《ᠪᠢᠳᠡ ᠬᠠᠶ᠋ᠢᠷ᠎ᠠ ᠪᠠᠨ ᠬᠠᠨᠳᠢᠪᠯᠠᠵᠤ ᠪᠠᠶ᠋ᠢᠭ᠎ᠠ᠎ᠨᠢ ᠥᠪᠡᠷᠮᠢᠴᠡ ᠣᠨᠴᠠᠯᠢᠭ᠎ᠲᠠᠢ ᠬᠡᠤᠬᠡᠳ᠎ᠢ ᠬᠦᠮᠤᠵᠢᠬᠦᠯᠬᠦ ᠵᠢᠨ ᠲᠥᠯᠥᠭᠡ ᠶᠤᠮ》᠃ ᠪᠠᠶᠠᠨᠨᠠᠭᠤᠷ ᠬᠤᠲᠠ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ᠎ᠬᠢᠨ ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠮᠵᠢ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ 《ᠬᠡᠦᠬᠡᠳ᠎ᠤᠨ ᠠᠰᠢᠭ ᠲᠤᠰᠠ ᠵᠢ ᠬᠠᠮᠤᠭ᠎ᠤᠨ ᠶᠡᠬᠡ ᠪᠣᠯᠭ᠋ᠠᠬᠤ》᠎ᠪᠠᠷ ᠵᠠᠷᠴᠢᠮ ᠪᠣᠯᠭ᠋ᠠᠵᠤ ᠶᠠᠰᠤ ᠴᠢᠨᠠᠷ᠎ᠢ ᠰᠢᠯᠢᠳᠡᠭᠵᠢᠬᠦᠯᠬᠦ᠂ ᠰᠢᠨ᠎ᠡ ᠵᠢ ᠡᠭᠦᠳᠴᠦ ᠬᠡᠯᠪᠡᠷᠢ ᠪᠠᠨ ᠬᠤᠪᠢᠷᠠᠭᠤᠯᠬᠤ᠎ᠪᠠᠷ ᠪᠠᠷᠢᠴᠨ ᠪᠣᠯᠭ᠋ᠠᠵᠤ ᠥᠨᠳᠥᠷ ᠱᠠᠭ᠋ᠠᠷᠳᠠᠯᠭ᠎ᠠ᠂ ᠤᠨᠤᠪᠴᠢᠳᠠᠢ ᠬᠠᠮᠢᠶᠠᠷᠤᠯᠳᠠ ᠂ ᠨᠠᠷᠢᠯᠢᠬ᠍ᠵᠢᠭᠤᠯᠤᠬᠰᠠᠠ ᠤᠢ᠍ᠢ᠍ᠯᠡᠴᠢᠯᠡᠬᠡ ᠪᠠᠷ ᠬᠡᠦᠬᠡᠳ᠎ᠤᠨ ᠠᠰᠠᠷᠠᠮᠵᠢ ᠵᠢᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠵᠤ ᠪᠠᠢ᠌ᠨ᠎ᠠ᠃
《ᠶᠠᠰᠤ ᠴᠢᠨᠠᠷ》᠎ᠤᠨ ᠲᠣᠭᠣᠷᠢᠨ᠎ᠳᠤ ᠬᠠᠮᠢᠶᠠᠷᠤᠯᠲᠠ᠎ᠪᠠᠨ ᠴᠢᠩᠭ᠋ᠠᠳᠬᠠᠵᠤ ᠡᠩᠨᠡᠭᠡᠨ᠎ᠤ ᠰᠠᠭᠤᠷᠢ ᠵᠢ ᠪᠠᠲᠤᠳᠬᠠᠪᠠ
ᠨᠡᠶ᠋ᠢᠭᠡᠮ᠎ᠤᠨ ᠠᠵᠢᠯᠲᠠᠨ᠎ᠤ ᠡᠩᠨᠡᠭᠡ ᠵᠢ ᠪᠠᠶ᠋ᠢᠭᠤᠯᠵᠤ᠂ 《 ᠪᠦᠭᠦᠳᠡᠭᠡᠷ ᠵᠶ᠋ᠡᠨ ᠨᠡᠶ᠋ᠢᠭᠡᠮ᠎ᠤᠨ ᠠᠵᠢᠯᠲᠠᠨ ᠪᠤᠯᠬᠤ》 ᠤᠢ᠌ᠯᠠᠭ᠋ᠠᠭᠳᠠᠬᠤᠨ᠎ᠢ ᠦᠢ᠍ᠯᠡᠳᠤᠯᠭᠡᠵᠢᠭᠥᠯᠥᠨ᠂ ᠥᠨᠥᠴᠢᠨ ᠵᠡᠮᠳᠡᠭ ᠬᠡᠤᠬᠡᠳ᠎ᠤᠨ ᠪᠣᠳᠠᠲᠠᠶ ᠬᠡᠷᠡᠭᠴᠡᠭᠡ ᠱᠠᠭ᠋ᠠᠷᠳᠠᠯᠭ᠎ᠠ᠎ᠪᠠᠷ ᠤᠳᠤᠷᠢᠳᠤᠮᠵᠢ ᠪᠣᠯᠭ᠋ᠠᠵᠤ 《ᠰᠤᠪᠢᠯᠠᠬᠤ᠂ ᠡᠮᠨᠡᠬᠦ᠂ ᠡᠷᠡᠭᠦᠯᠵᠢᠭᠦᠯᠬᠦ᠂ ᠰᠤᠷᠭ᠋ᠠᠨ ᠬᠥᠮᠦᠵᠢᠭᠦᠯᠬᠦ᠂ ᠲᠥᠪᠬᠢᠨᠡᠭᠦᠯᠬᠦ》 ᠪᠠ ᠨᠡᠶ᠋ᠢᠭᠡᠮ᠎ᠤᠨ ᠠᠵᠢᠯ᠎ᠢ ᠨᠢᠭᠡ ᠴᠤᠭᠴᠠᠵᠢᠭᠤᠯᠤᠨ ᠬᠥᠭᠵᠢᠭᠦᠯᠬᠦ ᠵᠢ ᠠᠬᠢᠭᠤᠯᠪᠠ᠃ 2024 ᠣᠨ᠎ᠤ ᠰᠤᠪᠢᠯᠠᠬᠤ ᠵᠢᠨ ᠪᠣᠯᠪᠠᠰᠤᠷᠠᠯ᠎ᠤᠨ ᠲᠥᠯᠥᠪᠯᠡᠭᠡ ᠲᠣᠭᠲᠠᠭ᠋ᠠᠵᠤ᠂ 《ᠣᠨᠣᠯ + ᠪᠣᠳᠠᠲᠤ ᠪᠣᠯᠪᠠᠰᠤᠷᠠᠯ᠎ᠤᠨ ᠰᠢᠯᠭ᠋ᠠᠯᠲᠠ》 ᠬᠢᠬᠥ ᠵᠢ ᠥᠷᠨᠢᠭᠦᠯᠦᠨ᠂ ᠤᠷᠤᠯᠳᠤᠭ᠋ᠠᠨ ᠵᠶ᠋ᠠᠷ ᠰᠤᠷᠤᠯᠴᠠᠯᠭ᠎ᠠ ᠵᠢ ᠠᠬᠢᠭᠤᠯᠬᠤ ᠪᠠ ᠦᠷᠭᠡᠨ ᠮᠡᠳᠡᠯᠭᠡ ᠦᠨᠳᠤᠷ ᠮᠡᠷᠭᠡᠵᠢᠯ ᠵᠶ᠋ᠡᠷ ᠠᠵᠢᠯᠲᠠᠨ ᠠᠵᠢᠯᠴᠢᠨ᠎ᠤ ᠰᠤᠪᠢᠯᠠᠬᠤ ᠮᠡᠷᠭᠡᠵᠢᠯ ᠴᠢᠳᠠᠪᠤᠷᠢ ᠵᠢ ᠳᠡᠭᠡᠭᠰᠢᠯᠡᠭᠥᠯᠪᠡ᠃ ᠬᠡᠤᠬᠡᠳ᠎ᠤᠨ ᠠᠵᠢᠯ᠎ᠤᠨ ᠲᠠᠩᠰᠠ ᠡᠪᠬᠡᠮᠡᠯ᠎ᠤᠨ ᠪᠠᠶ᠋ᠢᠭᠤᠯᠤᠯᠲᠠ ᠵᠢ ᠤᠳᠤᠷᠢᠳᠬᠤ ᠳᠤᠭᠤᠶ᠋ᠢᠯᠠᠩ᠎ᠢ ᠪᠠᠶ᠋ᠢᠭᠤᠯᠵᠤ᠂ ᠬᠦᠨᠳᠡᠯᠡᠨ᠎ᠤ ᠡᠲᠡᠭᠡᠳ᠎ᠢ ᠲᠠᠲᠠᠨ ᠤᠷᠤᠭᠤᠯᠵᠤ᠂ 《ᠨᠢᠭᠡ ᠬᠥᠮᠦᠨ᠎ᠳᠤ ᠨᠢᠭᠡ ᠲᠠᠩᠰᠠ ᠡᠪᠬᠡᠮᠡᠯ ᠲᠠᠢ᠂ ᠬᠥᠳᠡᠯᠦᠩᠭᠦᠶ᠎ᠪᠠᠷ ᠬᠠᠮᠢᠶᠠᠷᠬᠤ᠂ ᠲᠠᠩᠰᠠ ᠡᠪᠬᠡᠮᠡᠯ ᠤᠨ ᠨᠢᠭᠤᠴᠠ ᠵᠢ ᠬᠠᠮᠠᠭ᠋ᠠᠯᠠᠬᠤ》 ᠵᠠᠷᠴᠢᠮ᠎ᠢ ᠵᠢᠷᠤᠮᠯᠠᠨ᠂ ᠬᠡᠤᠬᠡᠳ᠎ᠤᠨ 203 ᠳᠡᠪᠲᠡᠷ ᠲᠠᠩᠰᠠ ᠡᠪᠬᠡᠮᠡᠯ᠎ᠢ ᠪᠦᠬᠦᠨ᠎ᠢ ᠡᠮᠬᠢᠯᠡᠨ ᠳᠠᠩᠰᠠᠯᠠᠬᠤ ᠵᠢᠨ ᠬᠠᠮᠲᠤ ᠰᠢᠷᠪᠢᠵᠤ᠂ ᠬᠠᠮᠢᠶ᠎ᠠ ᠪᠥᠬᠥᠶ ᠲᠥᠬᠥᠭᠡᠷᠦᠮᠵᠢ ᠵᠢ ᠬᠤᠳᠠᠯᠳᠤᠨ ᠠᠪᠴᠤ ᠬᠡᠤᠬᠡᠳ᠎ᠤᠨ ᠠᠰᠠᠷᠠᠮᠵᠢ ᠵᠢᠨ ᠬᠥᠷᠢᠶᠡᠯᠡᠩ᠎ᠤᠨ ᠲᠤᠬᠠᠶ᠋ᠢᠯᠠᠭᠰᠠᠨ ᠠᠵᠢᠯ᠎ᠤᠨ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠲᠦᠪᠰᠢᠨ ᠢ ᠳᠡᠭᠡᠭᠰᠢᠯᠡᠭᠦᠯᠪᠡ᠃ 《ᠭᠠᠷᠬᠤ᠂ ᠤᠷᠢᠬᠤ》 ᠠᠷᠭ᠎ᠠ᠎ᠪᠠᠷ ᠲᠤᠬᠠᠶ᠋ᠢᠯᠠᠭᠰᠠᠨ ᠠᠵᠢᠯ᠎ᠤᠨ ᠭᠣᠤᠯᠯᠠᠭᠴᠢ ᠬᠦᠴᠦᠨ᠎ᠢ 84 ᠤᠳᠠᠭ᠎ᠠ ᠵᠣᠬᠢᠶᠠᠨ ᠪᠠᠶ᠋ᠢᠭᠤᠯᠤᠨ ᠰᠤᠪᠢᠯᠠᠬᠤ ᠮᠡᠷᠭᠡᠵᠢᠯ᠂ ᠲᠠᠩᠰᠠ ᠡᠪᠬᠡᠮᠡᠯ᠎ᠤᠨ ᠬᠠᠮᠢᠶᠠᠷᠤᠯᠲᠠ᠂ ᠨᠡᠶ᠋ᠢᠭᠡᠮ᠎ᠤᠨ ᠠᠵᠢᠯ᠂ ᠮᠤᠨᠲᠸᠰᠤᠷᠢ ᠵᠢᠨ ᠵᠢᠭ᠋ᠠᠨ ᠰᠤᠷᠭ᠋ᠠᠯᠲᠠ ᠵᠡᠷᠭᠡ ᠲᠠᠯ᠎ᠠ ᠵᠢᠨ ᠪᠣᠯᠪᠠᠰᠤᠷᠠᠯ᠎ᠢ ᠥᠷᠨᠢᠭᠦᠯᠪᠡ᠃ ᠣᠳᠣᠬᠠᠨ᠎ᠳᠤ ᠺᠠᠳ᠋ᠷ ᠠᠵᠢᠯᠳᠠᠳ᠎ᠤᠨ ᠳᠣᠲᠣᠷ᠎ᠠ ᠨᠡᠶ᠋ᠢᠭᠡᠮ᠎ᠤᠨ ᠠᠵᠢᠯᠲᠠᠨ᠎ᠤ ᠳᠤᠮᠳᠠ ᠵᠡᠷᠭᠡ ᠵᠢᠨ ᠦᠨᠡᠮᠯᠡᠯ᠎ᠲᠠᠢ᠎ᠨᠢ 2᠂ ᠠᠩᠬ᠎ᠠ ᠵᠡᠷᠭᠡ ᠵᠢᠨ ᠦᠨᠡᠮᠯᠡᠯ᠎ᠲᠠᠢ᠎ᠨᠢ 4᠂ ᠰᠤᠪᠢᠯᠠᠭᠴᠢ ᠵᠢᠨ ᠦᠨᠡᠮᠯᠡᠯ᠎ᠲᠠᠢ᠎ᠨᠢ 6᠂ ᠰᠤᠪᠢᠯᠠᠭᠴᠢ ᠵᠢᠨ ᠦᠨᠡᠮᠯᠡᠯ᠎ᠲᠠᠢ᠎ᠨᠢ 3᠂ ᠥᠨᠥᠴᠢᠨ ᠵᠡᠮᠳᠡᠭ ᠬᠡᠦᠬᠡᠳ᠎ᠤᠨ ᠰᠤᠪᠢᠯᠠᠭᠴᠢ ᠵᠢᠨ ᠦᠨᠡᠮᠯᠡᠯ᠎ᠲᠠᠢ᠎ᠨᠢ 12 ᠬᠥᠮᠥᠨ ᠪᠠᠶ᠋ᠢᠨ᠎ᠠ᠃
