ᠠᠷᠠᠳ᠎ᠤᠨ ᠶᠠᠪᠤᠳᠠᠯ᠎ᠤᠨ ᠶᠠᠮᠤᠨ
ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ ᠪᠦᠬᠦ ᠤᠯᠤᠰ᠎ᠤᠨ ᠠᠷᠠᠳ᠎ᠤᠨ ᠶᠠᠪᠤᠳᠠᠯ᠎ᠤᠨ ᠬᠠᠤᠯᠢ ᠬᠡᠷᠡᠭᠵᠢᠭᠦᠯᠬᠦ ᠠᠵᠢᠯ᠎ᠤᠨ ᠪᠣᠯᠪᠠᠰᠤᠷᠠᠯ ᠡᠷᠬᠢᠯᠡᠪᠡ᠃ ᠪᠣᠯᠪᠠᠰᠤᠷᠠᠯ ᠲᠡᠭᠡᠷ᠎ᠡ ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠪᠠᠷ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ᠎ᠪᠠᠷ ᠬᠥᠳᠡᠯᠭᠡᠭᠴᠢ ᠬᠦᠴᠦᠨ ᠪᠣᠯᠭ᠋ᠠᠵᠤ ᠠᠷᠠᠳ᠎ᠤᠨ ᠶᠠᠪᠤᠳᠠᠯ᠎ᠤᠨ ᠬᠠᠤᠯᠢ ᠬᠡᠷᠡᠭᠵᠢᠭᠦᠯᠬᠦ ᠶᠠᠰᠤ ᠴᠢᠨᠰᠠᠭ᠎ᠠ ᠪᠣᠯᠤᠨ ᠴᠢᠳᠠᠮᠵᠢ ᠵᠢᠨ ᠬᠠᠷᠠᠯᠲᠠ᠎ᠲᠠᠢ ᠨᠢᠭᠲᠠ ᠤᠶᠠᠯᠳᠤᠭᠤᠯᠤᠨ᠂ ᠨᠡᠬᠡᠭᠡᠯᠲᠡ᠎ᠲᠠᠢ ᠤᠷᠤᠭᠰᠢᠯᠠᠵᠤ ᠪᠣᠭᠣᠮᠲᠠ ᠰᠢᠪᠲᠤᠯᠤᠨ ᠬᠦᠴᠢᠷ᠎ᠢ ᠳᠠᠪᠠᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠤᠭ᠎ᠠ ᠦᠢ᠍ᠯᠡᠰ᠎ᠢ ᠠᠬᠢᠭᠤᠯᠬᠤ᠎ᠳᠤ ᠨᠠᠩ ᠶᠡᠬᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
ᠨᠡᠢ᠌ᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ
