭ᠋ᠠᠮᠵᠢᠯᠠᠨ ᠦᠪᠯᠡᠪᠡ᠃ ᠶᠢᠨ ᠾᠧ ᠵᠢᠨ ᠳᠠᠭᠤᠷ ᠡᠸᠡᠩᠬᠢ ᠦᠨᠳᠦᠰᠦᠲᠡᠨ᠎ᠤ ᠰᠢᠶᠠᠩ᠎ᠤᠨ 《ᠵᠠᠶᠠᠭ᠋ᠠᠲᠠᠢ》 ᠰᠡᠯᠡᠭᠦᠴᠡᠯ᠎ᠤᠨ ᠲᠠᠷᠢᠶᠠᠯᠠᠩ᠎ᠤᠨ ᠵᠠᠩ ᠦᠢ᠍ᠯᠡ ᠵᠢᠨ ᠬᠦᠷᠢᠶᠡᠯᠡᠩ᠎ᠤᠨ 《ᠠᠮᠠᠷᠠᠭᠴᠤᠤᠯ᠎ᠤᠨ ᠠᠷᠠᠯ᠎ᠤᠨ ᠴᠡᠴᠡᠭ᠎ᠤᠨ ᠲᠠᠯᠠᠢ》 ᠦᠵᠡᠮᠵᠢ ᠵᠢᠨ ᠣᠷᠣᠨ᠎ᠢ ᠬᠤᠷᠢᠮ᠎ᠤᠨ ᠵᠠᠩ ᠦᠢ᠍ᠯᠡ ᠵᠢᠨ ᠥᠭᠡᠷᠡᠴᠢᠯᠡᠯᠲᠡ ᠵᠢᠨ ᠰᠦᠯᠵᠢᠶᠡᠴᠢᠳ᠎ᠤᠨ ᠢᠷᠡᠬᠦ ᠭᠠᠵᠠᠷ ᠪᠤᠯᠭ᠋ᠠᠨ ᠪᠠᠢ᠌ᠭᠤᠯᠤᠭ᠋ᠠᠳ  ᠤᠷᠤᠭ᠎ᠤᠨ ᠵᠠᠡᠭᠰᠢᠯ᠎ᠤᠨ ᠥᠭᠡᠷᠡᠴᠢᠯᠡᠯᠲᠡ ᠵᠢᠨ ᠰᠣᠶᠣᠯ᠎ᠤᠨ ᠪᠦᠲᠦᠭᠡᠯᠴᠢ ᠰᠡᠳᠬᠢᠮᠵᠢ ᠵᠢ ᠲᠤᠬᠠᠢ ᠵᠢᠨ ᠭᠠᠵᠠᠷ᠎ᠤᠨ ᠣᠨᠴᠠᠯᠢᠭ᠎ᠲᠠᠢ ᠣᠷᠭ᠋ᠠᠨᠢᠭ ᠵᠶ᠋ᠠᠷ ᠠᠭᠤᠰᠤᠯᠴᠠᠭᠤᠯᠤᠭ᠋ᠠᠳ ᠣᠷᠣᠯᠴᠠᠭᠰᠠᠳ᠎ᠤᠨ ᠪᠡᠶᠡᠴᠢᠯᠡᠨ ᠣᠢ᠌ᠯᠠᠭ᠋ᠠᠬᠤ ᠲᠥᠷᠥᠭᠳᠡᠯ᠎ᠢ ᠪᠠᠶᠠᠵᠢᠬ᠍ᠵᠢᠭᠤᠯᠪᠠ᠃ ᠰᠣᠯᠣᠩᠭᠣᠰ ᠦᠨᠳᠦᠰᠦᠲᠡᠨ᠎ᠤ ᠪᠣᠳᠠᠰ᠎ᠤᠨ ᠪᠤᠰᠤ ᠰᠣᠶᠣᠯ᠎ᠤᠨ ᠤᠯᠠᠮᠵᠢᠯᠠᠯ ᠪᠤᠯᠬᠤ ᠬᠤᠷᠢᠮ᠎ᠤᠨ ᠶᠣᠰᠣᠯᠠᠯ᠎ᠤᠨ ᠳᠡᠯᠭᠡᠨ ᠦᠵᠡᠭᠦᠯᠬᠦ ᠠᠵᠢᠯᠯᠠᠭ᠎ᠠ ᠵᠢ ᠡᠷᠬᠢᠯᠡᠵᠦ 2 ᠭᠠᠵᠠᠷ᠎ᠤᠨ ᠠᠷᠠᠳ᠎ᠤᠨ ᠵᠠᠩ ᠦᠢ᠍ᠯᠡ ᠵᠢᠨ ᠣᠷᠳᠣᠨ᠎ᠳᠤ ᠳᠠᠭᠤᠷ ᠦᠨᠳᠦᠰᠦᠲᠡᠨ ᠪᠠ ᠰᠣᠯᠣᠩᠭᠣᠰ ᠦᠨᠳᠦᠰᠦᠲᠡᠨ᠎ᠤ ᠬᠤᠷᠢᠮ᠎ᠤᠨ ᠵᠠᠩ ᠦᠢ᠍ᠯᠡ ᠵᠢᠨ ᠦᠵᠡᠭᠦᠯᠬᠦ ᠲᠣᠭᠣᠷᠢᠭ ᠭᠠᠷᠭ᠋ᠠᠵᠤ᠂ ᠵᠡᠭᠡᠯᠢ ᠵᠢᠨ ᠬᠠᠵᠠᠭᠤ᠎ᠳᠤ 《ᠪᠤᠳᠤᠬᠳᠤ ᠬᠠᠨ᠎ᠠ》 ᠭᠠᠷᠭ᠋ᠠᠵᠤ ᠲᠡᠬᠡᠷ᠎ᠡ᠎ᠨᠢ ᠬᠤᠷᠢᠮ᠎ᠤᠨ ᠵᠠᠩ ᠦᠢ᠍ᠯᠡ ᠵᠢᠨ ᠰᠣᠶᠣᠯ᠎ᠤᠨ ᠪᠦᠲᠦᠭᠡᠯᠴᠢ ᠪᠦᠲᠦᠭᠡᠯ᠎ᠢ ᠵᠢᠷᠤᠵᠤ᠂ ᠰᠢᠨ᠎ᠡ ᠬᠤᠤᠰ᠎ᠤᠳ᠎ᠲᠤ ᠨᠡᠩ ᠰᠢᠯᠢᠳᠡᠭ ᠦᠢ᠍ᠯᠡᠴᠢᠯᠡᠭᠡ ᠬᠠᠡᠭᠭ᠋ᠠᠬᠰᠠᠨ᠎ᠤ ᠬᠠᠮᠳᠤ ᠰᠣᠶᠣᠯ᠎ᠤᠨ ᠣᠢ᠌ᠯᠠᠭ᠋ᠠᠯᠲᠠ ᠵᠢ᠎ᠨᠢ ᠬᠦᠨᠵᠡᠬᠡᠢ᠌ᠷᠡᠬᠦᠯᠪᠡ᠃
 
ᠰᠢᠨ᠎ᠡ ᠵᠢ ᠡᠭᠦᠳᠬᠦ ᠦᠨᠡᠮᠯᠡᠯ ᠣᠯᠭᠣᠬᠤ ᠶᠣᠰᠣᠯᠠᠯ ᠵᠶ᠋ᠡᠷ
ᠴᠠᠭ ᠦᠶ᠎ᠡ ᠵᠢᠨ ᠤᠷᠤᠭ᠎ᠤᠨ ᠵᠠᠩᠰᠢᠯ᠎ᠤᠨ ᠰᠢᠨ᠎ᠡ ᠪᠠᠢ᠌ᠳᠠᠯ᠎ᠢ ᠪᠤᠢ ᠪᠤᠯᠭ᠋ᠠᠪᠠ

     ᠣᠨᠴᠠ ᠤᠷᠢᠬᠰᠠᠳ ᠵᠶ᠋ᠡᠷ ᠤᠷᠤᠭ᠎ᠤᠨ ᠪᠠᠳᠤᠯᠠᠪᠤᠷᠢ ᠣᠯᠭᠣᠬᠤ ᠰᠢᠨ᠎ᠡ ᠳᠦᠷᠢᠮ᠎ᠢ ᠡᠬᠦᠳᠪᠡ᠃ 5 ᠳ᠋ᠤᠭ᠋ᠠᠷ ᠰᠠᠷ᠎ᠠ ᠵᠢᠨ 20᠂ ᠲᠤᠯᠤᠭ᠋ᠠᠨ ᠰᠠᠷ᠎ᠠ ᠵᠢᠨ ᠳᠣᠯᠣᠭ᠋ᠠᠨ᠎ᠤ ᠪᠠᠶᠠᠷ ᠵᠶ᠋ᠠᠷ ᠠᠵᠠ ᠲᠣᠬᠢᠶᠠᠯ ᠪᠣᠯᠭ᠋ᠠᠨ ᠬᠠᠮᠲᠤ᠎ᠪᠠᠷ ᠦᠨᠡᠮᠯᠡᠯ ᠣᠯᠭᠣᠬᠤ ᠠᠵᠢᠯᠯᠠᠭ᠎ᠠ ᠥᠷᠨᠢᠭᠦᠯᠵᠦ  ᠠᠯᠲᠠᠨ ᠤᠷᠤᠬᠳᠠᠨ ᠬᠤᠤᠰ᠎ᠤᠳ ᠪᠣᠯᠣᠨ ᠨᠡᠢ᠌ᠭᠡᠮ᠎ᠤᠨ ᠨᠠᠷᠠᠲᠤ ᠬᠥᠮᠥᠰ᠎ᠢ ᠣᠨᠴᠠ ᠤᠷᠢᠵᠤ ᠰᠢᠨ᠎ᠡ ᠬᠤᠤᠰ᠎ᠤᠳ᠎ᠲᠤ ᠬᠠᠮᠲᠤ᠎ᠳᠤ᠎ᠨᠢ ᠤᠷᠤᠭ᠎ᠤᠨ ᠪᠠᠳᠤᠯᠠᠪᠤᠷᠢ ᠣᠯᠭᠣᠵᠤ᠂ ᠰᠡᠳᠬᠢᠯ᠎ᠤᠨ ᠲᠤᠯᠠᠭ᠋ᠠᠨ ᠪᠡᠯᠡᠭ ᠬᠦᠷᠭᠡᠵᠦ ᠰᠢᠨ᠎ᠡ ᠬᠤᠤᠰ᠎ᠤᠳ ᠤᠯᠤᠰ᠎ᠤᠨ ᠰᠦᠯᠳᠡ᠎ᠤᠨ ᠳᠣᠣᠷ᠎ᠠ ᠣᠷᠣᠭ᠎ᠤᠨ ᠲᠠᠩᠭ᠋ᠠᠷᠢᠭ ᠵᠶ᠋ᠠᠨ ᠤᠩᠰᠢᠨ᠂ 《ᠪᠣᠯᠪᠠᠰᠤᠨ ᠣᠷᠣᠭ᠎ᠤᠨ ᠵᠠᠩᠰᠢᠯ᠎ᠤᠨ ᠡᠮᠦᠨ᠎ᠡ᠎ᠠᠴᠠ ᠣᠷᠣᠯᠠᠨ ᠥᠭᠦᠯᠡᠬᠦ》 ᠳᠡᠪᠲᠡᠷ ᠳᠡᠭᠡᠷ᠎ᠡ ᠲᠥᠪ ᠴᠢᠩᠭ᠎ᠠ᠎ᠪᠠᠷ ᠭᠠᠷ᠎ᠤᠨ ᠥᠰᠥᠭ ᠵᠢᠷᠤᠪᠠ᠃ ᠣᠯᠠᠨ ᠵᠦᠢ᠍ᠯ᠎ᠤᠨ ᠬᠡᠯᠪᠡᠷᠢ ᠵᠢᠨ ᠠᠵᠢᠯᠯᠠᠭ᠎ᠠ᠎ᠳᠤ ᠪᠡᠶ᠎ᠡ᠎ᠪᠠᠷ ᠵᠶ᠋ᠡᠨ ᠣᠷᠣᠯᠴᠠᠬᠤ᠎ᠪᠠᠷ ᠳᠠᠮᠵᠢᠭᠤᠯᠤᠨ ᠪᠣᠯᠪᠠᠰᠤᠨ ᠣᠷᠣᠭ᠎ᠤᠨ ᠵᠠᠡᠭᠰᠢᠯ᠎ᠢ ᠨᠡᠡᠭ ᠤᠯᠠᠨ ᠬᠦᠮᠦᠰ᠎ᠲᠤ ᠮᠡᠳᠡᠷᠡᠬᠦᠯᠤᠨ ᠲᠠᠨᠢᠭᠤᠯᠵᠤ᠂ ᠰᠢᠨ᠎ᠡ  ᠬᠤᠤᠰ᠎ᠤᠳ᠎ᠢ ᠵᠢᠯᠤᠭᠣᠳᠴᠤ ᠪᠠᠢ᠌ᠭ᠋ᠠᠳ 《  ᠲᠠᠡᠭᠰᠠᠯᠠᠬᠤ ᠵᠢ ᠴᠢᠬᠤᠯᠠᠴᠢᠯᠠᠬᠤ᠂ ᠠᠷᠪᠢᠯᠠᠨ ᠭᠠᠮᠨᠠᠬᠤ ᠵᠢ ᠡᠷᠬᠢᠮᠯᠡᠬᠦ᠂ ᠬᠠᠷᠢᠭᠤᠴᠠᠯᠭ᠎ᠠ ᠵᠢ ᠴᠢᠩᠭ᠋ᠠᠳᠬᠠᠬᠤ》 ᠣᠷᠣᠭ᠎ᠤᠨ ᠵᠠᠡᠭᠰᠢᠯ᠎ᠤᠨ ᠣᠢ᠌ᠯᠠᠭ᠋ᠠᠭᠳᠠᠬᠤᠨ᠎ᠢ ᠪᠣᠶ ᠪᠣᠯᠭ᠋ᠠᠬᠤ᠎ᠳᠤ᠎ᠨᠢ ᠵᠤᠬᠢᠬᠤ ᠦᠢ᠍ᠯᠡᠳᠤᠯ ᠦᠵᠡᠬᠦᠯᠦᠭᠰᠡᠨ ᠪᠠᠢ᠌ᠨ᠎ᠠ᠃ ᠨᠡᠢ᠌ᠲᠡᠯᠢᠭ ᠵᠢᠱ᠌ᠢᠶ᠎ᠡ ᠵᠢ ᠰᠣᠩᠭᠣᠬᠤ ᠠᠵᠢᠯᠯᠠᠭ᠎ᠠ ᠵᠢ ᠦᠷᠨᠢᠬᠦᠯᠪᠡ᠃ ᠥᠪᠡᠷᠲᠡᠭᠡᠨ ᠵᠠᠰᠠᠬᠤ ᠣᠷᠣᠨ᠎ᠤ ᠲᠠᠰ᠎ᠤᠨ 《ᠪᠣᠯᠪᠠᠰᠤᠨ ᠭᠡᠷ ᠪᠦᠯᠢ》 3 ᠡᠷᠦᠬᠡ᠂ 《ᠲᠠᠪᠤᠨ ᠰᠠᠢ᠌ᠨᠲᠠᠢ ᠭᠡᠷ ᠪᠦᠯᠢ》 1 ᠡᠷᠦᠬᠡ᠂ 《ᠬᠠᠮᠤᠭ᠎ᠤᠨ ᠰᠣᠳᠤᠨ ᠭᠡᠷ ᠪᠦᠯᠢ》 1 ᠡᠷᠦᠬᠡ᠂ ᠬᠣᠲᠠ ᠵᠢᠨ ᠲᠠᠰ᠎ᠤᠨ 《ᠪᠣᠯᠪᠠᠰᠤᠨ ᠭᠡᠷ ᠪᠦᠯᠢ》 18 ᠡᠷᠦᠬᠡ᠂ 《ᠬᠠᠮᠤᠭ᠎ᠤᠨ ᠰᠤᠳᠤᠨ ᠭᠡᠷ ᠪᠦᠯᠢ》 6 ᠡᠷᠦᠬᠡ ᠵᠢ ᠠᠮᠵᠢᠯᠲᠠ᠎ᠲᠠᠢ ᠲᠠᠨᠢᠯᠴᠠᠭᠤᠯᠪᠠ᠃ 《ᠪᠠᠭ᠎ᠠ ᠶᠣᠰᠣᠯᠠᠯ᠎ᠨᠢ ᠤᠷᠤᠭ᠎ᠤᠨ ᠵᠠᠡᠭᠰᠢᠯ᠎ᠢ ᠥᠭᠡᠷᠡᠴᠢᠯᠡᠬᠦ ᠶᠡᠬᠡ ᠬᠤᠪᠢᠷᠠᠯᠲᠠ ᠵᠢ ᠭᠡᠷᠡᠴᠢᠯᠡᠨ᠎ᠡ》 ᠭᠡᠬᠦ ᠤᠷᠤᠬ᠎ᠤᠨ ᠵᠠᠡᠭᠰᠢᠯ᠎ᠤᠨ ᠥᠭᠡᠷᠡᠴᠢᠯᠡᠯᠲᠡ ᠵᠢᠨ ᠨᠡᠢ᠌ᠲᠡᠯᠢᠭ ᠵᠢᠱ᠌ᠢᠶ᠎ᠡ᠎ᠨᠢ ᠪᠦᠬᠦ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠵᠠᠩ ᠳᠠᠳᠬᠠᠯ᠎ᠢ ᠥᠭᠡᠷᠡᠴᠢᠯᠡᠬᠦ ᠨᠡᠢ᠌ᠲᠡᠯᠢᠭ  ᠵᠢᠱ᠌ᠢᠶ᠎ᠡ  ᠵᠢᠨ 《ᠰᠢᠯᠢᠳᠡᠭ ᠵᠢᠱ᠌ᠢᠶ᠎ᠡ ᠵᠢᠨ ᠱᠠᠩᠨᠠᠯ》᠎ᠢ ᠬᠦᠷᠲᠡᠵᠡᠢ᠃ ᠢᠳᠡᠪᠬᠢᠲᠡᠢ ᠥᠭᠡᠳᠡᠷᠬᠡᠭ᠂ ᠡᠷᠡᠭᠦᠯ ᠪᠣᠯᠪᠠᠰᠤᠨ ᠣᠷᠣᠭ ᠬᠤᠷᠢᠮ᠎ᠤᠨ ᠰᠣᠶᠣᠯ᠎ᠤᠨ ᠰᠢᠨ᠎ᠡ ᠬᠡᠪ ᠰᠤᠷᠲᠠᠯ ᠲᠡᠢ᠌ᠰᠢ ᠲᠠᠢ᠌ᠴᠢᠯᠠᠨ ᠲᠠᠭ᠋ᠠᠭᠤᠯᠪᠠ᠃ 《ᠲᠣᠭᠣᠷᠢᠭ ᠰᠢᠷᠡᠭᠡᠨ᠎ᠤ ᠦᠯᠢᠭᠡᠷ》᠎ᠤᠨ ᠴᠠᠢ᠌ᠯᠠᠯᠭ᠎ᠠ ᠡᠷᠭᠢᠯᠡᠪᠡ᠃ ᠠᠯᠳᠠᠨ ᠤᠷᠤᠬᠳᠤ ᠬᠤᠤᠰ᠎ᠤᠳ ᠰᠢᠨ᠎ᠡ ᠬᠤᠤᠰ᠎ᠤᠳ ᠠᠮᠢᠳᠤᠷᠠᠯ ᠲᠡᠮᠡᠴᠡᠯ᠎ᠤᠨ ᠦᠯᠢᠬᠡᠷ᠂ ᠤᠯᠤᠰ ᠭᠡᠷ᠎ᠤᠨ ᠲᠤᠬᠠᠢ ᠬᠠᠢ᠌ᠷ᠎ᠠ ᠰᠡᠳᠬᠢᠯᠭᠡ᠎ᠪᠠᠨ ᠲᠡᠯᠬᠡᠨ ᠶᠠᠷᠢᠵᠤ᠂ ᠤᠷᠤᠬ ᠬᠡᠷ ᠪᠦᠯᠢ ᠵᠢᠨ ᠤᠷ᠎ᠠ ᠲᠡᠮ᠎ᠢ  ᠲᠠᠮᠵᠢᠭᠤᠯᠤᠭ᠋ᠠᠳ ᠥᠪᠡᠷ᠎ᠤᠨ ᠥᠩᠭᠡᠷᠡᠯᠲᠡ᠎ᠪᠠᠷ ᠵᠶ᠋ᠡᠨ ᠰᠢᠨ᠎ᠡ ᠴᠠᠭ ᠦᠶ᠎ᠡ ᠵᠢᠨ ᠵᠠᠯᠠᠭᠤᠴᠤᠳ᠎ᠲᠤ ᠤᠯᠤᠰ ᠵᠶ᠋ᠠᠨ ᠬᠠᠢ᠌ᠷᠠᠯᠠᠵᠤ ᠦᠢ᠍ᠯᠡᠰ ᠵᠶ᠋ᠡᠨ ᠳᠡᠭᠡᠳᠦᠯᠡᠬᠦ᠂ ᠡᠷᠡᠭᠦᠯ ᠰᠠᠷᠠᠭᠤᠯ ᠥᠭᠡᠳᠡᠷᠬᠡᠭ ᠲᠠᠪᠰᠢᠯᠳᠠ ᠵᠢᠨ ᠰᠢᠯᠢᠳᠡᠭ ᠬᠡᠪ ᠰᠤᠷᠲᠠᠯ᠎ᠢ ᠠᠮᠢᠳᠤᠯᠢᠭ ᠬᠦᠨᠵᠡᠬᠡᠢ ᠲᠠᠨᠢᠯᠴᠠᠭᠤᠯᠤᠬᠰᠠᠨ ᠪᠠᠢ᠌ᠨ᠎ᠠ᠃ 

