ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ10.16
ᠨᠡᠶᠢᠲᠡᠯᠡᠭᠰᠡᠨ ᠴᠠᠭ᠄ 2024-10-21

ᠠᠷᠠᠳ᠎ᠤᠨ ᠶᠠᠪᠤᠳᠠᠯ᠎ᠤᠨ ᠶᠠᠮᠤᠨ

    ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠰᠠᠢ᠌ᠳ ᠲᠠᠩ ᠴᠧᠩ ᠫᠧᠢ ᠤᠷᠴᠢᠮ᠎ᠳᠤ 《ᠴᠠᠭ᠎ᠤᠨ ᠪᠠᠢ᠌ᠳᠠᠯ᠎ᠤᠨ ᠮᠡᠳᠡᠭᠦᠯᠦᠯᠲᠡ》᠎ᠳᠤ 《ᠬᠥᠮᠥᠨ ᠠᠮᠠ ᠵᠢᠨ ᠨᠠᠰᠤᠵᠢᠯᠲᠠ ᠵᠢ ᠢᠳᠡᠪᠬᠢᠲᠡᠢ  ᠠᠷᠭ᠋ᠠᠴᠠᠭ᠋ᠠᠬᠤ ᠤᠯᠤᠰ᠎ᠤᠨ ᠪᠠᠢ᠌ᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠵᠦ ᠬᠥᠮᠥᠨ ᠠᠮᠠ ᠵᠢᠨ ᠴᠢᠨᠠᠷᠯᠢᠭ ᠬᠥᠭᠵᠢᠯᠲᠡ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠲᠤᠯᠭ᠋ᠠᠭᠤᠷᠢᠯᠠᠬᠤ᠎ᠳᠤ ᠬᠦᠴᠦᠨ ᠨᠡᠮᠡᠷᠢᠯᠡᠶ᠎ᠡ》 ᠭᠡᠰᠡᠨ ᠨᠡᠷ᠎ᠡ ᠬᠠᠳᠠᠭᠰᠠᠨ ᠵᠣᠬᠢᠶᠠᠯ ᠨᠡᠢ᠌ᠲᠡᠯᠡᠪᠡ᠃ ᠵᠣᠬᠢᠶᠠᠯ᠎ᠳᠤ ᠨᠠᠮ᠎ᠤᠨ ᠲᠥᠪ ᠬᠣᠷᠢᠶᠠᠨ᠎ᠤ ᠬᠥᠮᠥᠨ ᠠᠮᠠ ᠵᠢᠨ ᠨᠠᠰᠤᠵᠢᠯᠲᠠ ᠵᠢ ᠢᠳᠡᠪᠬᠢᠲᠡᠢ ᠠᠷᠭ᠋ᠠᠴᠠᠭ᠋ᠠᠬᠤ ᠲᠤᠬᠠᠢ ᠡᠯ᠎ᠡ ᠵᠦᠢ᠍ᠯ᠎ᠤᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠬᠦᠴᠦᠲᠡᠢ ᠠᠷᠭ᠎ᠠ᠎ᠪᠠᠷ   ᠨᠠᠢ᠌ᠳᠠᠪᠤᠷᠢᠵᠢᠭᠤᠯᠵᠤ᠂᠂ ᠨᠠᠰᠤᠵᠢᠯ᠎ᠤᠨ ᠦᠢ᠍ᠯᠡᠰ᠎ᠤᠨ ᠰᠢᠨ᠎ᠡ ᠪᠠᠢ᠌ᠳᠠᠯ᠎ᠢ ᠲᠠᠰᠤᠷᠠᠯᠳᠡ ᠦᠭᠡᠢ ᠡᠬᠦᠳᠤᠨ ᠬᠥᠮᠥᠨ ᠠᠮᠠ ᠵᠢᠨ ᠴᠢᠨᠠᠷᠯᠢᠭ ᠬᠥᠭᠵᠢᠯᠲᠡ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠲᠤᠯᠭ᠋ᠠᠭᠤᠷᠢᠯᠠᠬᠤ᠎ᠳᠤ ᠬᠦᠴᠦ ᠨᠡᠮᠡᠷᠢᠯᠡᠬᠦ ᠬᠡᠷᠡᠭᠲᠡᠢ ᠭᠡᠵᠡᠢ᠃

  ᠶᠡᠷᠤᠡᠭᠭᠡᠢ᠌ᠯᠡᠭᠰᠡᠨ ᠠᠵᠢᠯ

    ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠦᠨᠤ ᠵᠢᠯ ᠬᠥᠳᠡᠭᠡ ᠲᠣᠰᠬᠣᠨ᠎ᠤ ᠭᠡᠷ ᠎ᠲᠤ᠎ᠪᠠᠨ ᠬᠣᠴᠣᠷᠤᠭᠰᠠᠨ ᠬᠡᠦᠬᠡᠳ ᠪᠠ ᠭᠡᠷ᠎ᠲᠤ᠎ᠪᠠᠨ ᠬᠣᠴᠣᠷᠤᠭᠰᠠᠨ ᠨᠠᠰᠤᠲᠠᠢ᠌ᠴᠤᠳ᠎ᠢ  ᠬᠠᠯᠠᠮᠵᠢᠯᠠᠨ ᠲᠡᠳᠬᠦᠬᠦ ᠬᠣᠯᠪᠤᠭ᠋ᠠᠯᠠᠨ ᠬᠥᠳᠡᠯᠦᠯᠴᠡᠬᠦ ᠲᠣᠭᠲᠠᠴᠠ ᠵᠢ ᠪᠠᠢ᠌ᠭᠤᠯᠵᠤ᠂ ᠰᠤᠮᠤ ᠰᠢᠶᠠᠩ ᠪᠠᠯᠭ᠋ᠠᠰᠤᠨ᠎ᠤ ᠨᠠᠮ᠎ᠤᠨ ᠭᠡᠰᠢᠭᠦᠨ ᠺᠠᠳ᠋ᠷ᠂ ᠨᠠᠮ᠎ᠤᠨ ᠭᠡᠰᠢᠭᠦᠨ ᠪᠠᠭᠰᠢ᠂ ᠲᠣᠰᠬᠣᠨ᠎ᠳᠤ ᠰᠠᠭᠤᠭ᠎ᠠ ᠭᠡᠰᠢᠭᠦᠨ᠂ ᠰᠠᠢ᠌ᠨ  ᠲᠤᠷᠠᠴᠤᠤᠯ ᠵᠡᠷᠭᠡ ᠬᠦᠴᠦᠨ᠎ᠢ 《  ᠨᠠᠰᠤᠳᠠᠳ ᠬᠡᠤᠬᠡᠳ》᠎ᠢ ᠬᠠᠯᠠᠮᠵᠢᠯᠠᠬᠤ ᠦᠢ᠍ᠯᠡᠴᠢᠯᠡᠭᠡᠨ᠎ᠤ ᠡᠩᠨᠡᠭᠡ᠎ᠳᠤ ᠣᠷᠣᠭᠤᠯᠵᠤ᠂ 《ᠨᠢᠭᠡ᠎ᠨᠢ ᠨᠢᠭᠡ ᠵᠢ ᠬᠠᠪᠰᠤᠷᠬᠤ》 《ᠢᠯᠡᠭᠦᠦ ᠨᠢᠭᠡ ᠵᠢ ᠬᠠᠪᠰᠤᠷᠬᠤ》 ᠠᠷᠭ᠎ᠠ᠎ᠪᠠᠷ ᠪᠥᠬᠥ ᠬᠣᠲᠠ ᠵᠢᠨ ᠭᠡᠷ᠎ᠲᠤ᠎ᠪᠠᠨ ᠬᠣᠴᠣᠷᠤᠭᠰᠠᠨ 6955  ᠨᠠᠰᠤᠲᠠᠨ ᠪᠠ  ᠭᠡᠷ᠎ᠲᠤ᠎ᠪᠠᠨ ᠬᠣᠴᠣᠷᠤᠭᠰᠠᠨ 414 ᠬᠡᠦᠬᠡᠳ᠎ᠲᠤ ᠬᠠᠪᠰᠤᠷᠤᠯᠭ᠎ᠠ ᠦᠢ᠍ᠯᠡᠴᠢᠯᠡᠭᠡ ᠬᠠᠩᠭ᠋ᠠᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠤᠲᠠᠰᠤ᠎ᠪᠠᠷ ᠬᠠᠷᠢᠯᠴᠠᠬᠤ᠂  ᠬᠡᠷ᠎ᠲᠤ᠎ᠨᠢ ᠬᠦᠷᠴᠤ ᠰᠤᠷᠪᠤᠯᠵᠢᠯᠠᠬᠤ ᠵᠡᠷᠭᠡ ᠠᠷᠭ᠎ᠠ᠎ᠪᠠᠷ ᠠᠮᠢᠳᠤᠷᠠᠯ᠎ᠤᠨ ᠳᠤᠮᠳᠠᠬᠢ ᠠᠰᠠᠭᠤᠳᠠᠯ᠎ᠢ ᠰᠢᠢ᠍ᠳᠪᠦᠷᠢᠯᠡᠵᠦ ᠨᠠᠮ᠎ᠤᠨ ᠪᠠᠢ᠌ᠭᠤᠯᠤᠯᠲᠠ ᠵᠢᠨ ᠳᠠᠭ᠋ᠠᠭᠤᠯᠤᠯ ᠳᠣᠣᠷᠠᠬᠢ 《ᠨᠠᠰᠤᠳᠠᠳ ᠬᠡᠤᠬᠡᠳ》᠎ᠤᠨ ᠪᠥᠬᠥ ᠬᠡᠯᠬᠢᠶ᠎ᠡ ᠵᠢᠨ ᠦᠢ᠍ᠯᠡᠴᠢᠯᠡᠭᠡᠨ᠎ᠤ ᠰᠢᠨ᠎ᠡ ᠵᠠᠭᠪᠤᠷ᠎ᠢ ᠪᠡᠶᠡᠯᠡᠬᠦᠯᠦᠭᠰᠡᠨ ᠪᠠᠢ᠌ᠨ᠎ᠠ᠃

ᠨᠡᠢ᠌ᠭᠡᠮ᠎ᠤᠨ ᠲᠤᠰᠠᠯᠠᠮᠵᠢ

   ᠪᠤᠭᠤᠲᠤ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠭᠠᠮᠰᠢᠭᠳᠠᠭᠰᠠᠨ ᠣᠷᠣᠨ᠎ᠤ ᠠᠷᠠᠳ ᠤᠯᠠᠨ᠎ᠤ ᠠᠮᠢᠳᠤᠷᠠᠯ᠎ᠤᠨ ᠪᠠᠢ᠌ᠳᠠᠯ᠎ᠢ ᠦᠷᠭᠦᠯᠵᠢᠯᠡᠨ ᠠᠩᠬᠠᠷᠴᠤ 9 ᠳ᠋ᠤᠬᠡᠷ ᠰᠠᠷ᠎ᠠ᠎ᠠᠴᠠ ᠨᠠᠭ᠋ᠠᠰᠢ ᠪᠦᠬᠦ ᠬᠤᠳᠠ ᠵᠢᠨ ᠦᠶᠡᠷ ᠤᠰᠤᠲᠤᠯ᠎ᠤᠨ ᠭᠠᠮᠰᠢᠭ᠎ᠲᠤ ᠳᠠᠭ᠋ᠠᠷᠢᠭᠳᠠᠭᠰᠠᠨ ᠬᠦᠴᠢᠷᠳᠡᠯᠲᠡᠢ ᠤᠯᠠᠨ ᠲᠦᠮᠡᠨ᠎ᠢ 5.1 ᠲᠦᠮᠡᠨ ᠤᠳᠠᠭ᠎ᠠ ᠪᠠᠢ᠌ᠴᠠᠭ᠋ᠠᠨ ᠠᠰᠠᠭᠤᠳᠠᠯ᠎ᠢ ᠎ᠨᠢ ᠰᠢᠢ᠍ᠳᠪᠦᠷᠢᠯᠡᠵᠦ᠂ ᠭᠠᠮᠰᠢᠭ᠎ᠠᠴᠠ ᠪᠣᠯᠵᠤ ᠦᠨᠳᠦᠰᠦᠨ ᠠᠮᠢᠳᠤᠷᠠᠯ᠎ᠨᠢ ᠬᠦᠴᠢᠷᠳᠡᠯᠲᠡᠢ ᠪᠣᠯᠤᠭᠰᠠᠨ ᠤᠯᠠᠨ ᠲᠦᠮᠡᠨ᠎ᠢ  ᠪᠠᠳᠤᠯᠠᠭ᠎ᠠ ᠵᠢᠨ ᠬᠡᠪᠴᠢᠶᠡᠨ᠎ᠳᠤ ᠴᠠᠭ ᠲᠤᠬᠠᠢ᠎ᠳᠤ᠎ᠨᠢ ᠣᠷᠣᠭᠤᠯᠪᠠ᠃ ᠪᠠᠴᠢᠮ᠎ᠢ ᠠᠷᠭ᠋ᠠᠴᠠᠭ᠋ᠠᠬᠤ ᠠᠷᠭ᠋ᠠᠴᠠᠬᠤ ᠰᠠᠯᠠᠭ᠎ᠠ ᠮᠥᠴᠢᠷ᠎ᠤᠨ᠎ᠬᠢᠨ  ᠭᠠᠮᠰᠢᠬᠳᠠᠬᠰᠠᠳ᠎ᠢ ᠲᠡᠳᠬᠦᠬᠦ ᠠᠷᠭ᠎ᠠ ᠵᠢ ᠬᠡᠷᠡᠭᠵᠢᠭᠦᠯᠦᠭᠰᠡᠨ᠎ᠤ ᠲᠠᠷᠠᠭ᠎ᠠ ᠦᠨᠳᠦᠰᠦᠨ ᠠᠮᠢᠳᠤᠷᠠᠯ᠎ᠨᠢ ᠮᠥᠨ ᠬᠦ᠌ ᠲᠦᠷ ᠴᠠᠭ᠎ᠤᠨ ᠴᠢᠨᠠᠷᠲᠠᠢ ᠬᠦᠴᠢᠷᠳᠡᠯ᠎ᠲᠠᠢ ᠭᠠᠮᠰᠢᠭᠳᠠᠭᠰᠠᠨ ᠤᠯᠠᠨ ᠲᠦᠮᠡᠨ᠎ᠳᠤ ᠲᠦᠷ ᠴᠠᠭ᠎ᠤᠨ ᠲᠤᠰᠠᠯᠠᠮᠵᠢ ᠵᠢᠨ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ 4.1 ᠲᠦᠮᠡᠨ ᠲᠦᠬᠦᠷᠢᠭ ᠵᠠᠷᠤᠴᠠᠭᠤᠯᠤᠨ19 ᠤᠳᠠᠭ᠎ᠠ ᠲᠤᠰᠠᠯᠠᠵᠤ ᠭᠠᠮᠰᠢᠭᠳᠠᠭᠰᠠᠨ ᠭᠡᠷ ᠪᠦᠯᠢ ᠵᠢ ᠬᠠᠪᠰᠤᠷᠤᠨ ᠠᠮᠢᠳᠤᠷᠠᠯ᠎ᠤᠨ ᠪᠡᠷᠬᠡ ᠪᠣᠭᠣᠮᠲᠠ ᠵᠢ ᠲᠤᠭᠤᠯᠤᠭᠤᠯᠪᠠ᠃
   ᠦᠬᠠᠢ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠬᠡᠷ᠎ᠲᠤ᠎ᠨᠢ ᠬᠦᠷᠴᠦ ᠰᠤᠷᠪᠤᠯᠵᠢᠯᠠᠬᠤ ᠠᠷᠭ᠎ᠠ ᠎ᠪᠠᠷ ᠲᠤᠰᠠᠯᠠᠮᠵᠢ ᠬᠦᠷᠳᠡᠭᠰᠡᠳ᠎ᠤᠨ ᠲᠤᠳᠤᠷᠠᠬᠢ ᠠᠮᠢᠳᠤᠷᠠᠯ ᠵᠶ᠋ᠠᠨ ᠥᠪᠡᠷ ᠵᠶ᠋ᠡᠨ ᠠᠷᠭ᠋ᠠᠴᠠᠭ᠋ᠠᠵᠤ ᠳᠡᠶ᠋ᠢᠯᠬᠦ ᠦᠭᠡᠢ ᠨᠠᠰᠤᠲᠠᠢ᠌ᠴᠤᠳ᠂ ᠨᠠᠰᠤᠨ᠎ᠳᠤ ᠥᠯᠥ ᠬᠦᠷᠦᠭᠰᠡᠳ᠂ ᠵᠡᠮᠳᠡᠭᠴᠦᠳ ᠵᠡᠷᠭᠡ᠎ᠳᠤ ᠴᠢᠬᠤᠯᠠ ᠪᠦᠬᠦᠢ ᠬᠦᠮᠦᠰ᠎ᠲᠤ ᠡᠷᠬᠢᠵᠤ ᠦᠵᠡᠬᠦ᠂ ᠬᠠᠷᠠᠭ᠋ᠠᠯᠵᠠᠬᠤ ᠦᠢ᠍ᠯᠡᠴᠢᠯᠡᠭᠡ ᠬᠠᠩᠭ᠋ᠠᠬᠤ ᠵᠢᠨ ᠬᠠᠮᠲᠤ ᠰᠡᠳᠬᠢᠴᠡ ᠵᠢᠨ ᠵᠢᠯᠣᠭᠣᠳᠤᠯᠭ᠎ᠠ᠂ ᠡᠬᠢ ᠪᠠᠶᠠᠯᠢᠭ᠎ᠤᠨ ᠬᠣᠯᠪᠣᠯᠳᠤᠯ᠂ ᠴᠢᠳᠠᠪᠤᠷᠢ ᠵᠢᠨ ᠳᠡᠭᠡᠭᠰᠢᠯᠡᠯᠲᠡ᠂ ᠨᠡᠢ᠌ᠭᠡᠮ᠎ᠤᠨ ᠠᠭᠤᠰᠤᠯᠴᠠᠯ ᠵᠡᠷᠭᠡ ᠦᠢ᠍ᠯᠡᠴᠢᠯᠡᠭᠡ ᠬᠠᠩᠭ᠋ᠠᠵᠤ᠂ 《ᠪᠣᠳᠠᠰ + ᠦᠢ᠍ᠯᠡᠴᠢᠯᠡᠭᠡ》 ᠵᠢᠨ ᠲᠤᠰᠠᠯᠠᠮᠵᠢ ᠵᠢᠨ ᠠᠷᠭ᠎ᠠ ᠵᠢ ᠠᠬᠢᠭᠤᠯᠪᠠ᠃  ᠦᠨᠤ ᠵᠢᠯ 6300 ᠭᠠᠷᠤᠢ ᠶᠠᠳᠠᠭᠤ ᠬᠦᠴᠢᠷᠳᠡᠯᠲᠡᠢ ᠤᠯᠠᠨ ᠲᠦᠮᠡᠨ᠎ᠤ᠎ᠳᠤ ᠰᠤᠷᠪᠤᠯᠵᠢᠯᠠᠵᠤ᠂ 1273 ᠬᠥᠮᠥᠨ᠎ᠢ ᠴᠠᠭ ᠲᠤᠬᠠᠢ᠎ᠳᠤ᠎ᠨᠢ ᠲᠤᠰᠠᠯᠠᠭ᠋ᠠᠳ ᠲᠦᠮᠡ ᠭᠠᠷᠤᠢ ᠤᠳᠠᠭ᠎ᠠ᠎ᠳᠤ ᠦᠢ᠍ᠯᠡᠴᠢᠯᠡᠭᠡ ᠬᠠᠩᠭ᠋ᠠᠪᠠ᠃

ᠨᠠᠰᠤᠵᠢᠯ᠎ᠤᠨ ᠦᠢ᠍ᠯᠡᠴᠢᠯᠡᠭᠡ

   ᠲᠦᠩᠯᠢᠶᠣᠣ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠡᠮᠴᠢᠯᠡᠭᠡ ᠰᠤᠪᠢᠯᠠᠯᠲᠠ ᠵᠢ ᠤᠶᠠᠯᠳᠤᠭᠤᠯᠤᠭᠰᠠᠨ ᠣᠯᠠᠨ ᠳᠠᠪᠬᠤᠷᠭ᠎ᠠ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠢ᠌ᠭᠤᠯᠤᠯᠲᠠ ᠵᠢ ᠭᠦᠨᠵᠡᠭᠡᠢ᠌ᠷᠡᠭᠦᠯᠬᠦ ᠵᠢᠨ ᠲᠥᠯᠥᠭᠡ ᠵᠠᠰᠠᠭ᠎ᠤᠨ ᠣᠷᠳᠣᠨ ᠵᠶ᠋ᠠᠷ ᠭᠣᠣᠯᠯᠠᠭᠤᠯᠤᠭᠰᠠᠨ᠂ ᠰᠠᠯᠠᠭ᠎ᠠ ᠮᠥᠴᠢᠷ ᠬᠠᠮᠵᠢᠯᠴᠠᠭᠰᠠᠨ᠂ ᠨᠡᠢ᠌ᠭᠡᠮ ᠨᠡᠶ᠋ᠢᠲᠡ᠎ᠪᠠᠷ ᠵᠶ᠋ᠡᠨ ᠣᠷᠣᠯᠴᠠᠭᠰᠠᠨ ᠡᠮᠴᠢᠯᠡᠬᠡ ᠪᠠ ᠰᠤᠪᠢᠯᠠᠯᠳᠠ ᠵᠢ ᠤᠶᠠᠯᠳᠤᠭᠤᠯᠤᠭᠰᠠᠨ ᠠᠵᠢᠯ᠎ᠤᠨ ᠪᠠᠢ᠌ᠷᠢᠰᠢᠯ᠎ᠢ ᠪᠣᠶ ᠪᠣᠯᠭ᠋ᠠᠵᠤ ᠲᠤᠰᠬᠠᠢ ᠮᠡᠷᠭᠡᠵᠢᠯ᠎ᠤᠨ ᠡᠮᠴᠢᠯᠡᠭᠡᠨ᠎ᠤ ᠮᠡᠷᠭᠡᠵᠢᠯ᠎ᠤᠨ ᠪᠠᠢ᠌ᠴᠠᠭ᠋ᠠᠯᠲᠠ ᠪᠠ ᠲᠡᠷᠢᠭᠦᠨ᠎ᠤ ᠲᠥᠬᠦᠭᠡᠷᠦᠮᠵᠢ ᠵᠢ ᠡᠷᠡᠭᠦᠯᠵᠢᠭᠦᠯᠬᠦ ᠪᠣᠯᠪᠠᠰᠤᠷᠠᠯ᠂ ᠠᠮᠢᠳᠤᠷᠠᠯ ᠨᠠᠰᠤᠵᠢᠯ᠎ᠤᠨ ᠠᠰᠠᠷᠠᠮᠵᠢ ᠵᠡᠷᠭᠡ᠎ᠯᠦᠭᠡ ᠬᠠᠷᠢᠯᠴᠠᠨ ᠠᠭᠤᠰᠤᠯᠴᠠᠭᠤᠯᠬᠤ᠎ᠪᠠᠷ ᠳᠠᠮᠵᠢᠭᠤᠯᠤᠨ ᠡᠮᠴᠢᠯᠡᠭᠡ᠎ᠪᠠᠷ ᠪᠠᠲᠤᠯᠠᠭ᠎ᠠ ᠪᠣᠯᠭ᠋ᠠᠵᠤ ᠡᠷᠡᠭᠦᠯᠵᠢᠭᠦᠯᠬᠦ᠎ᠪᠠᠷ ᠲᠤᠯᠭ᠋ᠠᠭᠤᠷᠢᠯᠠᠯ ᠪᠣᠯᠭ᠋ᠠᠨ ᠡᠮᠴᠢᠯᠡᠬᠦ ᠵᠢᠨ ᠳᠠᠭ᠋ᠠᠤ ᠰᠤᠪᠢᠯᠠᠵᠤ᠂ ᠶᠡᠷᠦᠩᠬᠡᠢ᠌ᠯᠡᠨ ᠵᠠᠰᠠᠵᠤ᠂ ᠨᠠᠰᠤᠲᠠᠢ᠌ᠴᠤᠳ᠎ᠤᠨ ᠥᠲᠡᠯᠦᠭᠡ ᠨᠠᠰᠤᠨ᠎ᠤ ᠡᠷᠡᠭᠦᠯ ᠮᠡᠨᠳᠦ ᠵᠢ ᠨᠠᠩ ᠰᠠᠢ᠌ᠲᠤᠷ ᠪᠠᠳᠤᠯᠠᠵᠤ ᠪᠠᠢ᠌ᠨ᠎ᠠ᠃ ᠣᠲᠣ ᠪᠣᠯᠲᠠᠯ᠎ᠠ ᠪᠥᠬᠥ ᠬᠣᠲᠠ ᠵᠢᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠡᠮᠴᠢᠯᠡᠭᠡ ᠰᠤᠪᠢᠯᠠᠯᠲᠠ ᠵᠢ ᠤᠶᠠᠯᠳᠤᠭᠤᠯᠤᠭᠰᠠᠨ ᠪᠦᠷᠬᠦᠴᠡ ᠵᠢᠨ ᠨᠣᠷᠮ᠎ᠠ 100%᠎ᠳᠤ ᠬᠦᠷᠴᠦ ᠰᠤᠪᠢᠯᠠᠯᠲᠠ ᠵᠢᠨ ᠬᠡᠯᠪᠡᠷᠢ ᠵᠢᠨ ᠡᠪᠡᠳᠴᠢᠲᠡᠨ᠎ᠤ ᠣᠷᠣ ᠵᠢᠨ ᠡᠵᠡᠯᠡᠬᠦ ᠬᠠᠷᠢᠴᠠᠯ 70.88 ᠪᠤᠯᠤᠯ᠎ᠠ᠃





         

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ10.17
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ10.18
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ10.21
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 10.22
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ᠎ᠬᠢᠨ ᠨᠡᠭᠦᠳᠡᠯ ᠬᠡᠦᠬᠡᠳ ᠪᠠ ᠭᠡᠷ᠎ᠲᠤ᠎ᠪᠠᠨ ᠬᠣᠴᠣᠷᠤᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠢ ᠠᠬᠢᠭᠤᠯᠬᠤ ᠬᠤᠷᠠᠯ ᠪᠠ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠡᠭᠦᠳᠡᠯ ᠬᠡᠦᠬᠡᠳ ᠪᠠ ᠭᠡᠷ᠎ᠲᠤ᠎ᠪᠠᠨ ᠬᠣᠴᠣᠷᠤᠭᠰᠠᠨ ᠬᠡᠦᠬᠡᠳ᠎ᠤᠨ ᠡᠷᠬᠡ ᠠᠰᠢᠭ᠎ᠢ ᠪᠠᠲᠤᠯᠠᠬᠤ ᠠᠵᠢᠯ᠎ᠤᠨ ᠳᠤᠭᠤᠢ᠌ᠯᠠᠩ᠎ᠤᠨ ᠬᠤᠷᠠᠯ ᠬᠤᠷᠠᠯᠳᠤᠭᠤᠯᠪᠠ
 
            