ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 9.13
ᠨᠡᠶᠢᠲᠡᠯᠡᠭᠰᠡᠨ ᠴᠠᠭ᠄ 2024-09-14

ᠠᠷᠠᠳ᠎ᠤᠨ ᠶᠠᠪᠤᠳᠠᠯ᠎ᠤᠨ ᠶᠠᠮᠤᠨ

    ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ ᠤᠷᠴᠢᠮ᠎ᠳᠤ ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠪᠤᠯᠤᠨ ᠶᠠᠮᠤᠨ᠎ᠤ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠨᠠᠮ᠎ᠤᠨ ᠰᠠᠬᠢᠯᠭ᠎ᠠ ᠵᠢᠨ ᠰᠤᠷᠤᠯᠴᠠᠯᠭ᠎ᠠ ᠬᠥᠮᠦᠵᠢᠯ᠎ᠤᠨ ᠳ᠋ᠦᠩᠨᠡᠯᠲᠡ ᠵᠢᠨ ᠬᠤᠷᠠᠯ ᠬᠤᠷᠠᠯᠳᠤᠭᠤᠯᠵᠤ᠂ ᠰᠢ ᠵᠢᠨ ᠫᠢᠩ ᠎ᠤ ᠶᠡᠷᠦᠩᠬᠡᠢ ᠱᠦᠵᠢ ᠵᠢᠨ ᠨᠠᠮ᠎ᠤᠨ ᠰᠠᠬᠢᠯᠭ᠎ᠠ ᠵᠢᠨ ᠰᠤᠷᠤᠯᠴᠠᠯᠭ᠎ᠠ ᠬᠥᠮᠦᠵᠢᠯ᠎ᠤᠨ ᠲᠤᠬᠠᠢ ᠭᠠᠷᠭ᠋ᠠᠭᠰᠠᠨ ᠴᠢᠬᠤᠯᠠ ᠵᠢᠭ᠋ᠠᠪᠤᠷᠢ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ᠎ᠤᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠭ᠋ᠠᠳ ᠶᠠᠮᠤᠨ᠎ᠤ ᠪᠠᠢ᠌ᠭᠤᠯᠤᠯᠭ᠎ᠠ ᠵᠢᠨ ᠨᠠᠮ᠎ᠤᠨ ᠰᠠᠬᠢᠯᠭ᠎ᠠ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠮᠵᠢ ᠲᠤᠷᠰᠢᠯᠭ᠎ᠠ ᠵᠢ ᠪᠦᠬᠦ ᠲᠠᠯ᠎ᠠ᠎ᠪᠠᠷ ᠳ᠋ᠦᠩᠨᠡᠵᠦ ᠨᠠᠮ᠎ᠤᠨ ᠰᠠᠬᠢᠯᠭ᠎ᠠ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠭᠦᠨᠵᠡᠭᠡᠢ᠌ᠷᠡᠭᠦᠯᠪᠡ᠃ ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠶᠠᠮᠤᠨ᠎ᠤ ᠰᠠᠢ᠌ᠳ ᠯᠦ᠍ ᡁᠢ ᠶᠤᠸᠠᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ

  ᠮᠠᠨ᠎ᠤ ᠤᠷᠤᠨ ᠤᠷᠴᠢᠮ᠎ᠳᠤ ᠪᠥᠬᠥ ᠣᠷᠣᠨ᠎ᠤ ᠮᠠᠯᠵᠢᠬᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠤᠷᠰᠢᠯᠭ᠎ᠠ ᠰᠣᠯᠢᠯᠴᠠᠬᠤ ᠬᠤᠷᠠᠯ ᠬᠤᠷᠠᠯᠳᠤᠭᠤᠯᠵᠤ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠥᠷᠥᠯ ᠵᠦᠢ᠍ᠯ᠎ᠤᠨ ᠪᠠᠢ᠌ᠭᠤᠯᠤᠯᠲᠠ ᠪᠠ ᠨᠠᠰᠤᠵᠢᠯ᠎ᠤᠨ ᠠᠰᠠᠷᠠᠮᠵᠢ ᠵᠢᠨ ᠬᠦᠷᠢᠶᠡᠨ᠎ᠳᠠᠬᠢ ᠭᠣᠣᠯᠳᠠᠯᠭ᠎ᠠ᠎ᠲᠠᠢ ᠡᠭᠦᠷᠭᠡ ᠵᠢ ᠠᠬᠢᠭᠤᠯᠤᠨ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠵᠠᠷᠯᠠᠨ  ᠲᠠᠷᠠᠭ᠋ᠠᠴᠢ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠭᠣᠣᠯᠳᠠᠯᠭ᠎ᠠ᠎ᠲᠠᠢ ᠠᠵᠢᠯ᠎ᠢ ᠰᠠᠢ᠌ᠲᠤᠷ ᠪᠠᠢ᠌ᠷᠢᠯᠠᠭᠤᠯᠪᠠ᠃  ᠬᠤᠷᠠᠯ ᠲᠡᠬᠡᠷ᠎ᠡ᠄ 《ᠣᠨᠴᠠᠯᠢᠭ ᠪᠠᠢ᠌ᠳᠠᠯ᠎ᠢ ᠡᠵᠡᠮᠳᠡᠵᠦ᠂ ᠮᠠᠯᠵᠢᠬᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠠᠬᠢᠭᠤᠯᠬᠤ ᠬᠡᠷᠡᠭᠲᠡ᠊᠃ ᠭᠣᠣᠯᠳᠠᠯᠭ᠎ᠠ᠎ᠲᠠᠢ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠮᠠᠯᠵᠢᠬᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠠᠵᠢᠯ᠎ᠤᠨ ᠠᠷᠭ᠎ᠠ ᠬᠡᠮᠵᠢᠶ᠎ᠡ᠎ᠪᠠᠨ ᠴᠢᠩᠭ᠋ᠠᠷᠠᠭᠤᠯᠤᠨ᠂ ᠮᠠᠯᠵᠢᠬᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ᠎ᠢ ᠶᠠᠪᠤᠭᠳᠠᠭᠤᠯᠵᠤ ᠦᠷ᠎ᠡ ᠪᠦᠲᠦᠮᠵᠢ ᠣᠯᠬᠤ ᠵᠢ ᠠᠬᠢᠭᠤᠯᠬᠤ ᠬᠡᠷᠡᠭᠳᠡᠢ》 ᠭᠡᠵᠤ ᠱᠠᠭ᠋ᠠᠷᠳᠠᠬᠰᠠᠨ ᠪᠠᠢ᠌ᠨ᠎ᠠ᠃

ᠨᠡᠢ᠌ᠭᠡᠮ᠎ᠤᠨ ᠲᠤᠰᠠᠯᠠᠮᠵᠢ

   ᠰᠢᠯᠢ ᠵᠢᠨ ᠭᠣᠣᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ᠂ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ᠂ 《ᠲᠤᠰᠠᠯᠠᠮᠵᠢ ᠵᠢᠨ ᠰᠤᠹᠲ》 ᠎ᠤᠨAPP ᠲᠤᠷᠰᠢᠯᠲᠠ ᠵᠢᠨ ᠠᠵᠢᠯ ᠵᠡᠷᠭᠡ ᠠᠵᠢᠯᠯᠠᠭ᠎ᠠ᠎ᠪᠠᠷ ᠳᠠᠮᠵᠢᠭᠤᠯᠤᠨ᠂ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠤᠨ ᠴᠢᠨᠠᠷ ᠴᠢᠨᠰᠠᠭ᠎ᠠ ᠦᠷ᠎ᠡ ᠪᠦᠲᠦᠮᠵᠢ ᠵᠢ ᠳᠡᠭᠡᠭᠰᠢᠯᠡᠭᠦᠯᠪᠡ᠃ ᠣᠲᠣ ᠪᠣᠯᠲᠠᠯ᠎ᠠ᠂ 46 ᠤᠳᠠᠭ᠋ᠠᠨ᠎ᠤ ᠪᠣᠯᠪᠠᠰᠤᠷᠠᠯ᠎ᠢ ᠥᠷᠨᠢᠭᠦᠯᠵᠦ᠂ ᠣᠯᠠᠨ ᠲᠦᠮᠡᠨ᠎ᠳᠤ 3.7 ᠲᠦᠮᠡ ᠭᠠᠷᠤᠢ ᠳᠡᠪᠲᠡᠷ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠬᠠᠭᠤᠳᠠᠰᠤ ᠲᠠᠷᠬᠠᠭ᠋ᠠᠨ ᠥᠭᠴᠦ᠂ ᠬᠣᠶᠠᠷ ᠮᠡᠷᠬᠡᠨ ᠴᠤᠬᠤᠷ᠎ᠢ ᠦᠢ᠍ᠯᠡᠳᠴᠦ 《ᠮᠡᠷᠬᠡᠨ ᠴᠤᠬᠤᠷ᠎ᠢ ᠰᠢᠷᠪᠢᠵᠦ ᠲᠥᠷᠥ ᠵᠢᠨ ᠪᠣᠳᠣᠯᠭ᠎ᠠ ᠵᠢ ᠣᠢ᠌ᠯᠠᠭ᠋ᠠᠬᠤ》 ᠲᠤᠷᠰᠢᠯᠲᠠ ᠵᠢᠨ ᠴᠡᠭ᠎ᠤᠨ ᠠᠵᠢᠯ᠎ᠢ ᠢᠳᠡᠪᠬᠢᠲᠡᠢ ᠦᠷᠨᠢᠬᠦᠯᠤᠬᠡᠳ ᠬᠦᠴᠢᠷᠳᠡᠯᠲᠡᠢ ᠣᠯᠠᠨ ᠲᠦᠮᠡᠨ᠎ᠳᠤ ᠨᠡᠢ᠌ᠭᠡᠮ᠎ᠤᠨ  ᠲᠤᠰᠠᠯᠠᠬᠤ ᠬᠦᠷᠢᠶ᠎ᠡ ᠴᠠᠷᠠᠭ᠎ᠠ᠎ᠳᠤ᠎ᠬᠢ ᠲᠥᠷᠥ ᠵᠢᠨ ᠪᠣᠳᠣᠯᠭ᠎ᠠ ᠵᠢ ᠨᠠᠩ ᠰᠠᠢ᠌ᠨ᠂ ᠨᠠᠩ ᠳᠥᠭᠥᠮ ᠳᠥᠲᠡ ᠣᠢ᠌ᠯᠠᠭ᠋ᠠᠭᠤᠯᠵᠤ᠂ ᠪᠥᠬᠥ ᠠᠢ᠌ᠮᠠᠭ᠎ᠲᠤ ᠨᠡᠶ᠋ᠢᠲᠡ 7.3 ᠲᠦᠮᠡ ᠭᠠᠷᠤᠢ ᠠᠮᠢᠳᠤᠷᠠᠯ᠎ᠤᠨ ᠪᠠᠲᠤᠯᠠᠭ᠎ᠠ ᠵᠢ ᠣᠷᠣᠭᠤᠯᠵᠤ᠂ ᠣᠷᠣᠭᠤᠯᠤᠭᠰᠠᠨ ᠨᠣᠷᠮ᠎ᠠ᠎ᠨᠢ 99%᠎ᠳᠤ ᠬᠦᠷᠴᠡᠢ᠃

ᠨᠠᠰᠤᠵᠢᠯ᠎ᠤᠨ ᠦᠢ᠍ᠯᠡᠴᠢᠯᠡᠭᠡ

   ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠦᠨᠤ ᠵᠢᠯ ᠦᠢ᠍ᠯᠡᠴᠢᠯᠡᠭᠡ ᠡᠵᠡᠩᠨᠡᠯᠲᠡ᠎ᠪᠠᠨ ᠴᠢᠩᠭ᠋ᠠᠳᠬᠠᠵᠤ ᠬᠥᠳᠡᠭᠡ ᠲᠣᠰᠬᠣᠨ᠎ᠤ ᠨᠠᠰᠤᠵᠢᠯ᠎ᠤᠨ ᠠᠰᠠᠷᠠᠮᠵᠢ ᠵᠢᠨ ᠣᠯᠠᠨ ᠨᠡᠢ᠌ᠭᠡᠮᠴᠢᠯᠡᠭᠰᠡᠨ ᠡᠵᠡᠩᠨᠡᠯᠲᠡ ᠵᠢᠨ ᠬᠠᠮᠢᠶᠠᠷᠤᠯᠲᠠ ᠵᠢᠨ ᠵᠠᠭᠪᠤᠷ᠎ᠢ ᠢᠳᠡᠪᠬᠢᠲᠡᠢ᠎ᠪᠠᠷ ᠬᠡᠷᠡᠭᠵᠢᠭᠦᠯᠵᠦ ᠨᠡᠢ᠌ᠭᠡᠮᠴᠢᠯᠡᠭᠰᠡᠨ ᠠᠵᠢᠯᠯᠠᠭ᠋ᠠᠨ᠎ᠤ ᠨᠥᠬᠥᠴᠡᠯ᠎ᠢ ᠪᠦᠷᠢᠯᠳᠦᠭᠦᠯᠦᠭᠰᠡᠨ 87 ᠬᠥᠳᠡᠭᠡ ᠲᠣᠰᠬᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠬᠦᠭᠡᠷᠦᠮᠵᠢ ᠵᠢ ᠳᠠᠭ᠋ᠠᠭ᠋ᠠᠴᠢᠯᠠᠨ ᠡᠵᠡᠩᠨᠡᠬᠦ᠂ ᠨᠠᠢ᠌ᠳᠠᠨ ᠡᠵᠡᠩᠨᠡᠭᠦᠯᠬᠦ ᠵᠡᠷᠭᠡ ᠠᠷᠭ᠎ᠠ᠎ᠪᠠᠷ  ᠨᠡᠢ᠌ᠭᠡᠮ᠎ᠤᠨ ᠬᠦᠴᠦᠨ᠎ᠤ ᠡᠵᠡᠩᠨᠡᠯᠲᠡ ᠬᠠᠮᠢᠶᠠᠷᠤᠯᠲᠠ ᠵᠢ ᠲᠠᠳᠠᠨ ᠣᠷᠣᠭᠤᠯᠵᠤ ᠵᠠᠰᠠᠭ᠎ᠤᠨ ᠣᠷᠳᠣᠨ ᠵᠶ᠋ᠠᠷ ᠤᠳᠤᠷᠢᠳᠤᠮᠵᠢ ᠪᠣᠯᠭ᠋ᠠᠬᠤ+ ᠨᠡᠢ᠌ᠭᠡᠮ᠎ᠤᠨ ᠠᠵᠢᠯᠯᠠᠭ᠎ᠠ ᠵᠢ ᠪᠠᠲᠤᠯᠠᠬᠤ᠂ ᠦᠨᠳᠦᠰᠦᠨ ᠪᠠᠳᠤᠯᠠᠭ᠎ᠠ  + ᠵᠣᠬᠢᠰᠲᠠᠢ᠎ᠪᠠᠷ ᠤᠷᠢᠳᠴᠢᠯᠠᠭᠰᠠᠨ᠂ ᠨᠡᠶ᠋ᠢᠲᠡ ᠵᠢᠨ ᠠᠰᠠᠷᠠᠮᠵᠢ ᠵᠢᠨ ᠣᠷᠣᠨ ᠪᠠᠢ᠌ᠷᠢ ᠵᠢ ᠲᠣᠭᠲᠠᠭ᠋ᠠᠬᠤ+ ᠵᠠᠬ᠎ᠠ ᠳᠡᠯᠭᠡᠭᠦᠷ᠎ᠤᠨ ᠡᠵᠡᠩᠨᠡᠯᠲᠡ ᠵᠢᠨ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠪᠠᠢ᠌ᠷᠢᠰᠢᠯ᠎ᠢ ᠪᠤᠢ ᠪᠤᠯᠭ᠋ᠠᠬᠰᠠᠨ ᠪᠠᠢ᠌ᠨ᠎ᠠ᠃

ᠬᠡᠦᠬᠡᠳ᠎ᠤᠨ ᠠᠰᠠᠷᠠᠮᠵᠢ
     ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠬᠦᠯᠤᠨ ᠪᠤᠢ᠌ᠷ ᠬᠣᠲᠠ ᠵᠢᠨ ᠬᠡᠦᠬᠡᠳ᠎ᠤᠨ ᠠᠰᠠᠷᠠᠮᠵᠢ ᠵᠢᠨ ᠠᠵᠢᠯ᠎ᠤᠨ ᠲᠤᠬᠠᠢ᠌ᠯᠠᠭᠰᠠᠨ ᠠᠵᠢᠯ᠎ᠤᠨ 《ᠰᠠᠢ᠌ᠰᠢᠶᠠᠨ ᠬᠥᠬᠢᠭᠦᠯᠬᠦ +  ᠨᠠᠰᠤᠨ᠎ᠳᠤ ᠦᠯᠤ ᠬᠦᠷᠦᠭᠰᠡᠳ + ᠬᠢᠴᠢᠶᠡᠯᠯᠡᠬᠦ ᠵᠢ ᠵᠢᠯᠤᠭᠣᠳᠬᠤ + ᠵᠢᠱ᠌ᠢᠶ᠎ᠡ᠎ᠪᠠᠷ ᠵᠢᠭ᠋ᠠᠨ ᠰᠤᠷᠭ᠋ᠠᠬᠤ》 ᠠᠷᠭ᠎ᠠ ᠎ᠪᠠᠷ ᠬᠡᠦᠬᠡᠳ᠎ᠤᠨ ᠠᠰᠠᠷᠠᠮᠵᠢ ᠵᠢᠨ ᠲᠥᠷᠥ ᠵᠢᠨ ᠪᠣᠳᠣᠯᠭ᠎ᠠ᠂ ᠬᠡᠦᠬᠡᠳ᠎ᠤᠨ ᠡᠷᠬᠢᠯᠡᠭᠴᠢ ᠵᠢᠨ ᠪᠣᠳᠠᠲᠤ ᠶᠠᠪᠤᠳᠠᠯ᠂ ᠦᠷᠡᠴᠢᠯᠡᠬᠦ ᠵᠢ ᠲᠠᠡᠭᠰᠠᠯᠠᠬᠤ᠂ ᠬᠡᠦᠬᠡᠳ᠎ᠤᠨ ᠠᠰᠠᠷᠠᠮᠵᠢ ᠵᠢᠨ ᠬᠦᠷᠢᠶ᠎ᠡ ᠴᠠᠷᠠᠭ᠎ᠠ᠎ᠳᠤ᠎ᠬᠢ ᠪᠠᠢ᠌ᠭᠤᠯᠤᠮᠵᠢ ᠵᠢᠨ ᠬᠠᠮᠢᠶᠠᠷᠤᠯᠲᠠ ᠵᠡᠷᠭᠡ ᠭᠣᠣᠯᠳᠠᠯᠭ᠎ᠠ᠎ᠲᠠᠢ ᠠᠵᠢᠯ᠎ᠳᠤ ᠬᠢᠴᠢᠶᠡᠯ ᠣᠷᠣᠵᠤ ᠬᠦᠯᠤᠨ ᠪᠤᠢ᠌ᠷ ᠬᠤᠳᠠ ᠵᠢᠨ 70 ᠭᠠᠷᠤᠢ ᠬᠥᠮᠥᠨ ᠪᠣᠯᠪᠠᠰᠤᠷᠠᠯ᠎ᠳᠤ ᠣᠷᠣᠯᠴᠠᠵᠠᠢ᠃





   


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 9.14
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ10.16
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ10.17
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ10.18
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ10.21
 
            