ᠤᠷᠤᠭ ᠭᠡᠷ ᠪᠦᠯᠢ᠎ᠳᠤ ᠤᠯᠠᠨ ᠠᠷᠭ᠎ᠠ᠎ᠪᠠᠷ ᠵᠠᠮᠴᠢᠯᠠᠪᠠ
 
     ᠠᠷᠤᠨ ᠬᠣᠰᠢᠭᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠤᠷᠤᠭᠯᠠᠬᠤ᠎ᠠᠴᠠ ᠡᠮᠦᠨᠡᠬᠢ ᠰᠤᠷᠭ᠋ᠠᠨ ᠬᠥᠮᠦᠵᠢᠯ᠂ ᠰᠢᠨ᠎ᠡ ᠣᠷᠣᠭ᠎ᠤᠨ ᠵᠢᠯᠣᠭᠣᠳᠤᠯᠭ᠎ᠠ᠂ ᠣᠷᠣᠭ ᠭᠡᠷ ᠪᠦᠯᠢ ᠵᠢᠨ ᠵᠥᠷᠢᠴᠡᠯ᠎ᠢ ᠵᠣᠬᠢᠴᠠᠭᠤᠯᠬᠤ᠂ ᠣᠷᠣᠭ ᠰᠠᠯᠬᠤ᠎ᠠᠴᠠ ᠲᠠᠢ᠌ᠪᠤᠰᠢᠷᠠᠭᠤᠯᠬᠤ ᠬᠤᠭᠤᠴᠠᠭ᠋ᠠᠨ᠎ᠤ ᠮᠥᠷᠳᠡᠨ ᠵᠢᠯᠤᠭᠣᠳᠬᠤ ᠪᠠ ᠣᠷᠣᠭ ᠭᠡᠷ ᠪᠦᠯᠢ ᠵᠢᠨ ᠥᠷᠲᠡᠭ᠎ᠤᠨ ᠦᠵᠡᠯᠲᠡ ᠵᠢᠨ ᠤᠬᠠᠭᠤᠯᠭ᠎ᠠ ᠵᠢ ᠨᠢᠭᠡ ᠴᠣᠭᠴᠠᠵᠢᠭᠤᠯᠤᠭᠰᠠᠨ 《ᠪᠥᠬᠥ ᠦᠶᠡᠯᠡᠯ᠎ᠤᠨ ᠬᠤᠭᠤᠴᠠᠭ᠎ᠠ》 ᠵᠢᠨ ᠣᠷᠣᠭ ᠭᠡᠷ ᠪᠦᠯᠢ ᠵᠢᠨ ᠵᠢᠯᠤᠭᠤᠳᠤᠮᠵᠢ ᠵᠢᠨ ᠦᠢ᠍ᠯᠡᠴᠢᠯᠡᠭᠡᠨ᠎ᠤ ᠰᠢᠰᠲᠸᠮ᠎ᠢ ᠲᠦᠷᠤᠬᠦᠯᠡᠨ ᠪᠣᠶ ᠪᠣᠯᠭ᠋ᠠᠵᠤ᠂ ᠡᠷ᠎ᠡ ᠡᠮ᠎ᠡ ᠬᠣᠶᠠᠭᠤᠯᠠ ᠵᠢᠨ ᠣᠷᠣᠭ ᠭᠡᠷ ᠪᠦᠯᠢ᠎ᠪᠠᠨ ᠬᠠᠮᠠᠭ᠋ᠠᠯᠠᠬᠤ ᠶᠡᠷᠦᠩᠬᠡᠢ᠌ᠯᠡᠭᠰᠡᠨ ᠴᠢᠳᠠᠪᠤᠷᠢ ᠵᠢ ᠲᠡᠭᠡᠭᠰᠢᠯᠡᠬᠦᠯᠦᠭᠰᠡᠨ ᠪᠠᠢ᠌ᠨ᠎ᠠ᠃ ᠬᠠᠤᠯᠢ ᠴᠠᠭ᠋ᠠᠵᠠ ᠵᠢᠨ ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ ᠤᠷᠤᠭ ᠭᠡᠷ ᠪᠦᠯᠢ ᠵᠢᠨ ᠡᠶᠡᠳᠡᠭᠦᠯᠬᠦ ᠤᠷ᠎ᠠ ᠮᠡᠷᠭᠡᠵᠢᠯ᠎ᠤᠨ ᠪᠣᠯᠪᠠᠰᠤᠷᠠᠯ᠎ᠤᠨ ᠠᠩᠭᠢ ᠵᠢ ᠡᠷᠬᠢᠯᠡᠵᠦ᠂ 《ᠢᠷᠭᠡᠨ᠎ᠤ ᠬᠠᠤᠯᠢ ᠵᠢᠨ ᠪᠢᠴᠢᠭ》᠎ᠲᠤ᠎ᠬᠢ 《ᠤᠷᠤᠭ ᠭᠡᠷ ᠪᠦᠯᠢ ᠵᠢᠨ ᠪᠦᠯᠦᠭ》᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ ᠵᠢᠨ ᠵᠦᠢ᠍ᠯ ᠵᠤᠷᠪᠤᠰ᠎ᠢ ᠭᠦᠨᠵᠡᠭᠡᠢ ᠲᠠᠢ᠌ᠯᠪᠤᠷᠢᠯᠠᠵᠤ᠂ ᠭᠡᠷ ᠪᠦᠯᠢ ᠵᠢᠨ ᠵᠥᠷᠢᠴᠡᠯ ᠵᠠᠭᠤᠷᠠᠯᠳᠤᠭ᠋ᠠᠨ᠎ᠢ ᠪᠦᠲᠦᠮᠵᠢᠲᠡᠢ ᠨᠠᠮᠳᠠᠭᠤᠯᠵᠤ᠂ ᠤᠷᠤᠭ ᠭᠡᠷ ᠪᠦᠯᠢ ᠵᠢᠨ ᠡᠶ᠎ᠡ ᠵᠣᠬᠢᠴᠠᠩᠭᠤᠢ ᠲᠣᠭᠲᠠᠭᠤᠨ᠎ᠢ ᠠᠬᠢᠭᠤᠯᠬᠤ᠎ᠳᠤ ᠪᠠᠲᠤ ᠪᠡᠬᠢ ᠰᠠᠭᠤᠷᠢ ᠵᠢ ᠲᠠᠯᠪᠢᠯ᠎ᠠ᠃ ᠠᠷᠠᠳ᠎ᠤᠨ ᠶᠠᠪᠤᠳᠠᠯ᠂ ᠬᠠᠤᠯᠢ ᠴᠠᠭ᠋ᠠᠵᠠ ᠵᠢᠨ ᠰᠠᠯᠠᠭ᠎ᠠ ᠮᠥᠴᠢᠷ᠎ᠤᠨ᠎ᠬᠢᠨ ᠬᠠᠮᠲᠤᠷᠠᠨ ᠤᠷᠤᠭ ᠭᠡᠷ ᠪᠦᠯᠢ ᠵᠢᠨ ᠵᠠᠭᠤᠷᠠᠯᠳᠤᠭ᠋ᠠᠨ᠎ᠤ ᠠᠷᠠᠳ᠎ᠤᠨ ᠡᠶᠡᠳᠡᠭᠦᠯᠬᠦ ᠺᠣᠮᠢᠰ᠎ᠢ 1 ᠪᠠᠢ᠌ᠭᠤᠯᠵᠤ᠂ ᠡᠯ᠎ᠡ ᠰᠤᠮᠤ ᠰᠢᠶᠠᠩ ᠪᠠᠯᠭ᠋ᠠᠰᠤ ᠪᠠ ᠨᠡᠢ᠌ᠭᠡᠮ ᠲᠣᠭᠣᠷᠢᠭ᠎ᠲᠤ ᠤᠷᠤᠭ ᠭᠡᠷ ᠪᠦᠯᠢ ᠵᠢᠨ ᠵᠠᠭᠤᠷᠠᠯᠳᠤᠭ᠋ᠠᠨ᠎ᠢ ᠡᠶᠡᠳᠡᠭᠦᠯᠬᠦ ᠲᠠᠰᠤᠭ᠎ᠢ 25 ᠪᠠᠢ᠌ᠭᠤᠯᠪᠠ᠃ ᠣᠷᠣᠭ ᠭᠡᠷ ᠪᠦᠯᠢ ᠵᠢᠨ ᠵᠢᠯᠤᠭᠤᠳᠤᠮᠵᠢ (ᠡᠶᠡᠳᠡᠭᠦᠯᠬᠦ) ᠵᠢᠨ ᠲᠠᠰᠤᠭ ᠪᠠᠢ᠌ᠭᠤᠯᠵᠤ᠂ ᠣᠷᠣᠭ ᠭᠡᠷ ᠪᠦᠯᠢ ᠵᠢᠨ  ᠵᠢᠯᠤᠭᠤᠳᠤᠮᠵᠢ (ᠡᠶᠡᠳᠡᠭᠦᠯᠬᠦ) ᠵᠢᠨ ᠸᠢᠳᠢᠤ᠋᠎ᠪᠠᠷ ᠬᠠᠮᠢᠶ᠎ᠠ ᠪᠦᠬᠦᠢ ᠬᠠᠤᠯᠢ ᠴᠠᠭ᠋ᠠᠵᠠ ᠵᠢᠨ ᠮᠡᠳᠡᠯᠭᠡ ᠵᠢ  ᠲᠦᠬᠡᠮᠡᠯᠵᠢᠬᠦᠯᠵᠤ᠂ 《ᠤᠷᠤᠭᠯᠠᠬᠤ᠎ᠠᠴᠠ ᠡᠮᠦᠨᠡᠬᠢ ᠬᠢᠴᠢᠶᠡᠯ》᠎ᠢ ᠨᠡᠬᠡᠬᠡᠯ᠎ᠡ᠃ ᠨᠡᠢ᠌ᠭᠡᠮ᠎ᠤᠨ ᠦᠢ᠍ᠯᠡᠴᠢᠯᠡᠭᠡ ᠵᠢ ᠬᠤᠳᠠᠯᠳᠤᠨ ᠠᠪᠴᠤ ᠦᠭᠬᠦ᠎ᠪᠠᠷ ᠳᠠᠮᠵᠢᠭᠤᠯᠤᠨ ᠲᠤᠰᠬᠠᠢ ᠲᠤᠰᠢᠶᠠᠯᠲᠤ ᠵᠢᠯᠣᠭᠣᠳᠤᠭᠴᠢ ᠵᠢ ᠤᠷᠢᠨ ᠲᠤᠮᠢᠯᠠᠬᠰᠠᠨ ᠪᠦᠬᠡᠳ ᠨᠡᠢ᠌ᠭᠡᠮ ᠲᠠᠶᠠᠭ᠋ᠠᠷ᠎ᠠᠴᠠ ᠰᠠᠢ᠌ᠨ ᠲᠤᠷᠠᠴᠤᠤᠯ᠎ᠢ ᠡᠯᠰᠡᠨ ᠣᠷᠣᠭ ᠭᠡᠷ ᠪᠦᠯᠢ ᠵᠢᠨ ᠵᠢᠯᠤᠭᠣᠳᠬᠤ ᠡᠩᠨᠡᠭᠡ ᠵᠢ ᠪᠦᠷᠢᠯᠳᠦᠭᠦᠯᠵᠦ ᠤᠷᠤᠭᠯᠠᠬᠤ᠎ᠠᠴᠠ ᠡᠮᠦᠨᠡᠬᠢ ᠵᠢᠯᠤᠭᠤᠳᠤᠮᠵᠢ᠂ ᠭᠡᠷ ᠪᠦᠯᠢ ᠵᠢᠨ ᠬᠠᠷᠢᠴᠠᠭ᠋ᠠᠨ᠎ᠤ ᠲᠤᠬᠠᠢ ᠵᠢᠯᠤᠭᠤᠳᠤᠮᠵᠢ᠂ ᠣᠷᠣᠭ᠎ᠤᠨ ᠬᠢᠮᠤᠷᠠᠯ᠎ᠳᠤ ᠭᠠᠷ ᠲᠦᠷᠦᠭᠦ᠂ ᠣᠷᠣᠭ ᠰᠠᠯᠬᠤ ᠭᠡᠵᠤ ᠪᠠᠢ᠌ᠭ᠎ᠠ ᠬᠦᠮᠦᠰ᠎ᠢ ᠡᠶᠡᠳᠡᠬᠦᠯᠬᠦ ᠵᠡᠷᠬᠡ ᠵᠢᠯᠤᠭᠤᠳᠤᠮᠵᠢ ᠵᠢ   ᠡᠷᠴᠢᠮᠳᠡᠢ ᠵᠣᠬᠢᠶᠠᠨ ᠪᠠᠢ᠌ᠭᠤᠯᠤᠬᠰᠠᠨ ᠪᠠᠢ᠌ᠨ᠎ᠠ᠃






    

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠤᠭᠤᠲᠤ ᠬᠤᠳᠠ ᠵᠢᠨ᠎ᠬᠢᠨ ᠶᠢᠰᠤᠳᠡᠬᠢ 《ᠳᠤᠮᠳᠠᠳᠤ ᠵᠢᠨ ᠨᠢᠭᠦᠯᠡᠰᠦᠩᠭᠦᠢ ᠵᠢᠨ ᠡᠳᠦᠷ》 ᠎ᠤᠨ ᠭᠣᠣᠯ ᠰᠡᠳᠦᠪᠲᠦ ᠤᠬᠠᠭᠤᠯᠭ᠎ᠠ ᠪᠠ ᠵᠠᠰᠠᠭ᠎ᠤᠨ ᠣᠷᠳᠣᠨ᠎ᠤ ᠲᠤᠰᠠᠯᠠᠮᠵᠢ ᠪᠣᠯᠣᠨ ᠨᠢᠭᠦᠯᠡᠰᠦᠩᠭᠦᠢ ᠵᠢᠨ ᠦᠢ᠍ᠯᠡᠰ᠎ᠤᠨ ᠲᠡᠳᠬᠦᠮᠵᠢ ᠵᠢ ᠪᠦᠲᠦᠮᠵᠢᠲᠡᠢ ᠵᠣᠯᠭ᠋ᠠᠭᠤᠯᠤᠨ ᠠᠬᠢᠭᠤᠯᠬᠤ ᠠᠵᠢᠯᠯᠠᠭ᠎ᠠ ᠥᠷᠨᠢᠭᠦᠯᠵᠡᠢ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ (9.3)
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠭᠡ (9.2)
ᠱᠠᠩᠬᠠᠢ ᠥᠪᠥᠷ ᠮᠣᠩᠭᠣᠯ᠎ᠤᠨ᠎ᠬᠢᠨ᠎ᠤ ᠬᠠᠮᠳᠤ ᠵᠢᠨ ᠬᠠᠢ᠌ᠷ᠎ᠠ᠎ᠪᠠᠷ ᠬᠡᠦᠬᠡᠳ᠎ᠤᠨ ᠬᠦᠰᠡᠯ ᠵᠡᠭᠦᠳᠦ ᠵᠢ ᠴᠡᠴᠡᠭᠯᠡᠬᠦᠯᠤᠨ ᠲᠡᠷᠭᠡᠯᠰᠢᠭᠦᠯᠪᠡ — ᠬᠥᠯᠥᠨ ᠪᠤᠢ᠍ᠢ᠍ᠷ ᠬᠤᠳᠠ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ 2024 ᠣᠨ᠎ᠤ ᠬᠣᠶᠠᠳᠤᠭ᠋ᠠᠷ ᠬᠤᠭᠤᠴᠠᠭ᠋ᠠᠨ᠎ᠤ ᠱᠠᠩᠬᠠᠢ ᠵᠢᠨ ᠯᠦ᠍ ᠵᠢᠶᠠ ᠽᠦᠢ ᠵᠢᠨ ᠮᠥᠩᠭᠥᠨ ᠭᠦᠢ᠍ᠯᠭᠡᠭᠡᠨ᠎ᠤ ᠬᠤᠳᠠ ᠵᠢᠨ ᠵᠠᠯᠠᠭᠤᠴᠤᠳ ᠪᠠᠭ᠋ᠠᠴᠤᠳ᠎ᠤᠨ ᠤᠷᠠᠨ ᠵᠢᠷᠤᠭ᠎ᠤᠨ ᠤᠷᠤᠯᠳᠤᠭ᠋ᠠᠨ᠎ᠤ ᠱᠠᠩᠨᠠᠯ ᠣᠯᠭᠣᠬᠤ ᠶᠣᠰᠣᠯᠠᠯ᠎ᠳᠤ ᠣᠷᠣᠯᠴᠠᠪᠠ
ᠤᠯᠤᠰ᠎ᠤᠨ ᠰᠦᠯᠵᠢᠶᠡᠨ᠎ᠤ ᠠᠮᠤᠷ ᠲᠦᠪᠰᠢᠨ᠎ᠤ ᠤᠬᠠᠭᠤᠯᠭ᠎ᠠ ᠵᠢᠨ ᠭᠠᠷᠠᠭ᠎ᠤᠨ ᠭᠣᠣᠯ ᠰᠡᠳᠦᠪᠲᠦ ᠤᠬᠠᠭᠤᠯᠭ᠎ᠠ ᠬᠣᠶᠠᠷ — ᠤᠬᠠᠭᠤᠯᠭ᠎ᠠ ᠵᠢᠨ ᠹᠢᠯᠢᠮ 《ᠰᠦᠯᠵᠢᠶ᠎ᠡ ᠠᠮᠤᠷ ᠲᠦᠪᠰᠢᠨ ᠪᠤᠯ ᠠᠮᠢᠳᠤᠷᠠᠯ ᠠᠮᠤᠷ ᠲᠦᠪᠰᠢᠨ》
 
            