ᠬᠥᠯᠥᠨ ᠪᠣᠶ᠋ᠢᠷ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠠᠵᠢᠯ ᠲᠥᠷᠥᠯ᠎ᠤᠨ ᠨᠡᠶ᠋ᠢᠭᠡᠮᠯᠢᠭ ᠬᠤᠳᠠᠯᠳᠤᠭ᠋ᠠᠴᠢᠳ᠎ᠤᠨ ᠡᠪᠯᠡᠯ᠎ᠤᠨ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠬᠤ ᠵᠢ ᠵᠠᠰᠠᠬᠤ ᠠᠵᠢᠯ᠎ᠢ ᠦᠷᠭᠦᠯᠵᠢᠯᠡᠨ ᠴᠢᠩᠭ᠋ᠠᠳᠬᠠᠵᠤ᠂ ᠠᠵᠢᠯ ᠲᠥᠷᠥᠯ᠎ᠤᠨ ᠨᠡᠶ᠋ᠢᠭᠡᠮᠯᠢᠭ ᠬᠤᠳᠠᠯᠳᠤᠭ᠋ᠠᠴᠢᠳ᠎ᠤᠨ ᠡᠪᠯᠡᠯ᠎ᠤᠨ ᠪᠤᠳᠠᠲᠤ ᠠᠵᠤ ᠠᠬᠤᠶ᠎ᠳᠤ ᠨᠠᠩ ᠰᠠᠶ᠋ᠢᠨ ᠦᠢ᠍ᠯᠡᠴᠢᠯᠡᠬᠦ ᠵᠢ ᠵᠢᠯᠤᠭᠤᠳᠤᠨ ᠳᠠᠭ᠋ᠠᠭᠤᠯᠵᠤ ᠠᠵᠢᠯ ᠲᠥᠷᠥᠯ᠎ᠤᠨ ᠨᠡᠶ᠋ᠢᠭᠡᠮᠯᠢᠭ ᠬᠤᠳᠠᠯᠳᠤᠭ᠋ᠠᠴᠢᠳ᠎ᠤᠨ ᠡᠪᠯᠡᠯ ᠵᠢᠯᠣᠭᠣᠳᠴᠤ ᠪᠠᠢ᠌ᠭ᠋ᠠᠳ ᠨᠡᠢ᠌ᠭᠡᠮᠯᠢᠭ᠎ᠤᠨ ᠭᠡᠰᠢᠭᠦᠨ ᠨᠢᠬᠡᠴᠢ ᠵᠢᠨ ᠨᠡᠶ᠋ᠢᠭᠡᠮᠯᠢᠭ᠎ᠤᠨ ᠰᠦᠢ᠍ᠳᠬᠡᠯ ᠬᠤᠷᠢᠶᠠᠬᠤ ᠵᠢ ᠬᠠᠰᠤᠵᠤ ᠠᠰᠢᠭ ᠣᠯᠭᠣᠬᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ 2024 ᠣᠨ᠎ᠳᠤ ᠬᠤᠷᠠᠯ᠎ᠤᠨ ᠰᠦᠢ᠍ᠳᠬᠡᠯ᠎ᠢ 22 .55 ᠲᠦᠮᠡᠨ ᠲᠥᠭᠥᠷᠢᠭ ᠬᠡᠯᠲᠦᠷᠢᠭᠦᠯᠪᠡ᠃
ᠨᠠᠰᠤᠲᠠᠨ᠎ᠤ ᠠᠰᠠᠷᠠᠮᠵᠢ ᠵᠢᠨ ᠦᠢ᠍ᠯᠡᠴᠢᠯᠡᠭᠡ
ᠪᠤᠭᠤᠲᠤ ᠬᠤᠲᠠ ᠵᠢᠨ ᠡᠷᠡᠭᠦᠯᠵᠢᠯ ᠤᠨ ᠲᠤᠰᠠᠯᠠᠬᠤ ᠪᠠᠭ᠋ᠠᠵᠢ ᠵᠢᠨ ᠵᠢᠱ᠌ᠢᠶ᠎ᠡ ᠦᠵᠡᠭᠦᠯᠬᠦ ᠦᠢ᠍ᠯᠡᠴᠢᠯᠡᠭᠡᠨ᠎ᠤ ᠲᠥᠪ ᠤᠨ᠎ᠬᠢᠨ ᠤᠷᠴᠢᠮ᠎ᠳᠤ ᠵᠢᠩᠬᠢᠨᠢ᠎ᠪᠠᠷ ᠠᠵᠢᠯ ᠵᠶ᠋ᠠᠨ ᠡᠬᠢᠯᠡᠪᠡ ᠃ ᠪᠤᠭᠤᠳᠤ ᠬᠣᠲᠠ ᠵᠢᠨ ᠡᠷᠦᠬᠡ ᠠᠮᠠ᠎ᠲᠠᠢ ᠨᠠᠰᠤᠲᠠᠶ᠋ᠢᠴᠤᠳ᠎ᠳᠤ ᠴᠢᠭᠯᠡᠭᠦᠯᠦᠨ ᠬᠦᠴᠢᠷᠳᠡᠯ᠎ᠤᠨ ᠬᠡᠮᠵᠢᠶ᠎ᠡ ᠨᠠᠰᠤ ᠵᠢᠯ ᠵᠡᠷᠭᠡ ᠵᠢ᠎ᠨᠢ ᠦᠨᠳᠦᠰᠦᠯᠡᠵᠦ ᠪᠠᠶ᠋ᠢᠭ᠋ᠠᠳ50%᠎ᠠᠴᠠ 20%᠎ᠤᠨ ᠬᠢᠮᠳᠠᠷᠠᠯᠲᠠᠢᠪᠠᠷ ᠬᠠᠷᠠᠭ᠋ᠠᠯᠵᠠᠯ ᠦᠵᠡᠬᠦᠯᠦᠭᠰᠡᠨᠤ ᠬᠠᠮᠲᠤ ᠬᠡᠷᠡᠭᠯᠡᠭᠴᠢᠳ ᠸᠸᠴᠡᠲ ᠵᠶ᠋ᠡᠷ 《ᠪᠤᠭᠤᠲᠤ ᠬᠣᠲᠠ ᠵᠢᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠵᠢᠱ᠌ᠢᠶ᠎ᠡ ᠦᠵᠡᠭᠦᠯᠬᠦ ᠦᠢ᠍ᠯᠡᠴᠢᠯᠡᠭᠡᠨ᠎ᠤ ᠲᠥᠪ 》᠎ᠢ ᠡᠷᠢᠨ ᠤᠯᠵᠤ᠂ ᠳᠦᠷᠢᠶᠡᠰᠦᠯᠡᠬᠦ ᠪᠠ ᠪᠤᠴᠠᠭ᠋ᠠᠬᠤ᠎ᠳᠤ ᠲᠦᠢ᠍ᠯ᠎ᠤᠨ ᠳᠦᠭᠦᠮ ᠲᠦᠳᠡ ᠦᠢ᠍ᠯᠡᠴᠢᠯᠡᠯᠦᠭᠡ ᠬᠡᠷᠡᠭᠴᠡᠭᠡ ᠵᠢ ᠬᠠᠩᠭ᠋ᠠᠪᠠ ᠃
ᠡᠨᠡ ᠵᠢᠯ ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠨᠢᠭᠡ ᠮᠦᠴᠨ ᠵᠢᠨ ᠲᠤᠳᠤᠷᠠᠬᠢ ᠭᠡᠷ᠎ᠲᠤ᠎ᠨᠢ ᠬᠦᠷᠴᠤ ᠠᠰᠠᠷᠠᠬᠤ ᠨᠡᠢ᠌ᠬᠡᠮ ᠲᠤᠭᠤᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢᠨ ᠪᠠᠶ᠋ᠢᠷᠢᠯᠠᠭᠤᠯᠤᠯᠲᠠ》 ᠶᠣᠰᠣᠭ᠋ᠠᠷ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠲᠤ ᠤᠤᠯ᠎ᠤᠨ ᠪᠠᠢ᠌ᠭ᠎ᠠ ᠨᠠᠰᠤᠲᠠᠨ᠎ᠤ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠂ ᠨᠡᠢ᠌ᠭᠡᠮ ᠲᠣᠭᠣᠷᠢᠭ ᠤᠨ ᠨᠠᠰᠤᠲᠠᠨ᠎ᠤ ᠦᠢ᠍ᠯᠡᠴᠢᠯᠡᠭᠡᠨ᠎ᠤ ᠥᠷᠲᠡᠭᠡ ᠵᠡᠷᠭᠡ ᠨᠡᠢ᠌ᠭᠡᠮ ᠲᠣᠭᠣᠷᠢᠭ ᠤᠨ ᠨᠠᠰᠤᠲᠠᠶ᠋ᠢᠴᠤᠳ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠳᠠᠮᠵᠢ ᠵᠢ ᠲᠡᠭᠦᠯᠳᠡᠷᠵᠢᠭᠦᠯᠵᠦ ᠬᠡᠷᠡᠭᠴᠡᠭᠡ ᠱᠠᠭ᠋ᠠᠷᠳᠠᠯᠭ᠎ᠠ᠎ᠲᠠᠢ ᠨᠠᠰᠤᠲᠠᠶ᠋ᠢᠴᠤᠳ᠎ᠲᠤ ᠬᠤᠭᠤᠯᠠ ᠢᠳᠡᠬᠦ᠂ ᠬᠣᠭᠣᠯᠠ ᠲᠣᠬᠢᠷᠠᠭᠤᠯᠬᠤ ᠪᠠ ᠬᠣᠭᠣᠯᠠ ᠬᠦᠷᠭᠡᠬᠦ ᠦᠢ᠍ᠯᠡᠴᠢᠯᠡᠭᠡ ᠵᠢ ᠴᠠᠭ ᠲᠤᠬᠠᠢᠳᠤᠨᠢ ᠬᠦᠷᠲᠡᠭᠡᠬᠦ ᠵᠢ ᠪᠠᠲᠤᠯᠠᠵᠤ᠂ ᠨᠠᠰᠤᠲᠠᠨ᠎ᠤ ᠬᠣᠭᠣᠯᠠᠨ ᠭᠡᠷ᠎ᠢ ᠰᠢᠨ᠎ᠡ᠎ᠪᠠᠷ183 ᠪᠠᠢ᠍ᠭᠤᠯᠵᠤ ᠨᠠᠰᠤᠲᠠᠨ᠎ᠤ ᠠᠰᠠᠷᠠᠮᠵᠢ ᠵᠢᠨ ᠦᠢ᠍ᠯᠡᠴᠢᠯᠡᠭᠡᠨ᠎ᠤ ᠲᠣᠣᠷ ᠢ ᠤᠯᠠᠮ ᠦᠷᠭᠡᠳᠬᠡᠪᠡ᠃
ᠬᠡᠦᠬᠡᠳ᠎ᠤᠨ ᠠᠰᠠᠷᠠᠮᠵᠢ
ᠪᠠᠶᠠᠨᠨᠠᠭᠤᠷ ᠬᠤᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠭᠰᠢᠨ ᠪᠠᠶ᠋ᠢᠴᠠᠭ᠋ᠠᠬᠤ ᠳᠤᠭᠤᠶ᠋ᠢᠯᠠᠩ᠎ᠤᠨ ᠪᠦᠬᠦ ᠬᠣᠲᠠ ᠵᠢᠨ 7 ᠬᠣᠰᠢᠭᠤ ᠰᠢᠶᠠᠨ ᠲᠣᠭᠣᠷᠢᠭ᠎ᠲᠤ ᠬᠦᠷᠴᠦ ᠬᠦᠴᠢᠷᠳᠡᠯ᠎ᠳᠤ ᠲᠤᠯᠭ᠋ᠠᠷᠠᠭ᠋ᠠᠳ ᠪᠠᠢ᠌ᠭ᠎ᠠ ᠬᠡᠦᠬᠡᠳ᠎ᠤᠨ ᠮᠡᠰᠡ ᠵᠠᠰᠠᠯ ᠤᠨ ᠰᠢᠭᠰᠢᠨ ᠪᠠᠢ᠌ᠴᠠᠭ᠋ᠠᠬᠤ ᠠᠵᠢᠯ᠎ᠢ ᠬᠠᠮᠵᠢᠯᠴᠠᠵᠤ ᠨᠥᠬᠥᠴᠡᠯ᠎ᠳᠤ ᠨᠡᠢ᠍ᠴᠡᠭᠰᠡᠨ 2992 ᠬᠡᠦᠬᠡᠳ᠎ᠢ ᠪᠠᠢ᠌ᠴᠠᠭ᠋ᠠᠬᠰᠠᠨ᠎ᠤ ᠲᠤᠳᠤᠷ᠎ᠠ ᠮᠡᠰᠡ ᠵᠠᠰᠠᠯ ᠤᠨ ᠨᠥᠬᠥᠴᠡᠯ᠎ᠳᠤ ᠨᠡᠢ᠍ᠴᠡᠭᠰᠡᠨ 10 ᠬᠡᠦᠬᠡᠳ ᠪᠠᠢ᠌ᠬᠤ ᠪᠦᠬᠡᠳ ᠬᠣᠶᠠᠷ ᠬᠡᠦᠬᠡᠳ᠎ᠲᠤ ᠮᠡᠰᠡ ᠵᠠᠰᠠᠯ ᠬᠢᠬᠡᠳ ᠪᠠᠢ᠌ᠨ᠎ᠠ᠃