《ᠰᠢᠯᠢᠳᠡᠭ》᠎ᠤᠨ ᠲᠣᠭᠣᠷᠢᠨ᠎ᠳᠤ ᠣᠷᠴᠢᠨ ᠲᠣᠭᠣᠷᠢᠨ᠎ᠢ ᠰᠢᠯᠢᠳᠡᠭᠵᠢᠭᠥᠯᠵᠦ ᠲᠥᠬᠥᠭᠡᠷᠦᠮᠵᠢ ᠵᠢᠨ ᠴᠢᠳᠠᠮᠵᠢ ᠵᠢ ᠲᠡᠭᠡᠭᠰᠢᠯᠡᠬᠦᠯᠪᠡ
ᠪᠠᠶᠠᠨᠨᠠᠭᠤᠷ ᠬᠣᠲᠠ ᠵᠢᠨ ᠬᠡᠤᠬᠡᠳ᠎ᠤᠨ ᠠᠰᠠᠷᠠᠮᠵᠢ ᠵᠢᠨ ᠬᠦᠷᠢᠶᠡᠯᠡᠩ᠎ᠨᠢ ᠬᠣᠲᠠ ᠵᠢᠨ ᠭᠣᠤᠯᠳᠠᠯᠭ᠎ᠠ᠎ᠲᠠᠢ ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠢ ᠢᠳᠡᠪᠬᠢᠲᠡᠶ ᠨᠠᠶ᠋ᠢᠳᠠᠪᠤᠷᠢᠵᠢᠭᠤᠯᠵᠤ᠂ ᠠᠰᠠᠷ᠎ᠤᠨ ᠳᠣᠲᠣᠷᠠᠬᠢ ᠵᠢ ᠰᠢᠨ᠎ᠡ᠎ᠪᠠᠷ ᠵᠠᠰᠠᠵᠤ ᠴᠢᠮᠡᠨ ᠥᠷᠭᠡᠳᠬᠡᠨ ᠪᠠᠢ᠌ᠭᠤᠯᠵᠠᠢ᠂ ᠰᠢᠨ᠎ᠡ ᠬᠦᠷᠢᠶᠡᠯᠡᠩ᠎ᠤᠨ ᠲᠠᠯᠠᠪᠠᠶ᠎ᠨᠢ 18000 ᠺᠦᠸᠠᠳ᠋ ᠮᠧᠲᠷ᠂ ᠪᠠᠷᠢᠯᠭ᠎ᠠ ᠵᠢᠨ ᠲᠠᠯᠠᠪᠠᠶ᠎ᠨᠢ 3862 ᠺᠦᠸᠠᠳ᠋ ᠮᠧᠲᠷ ᠂ 100 ᠤᠷᠦ᠎ᠲᠠᠢ᠂ 880 ᠲᠦᠮᠡᠨ ᠲᠥᠭᠥᠷᠢᠭ ᠪᠠᠢ᠌ᠭᠤᠯᠤᠬᠰᠠᠨ ᠶᠤᠮ ᠃ ᠴᠢᠳᠠᠮᠵᠢᠲᠤ ᠲᠠᠰᠤᠭ᠎ᠢ 17 ᠪᠠᠶ᠋ᠢᠭᠤᠯᠵᠤ᠂ ᠲᠤᠰᠬᠠᠢ᠌ᠵᠢᠭᠰᠠᠨ ᠡᠷᠡᠭᠦᠯᠵᠢᠯ᠎ᠤᠨ ᠲᠥᠬᠥᠭᠡᠷᠦᠮᠵᠢ ᠵᠢ ᠢᠵᠢ ᠪᠥᠷᠢᠳᠦᠭᠦᠯᠦᠨ᠂ ᠬᠢᠴᠢᠶᠡᠯ᠎ᠤᠨ ᠡᠳ᠋ ᠬᠡᠷᠡᠭᠰᠡᠯ ᠤᠨ ᠲᠦᠷᠤᠯ ᠵᠤᠢ᠌ᠯ ᠤᠯᠠᠨ᠂ ᠣᠷᠴᠢᠨ ᠲᠣᠭᠣᠷᠢᠨ ᠨᠢ ᠬᠠᠯᠠᠭᠤᠨ ᠳᠤᠯᠠᠭ᠋ᠠᠨ ᠲᠤᠰᠬᠠᠶ ᠮᠡᠷᠭᠡᠵᠢᠯ᠎ᠤᠨ ᠮᠤᠨᠲᠸᠰᠤᠷᠢ ᠵᠢᠨ ᠬᠢᠴᠢᠶᠡᠯ᠎ᠤᠨ ᠬᠡᠷ᠎ᠢ ᠲᠤᠬᠢᠷᠠᠭᠤᠯᠪᠠ᠃ ᠬᠡᠷ᠎ᠤᠨ ᠭᠠᠳᠠᠨᠠᠬᠢ ᠬᠡᠤᠬᠡᠳ᠎ᠤᠨ ᠵᠤᠭ᠎ᠠ ᠴᠡᠩᠭᠡᠯ᠎ᠤᠨ ᠲᠣᠮᠣ ᠬᠡᠯᠪᠡᠷᠢ ᠵᠢᠨ ᠲᠥᠬᠥᠭᠡᠷᠦᠮᠵᠢ ᠵᠢ ᠨᠡᠮᠡᠭᠳᠡᠭᠦᠯᠬᠦ᠎ᠪᠠᠷ ᠳᠠᠮᠵᠢᠨ᠂ ᠬᠡᠤᠬᠡᠳ᠎ᠲᠤ ᠪᠡᠶ᠎ᠡ ᠮᠠᠬᠠᠪᠣᠳ ᠵᠶ᠋ᠠᠨ ᠴᠢᠭᠢᠷᠠᠭᠵᠢᠭᠤᠯᠬᠤ᠂ ᠪᠡᠶ᠎ᠡ ᠰᠡᠳᠬᠢᠯ ᠵᠶ᠋ᠠᠨ ᠲᠠᠢ᠌ᠳᠬᠤᠷᠠᠭᠤᠯᠬᠤ ᠬᠠᠯᠠᠮᠵᠢᠳᠤ ᠴᠡᠩᠭᠡᠯ᠎ᠤᠨ ᠬᠦᠷᠢᠶᠡᠯᠡᠩ᠎ᠢ ᠪᠠᠢ᠌ᠭᠤᠯᠪᠠ᠃ ᠠᠰᠠᠷᠠᠮᠵᠢ ᠵᠢᠨ ᠬᠦᠷᠢᠶᠡᠯᠡᠩ ᠳᠤ 《ᠳᠠᠭᠤᠷᠢᠶᠠᠮᠠᠯ ᠬᠡᠷ ᠪᠦᠯᠢ》 ᠭᠠᠷᠭ᠋ᠠᠵᠤ᠂ ᠬᠦᠷᠢᠶᠡᠯᠡᠩ᠎ᠤᠨ ᠬᠡᠤᠬᠡᠳ᠎ᠤᠨ ᠦᠢ᠍ᠯᠡᠴᠢᠯᠡᠭᠡᠨ᠎ᠤ ᠪᠥᠬᠥ ᠲᠠᠯ᠎ᠠ᠎ᠪᠠᠷ ᠲᠠᠰ ᠲᠡᠪᠰᠢᠬᠦᠯᠵᠡᠢ᠃ ᠪᠠᠶᠠᠨᠨᠠᠭᠤᠷ ᠬᠣᠲᠠ ᠵᠢᠨ ᠬᠡᠤᠬᠡᠳ᠎ᠤᠨ ᠠᠰᠠᠷᠠᠮᠵᠢ ᠵᠢᠨ ᠬᠦᠷᠢᠶᠡᠯᠡᠩ 2021 ᠣᠨ᠎ᠳᠤ ᠬᠣᠲᠠ ᠵᠢᠨ ᠥᠨᠥᠴᠢᠨ ᠵᠡᠮᠳᠡᠭ ᠬᠡᠤᠬᠡᠳ᠎ᠤᠨ ᠤᠨᠴᠠᠭ᠋ᠠᠢ ᠰᠤᠷᠭ᠋ᠠᠨ ᠬᠥᠮᠦᠵᠢᠯ᠎ᠤᠨ ᠲᠥᠪ᠎ᠤᠨ ᠫᠠᠶ᠋ᠢᠰᠠ ᠵᠢ ᠨᠡᠮᠡᠵᠦ ᠡᠯᠭᠦᠨ᠂ 2022 ᠣᠨ᠎ᠳᠤ ᠬᠣᠲᠠ ᠵᠢᠨ ᠣᠶᠤᠨ᠎ᠤ ᠵᠡᠮᠳᠡᠭ ᠬᠡᠤᠬᠡᠳ᠎ᠤᠨ ᠴᠡᠭ ᠲᠣᠭᠲᠠᠭ᠋ᠠᠨ ᠡᠷᠡᠭᠦᠯᠵᠢᠭᠦᠯᠬᠦ ᠦᠢ᠍ᠯᠡᠴᠢᠯᠡᠭᠡᠨ᠎ᠤ ᠪᠠᠶ᠋ᠢᠭᠤᠯᠤᠮᠵᠢ᠎ᠳᠤ ᠠᠮᠵᠢᠯᠲᠠ᠎ᠲᠠᠢ᠎ᠪᠠᠷ ᠵᠢᠭᠰᠠᠭ᠋ᠠᠭᠳᠠᠵᠤ᠂ 2023 ᠣᠨ᠎ᠳᠤ ᠬᠡᠤᠬᠡᠳ᠎ᠤᠨ ᠤᠨᠴᠠᠭ᠋ᠠᠢ ᠰᠤᠷᠭ᠋ᠠᠨ ᠬᠥᠮᠦᠵᠢᠯ᠎ᠤᠨ ᠠᠩᠭᠢ ᠵᠢ ᠪᠠᠶ᠋ᠢᠭᠤᠯᠤᠨ᠂ ᠠᠰᠠᠷᠠᠮᠵᠢ ᠵᠢᠨ ᠬᠦᠷᠢᠶᠡᠯᠡᠩ ᠤᠨ ᠬᠡᠤᠬᠡᠳ᠎ᠤᠨ ᠡᠷᠡᠭᠦᠯᠵᠢᠯ ᠪᠠ ᠤᠨᠴᠠᠭ᠋ᠠᠢ ᠰᠤᠷᠭ᠋ᠠᠨ ᠬᠥᠮᠦᠵᠢᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠭᠰᠠᠨ ᠰᠠᠭᠤᠷᠢᠨ ᠳᠡᠭᠡᠷ᠎ᠡ᠂ ᠨᠡᠶ᠋ᠢᠭᠡᠮ ᠳᠡᠭᠡᠷᠡᠬᠢ ᠬᠡᠷᠡᠭᠴᠡᠭᠡ ᠱᠠᠭ᠋ᠠᠷᠳᠠᠯᠭ᠎ᠠ᠎ᠲᠠᠢ ᠬᠦᠴᠢᠷᠳᠡᠯ᠎ᠳᠤ ᠲᠤᠯᠭ᠋ᠠᠷᠠᠭᠰᠠᠨ ᠬᠡᠤᠬᠡᠳ᠎ᠲᠤ ᠣᠷᠣᠯᠠᠨ ᠠᠷᠠᠴᠢᠯᠠᠬᠤ᠂ ᠡᠷᠡᠭᠦᠯᠵᠢᠭᠦᠯᠦᠨ ᠲᠡᠳᠭᠦᠬᠦ ᠵᠡᠷᠭᠡ ᠦᠢ᠍ᠯᠡᠴᠢᠯᠡᠭᠡᠨ᠎ᠤ ᠠᠵᠢᠯ᠎ᠢ ᠰᠠᠶ᠋ᠢᠲᠤᠷ ᠬᠢᠪᠡ᠃
《ᠨᠠᠷᠢᠯᠢᠭ》᠎ᠤᠨ ᠲᠣᠭᠣᠷᠢᠨ᠎ᠳᠤ ᠦᠢ᠍ᠯᠡᠴᠢᠯᠡᠭᠡ ᠵᠢ ᠠᠬᠢᠭᠤᠯᠵᠤ ᠪᠤᠢ᠌ᠵᠢᠭᠤᠯᠬᠤ ᠡᠮᠨᠡᠬᠥ ᠬᠥᠮᠦᠵᠢᠭᠦᠯᠬᠦ ᠪᠠ ᠠᠶᠤᠯ ᠦᠬᠡᠢ ᠵᠢᠨ ᠠᠵᠢᠯ᠎ᠢ ᠴᠢᠡᠭᠭ᠋ᠠᠳᠬᠠᠪᠠ
ᠥᠪᠡᠷᠮᠢᠴᠡᠵᠢᠭᠦᠯᠦᠨ ᠦᠰᠬᠡᠬᠦ᠄ ᠠᠰᠠᠷᠠᠮᠵᠢ ᠵᠢᠨ ᠬᠦᠷᠢᠶᠡᠯᠡᠩ᠎ᠤᠨ ᠬᠡᠤᠬᠡᠳ᠎ᠤᠨ ᠨᠠᠰᠤᠨ᠎ᠤ ᠪᠦᠲᠦᠴᠡ᠂ ᠪᠡᠶ᠎ᠡ ᠮᠠᠬᠠᠪᠣᠳ᠎ᠤᠨ ᠪᠠᠶ᠋ᠢᠳᠠᠯ᠂ ᠪᠣᠶ᠋ᠢᠵᠢᠯᠲᠠ ᠵᠢᠨ ᠪᠠᠶ᠋ᠢᠳᠠᠯ ᠵᠡᠷᠭᠡ ᠣᠨᠴᠠᠯᠢᠭ᠎ᠢ ᠦᠨᠳᠦᠰᠦᠯᠡᠨ ᠣᠯᠠᠨ ᠠᠮᠢᠳᠤᠷᠠᠯ᠎ᠤᠨ ᠲᠣᠭᠣᠷᠢᠭ ᠬᠤᠪᠢᠶᠠᠵᠤ᠂ ᠠᠮᠢᠳᠤᠷᠠᠯ᠎ᠤᠨ ᠲᠣᠭᠣᠷᠢᠭ ᠪᠤᠯᠭ᠋ᠠᠨ᠎ᠳᠤ ᠬᠣᠨᠣᠵᠤ ᠬᠡᠪᠲᠡᠬᠦ᠂ ᠬᠣᠭᠣᠯᠠ ᠲᠣᠬᠢᠷᠠᠭᠤᠯᠬᠤ᠂ ᠬᠤᠪᠴᠠᠰᠤ ᠰᠣᠯᠢᠬᠤ᠂ ᠪᠡᠶ᠎ᠡ ᠤᠬᠢᠶᠠᠬᠤ ᠴᠢᠳᠠᠮᠵᠢ ᠲᠠᠢ᠂ ᠠᠰᠠᠷᠠᠭᠴᠢ ᠨᠢ 24 ᠴᠠᠭ ᠵᠶ᠋ᠠᠷ ᠬᠡᠤᠬᠡᠳ᠎ᠢ ᠠᠰᠠᠷᠠᠨ ᠬᠠᠷᠠᠭ᠋ᠠᠯᠵᠠᠵᠤ᠂ ᠲᠤᠭᠳᠠᠭᠰᠠᠨ ᠬᠤᠭᠤᠴᠠᠭ᠎ᠠ᠎ᠲᠠᠢ᠎ᠪᠠᠷ ᠤᠬᠢᠶᠠᠬᠤ᠂ ᠡᠷᠡᠭᠦᠯ ᠬᠠᠮᠠᠭ᠋ᠠᠯᠠᠯ᠎ᠤᠨ ᠰᠤᠪᠢᠯᠠᠯᠲᠠ᠂ ᠤᠨᠲᠠᠯᠭ᠎ᠠ ᠵᠢᠨ ᠬᠠᠷᠠᠭ᠋ᠠᠯᠵᠠᠯ ᠥᠷᠨᠢᠭᠦᠯᠵᠦ᠂ ᠥᠪᠡᠷᠮᠢᠴᠡᠵᠢᠭᠦᠯᠦᠨ ᠥᠰᠬᠡᠨ ᠪᠣᠶ᠋ᠢᠵᠢᠭᠤᠯᠬᠤ ᠵᠠᠭᠪᠤᠷ᠎ᠢ ᠪᠦᠷᠢᠯᠳᠤᠭᠥᠯᠪᠡ᠃ ᠣᠯᠠᠨ ᠳᠡᠰ ᠳᠠᠪᠬᠤᠷᠭ᠋ᠠᠳᠤ ᠡᠮᠴᠢᠯᠡᠭᠡ ᠄ ᠭᠤᠷᠪᠠᠳᠤᠭ᠋ᠠᠷ ᠳᠡᠰ᠎ᠤᠨ ᠬᠥᠬᠡ ᠳᠡᠰ᠎ᠤᠨ ᠡᠮᠨᠡᠯᠭᠡ ᠵᠢᠨ ᠬᠣᠷᠢᠶ᠎ᠠ᠎ᠲᠠᠢ 《ᠰᠠᠭ᠋ᠠᠳ ᠦᠭᠡᠶ ᠵᠠᠮ》᠎ᠤᠨ ᠡᠮᠨᠡᠭᠦᠯᠬᠦ ᠬᠡᠯᠡᠯᠴᠡᠭᠡᠷ ᠲᠣᠭᠲᠠᠵᠤ᠂ ᠲᠤᠰ ᠡᠮᠨᠡᠯᠭᠡ ᠵᠢᠨ ᠬᠣᠷᠢᠶᠠᠨ᠎ᠤ ᠬᠡᠦᠬᠡᠳ᠎ᠤᠨ ᠰᠠᠯᠠᠭ᠋ᠠᠨ᠎ᠤ ᠡᠷᠬᠢᠯᠡᠭᠴᠢ ᠡᠮᠴᠢ ᠵᠢ ᠤᠷᠢᠨ ᠤᠨᠤᠰᠢᠯᠠᠨ ᠡᠮᠨᠡᠨ᠎ᠡ᠃ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ ᠴᠡᠷᠢᠭ᠎ᠤᠨ ᠶᠡᠷᠦᠩᠬᠡᠶ ᠡᠮᠨᠡᠯᠭᠡ ᠵᠢᠨ ᠬᠣᠷᠢᠶ᠎ᠠ ᠵᠢᠨ ᠳᠣᠯᠣᠳᠤᠭ᠋ᠠᠷ ᠠᠨᠠᠭ᠋ᠠᠬᠤ ᠵᠢᠨ ᠲᠥᠪ᠎ᠲᠠᠢ ᠡᠭᠦᠯᠡᠨ ᠡᠮᠴᠢᠯᠡᠭᠡ ᠦᠷᠨᠢᠭᠦᠯᠬᠦ᠎ᠪᠠᠷ ᠪᠤᠯᠵᠤ᠂ ᠬᠦᠨᠳᠦ ᠡᠪᠡᠳᠴᠢᠨ᠎ᠲᠠᠢ ᠬᠡᠤᠬᠡᠳ᠎ᠲᠤ ᠪᠡᠭᠡᠵᠢᠩ᠎ᠤᠨ ᠲᠤᠰᠬᠠᠶ ᠡᠮᠨᠡᠯᠭᠡ ᠵᠢᠨ ᠬᠣᠷᠢᠶ᠎ᠠ ᠵᠢᠨ ᠰᠦᠯᠵᠢᠶᠡᠨ ᠳᠡᠭᠡᠷ᠎ᠡ ᠬᠠᠮᠲᠤᠷᠠᠨ ᠣᠨᠣᠰᠢᠯᠠᠬᠤ ᠪᠠ ᠡᠮᠨᠡᠭᠦᠯᠬᠦ ᠦᠢ᠍ᠯᠡᠴᠢᠯᠡᠭᠡ ᠬᠠᠩᠭ᠋ᠠᠵᠤ᠂ ᠲᠤᠬᠠᠶ ᠵᠢᠨ ᠭᠠᠵᠠᠷ᠎ᠤᠨ ᠡᠮᠨᠡᠯᠭᠡ ᠵᠢᠨ ᠬᠣᠷᠢᠶ᠎ᠠ᠎ᠲᠠᠢ ᠬᠡᠤᠬᠡᠳ᠎ᠤᠨ ᠰᠡᠳᠬᠢᠴᠡ ᠵᠢᠨ ᠡᠷᠡᠭᠦᠯ ᠮᠡᠨᠳᠤ ᠵᠢᠨ ᠵᠢᠯᠤᠭᠤᠳᠤᠮᠵᠢ ᠵᠢᠨ ᠬᠠᠮᠲᠤᠷᠠᠯᠴᠠᠭ᠋ᠠᠨ᠎ᠤ ᠬᠡᠯᠡᠯᠴᠡᠭᠡᠷ ᠲᠣᠭᠲᠠᠵᠤ᠂ ᠠᠰᠠᠷᠠᠮᠵᠢ ᠵᠢᠨ ᠬᠥᠷᠢᠶᠡᠯᠡᠩ᠎ᠤᠨ ᠬᠡᠤᠬᠡᠳ᠎ᠲᠤ ᠦᠷᠭᠦᠯᠵᠢᠯᠡᠨ ᠰᠡᠳᠬᠢᠴᠡ ᠵᠢᠨ ᠡᠷᠡᠭᠦᠯ ᠮᠡᠨᠳᠤ ᠵᠢᠨ ᠴᠢᠨᠠᠷᠵᠢᠭᠤᠨ ᠵᠢᠯᠤᠭᠤᠳᠤᠮᠵᠢ ᠥᠷᠨᠢᠭᠦᠯᠬᠦ ᠵᠢᠨ ᠬᠠᠮᠲᠤ ᠬᠠᠮᠢᠶ᠎ᠠ ᠪᠥᠬᠥᠶ ᠲᠠᠩᠰᠠ ᠡᠪᠬᠡᠮᠡᠯ ᠪᠠᠢ᠌ᠭᠤᠯᠭ᠎ᠠ᠃ 《 ᠢᠷᠡᠬᠡᠳᠤᠢ᠌ᠴᠢ ᠲᠥᠯᠥᠪᠯᠡᠭᠡ》 ᠦᠨᠦᠴᠢᠨ ᠬᠡᠤᠬᠡᠳ᠎ᠤᠨ ᠡᠮᠴᠢᠯᠡᠭᠡᠨ᠎ᠤ ᠡᠷᠡᠭᠦᠯᠵᠢᠯ ᠤᠨ ᠢᠷᠡᠭᠡᠳᠤᠢ ᠵᠢᠨ ᠲᠦᠯᠦᠪᠯᠡᠭᠡ ᠵᠢᠨ ᠪᠡᠯᠡ ᠮᠦᠩᠭᠥ ᠭᠤᠶᠤᠴᠢᠯᠠᠬᠤ᠎ᠪᠠᠷ ᠳᠡᠮᠵᠢᠨ ᠪᠡᠶ᠎ᠡ ᠵᠢᠨ ᠪᠠᠶ᠋ᠢᠴᠠᠭ᠋ᠠᠯᠲᠠ᠂ ᠮᠡᠰᠡ ᠵᠠᠰᠠᠯ᠂ ᠡᠮᠨᠡᠯᠭᠡ᠎ᠳᠤ ᠰᠠᠭᠤᠬᠤ ᠦᠢ᠍ᠯᠡᠴᠢᠯᠡᠭᠡ ᠵᠢ 190 ᠬᠥᠮᠦᠨ ᠤᠳᠠᠭ᠎ᠠ ᠳᠡᠮᠵᠢᠪᠡ᠃ ᠣᠯᠠᠨ ᠡᠰᠢᠲᠦ ᠬᠢᠴᠢᠶᠡᠯ ᠂ ᠮᠤᠨᠲᠸᠰᠤᠷᠢ ᠵᠢᠨ ᠵᠢᠭ᠋ᠠᠨ ᠰᠤᠷᠭ᠋ᠠᠯᠲᠠ ᠵᠢᠨ ᠤᠢ᠌ᠯᠠᠭ᠋ᠠᠭᠳᠠᠬᠤᠨ᠎ᠢ ᠣᠷᠣᠭᠤᠯᠤᠨ 《ᠡᠷᠡᠭᠦᠯᠵᠢᠯ ᠪᠠ ᠰᠤᠷᠭ᠋ᠠᠨ ᠬᠥᠮᠦᠵᠢᠯ᠎ᠢ ᠤᠶᠠᠯᠳᠤᠭᠤᠯᠬᠤ》 ᠣᠨᠴᠠᠯᠢᠭ᠎ᠲᠠᠢ ᠬᠢᠴᠢᠶᠡᠯ᠎ᠢ ᠪᠣᠶ ᠪᠤᠯᠭ᠋ᠠᠪᠠ᠃ ᠡᠳᠦᠷ ᠪᠦᠷᠢ ᠵᠢᠨ ᠡᠷᠡᠭᠦᠯᠵᠢᠯ᠎ᠤᠨ ᠲᠥᠯᠥᠪᠯᠡᠭᠡ ᠪᠠ ᠰᠤᠪᠢᠯᠠᠯᠲᠠ᠎ᠲᠠᠢ ᠤᠶᠠᠯᠳᠤᠭᠤᠯᠤᠨ᠂ ᠬᠡᠤᠬᠡᠳ᠎ᠤᠨ ᠠᠮᠢᠳᠤᠷᠠᠯ ᠵᠶ᠋ᠠᠨ ᠠᠷᠭ᠋ᠠᠴᠠᠭ᠋ᠠᠬᠤ ᠴᠢᠳᠠᠪᠤᠷᠢ ᠪᠠ ᠠᠮᠢᠳᠤᠷᠠᠯ᠎ᠤᠨ ᠴᠢᠨᠠᠷ ᠴᠢᠨᠰᠠᠭ᠎ᠠ ᠵᠢ ᠲᠠᠰᠤᠷᠠᠯᠲᠠ ᠥᠬᠡᠶ ᠳᠡᠭᠡᠭᠰᠢᠯᠡᠭᠦᠯᠬᠦ ᠵᠢᠨ ᠬᠠᠮᠲᠤ ᠦᠭᠡ ᠬᠡᠯᠡᠨ᠎ᠤ ᠰᠡᠳᠡᠯᠲᠡ᠂ ᠮᠥᠴᠢ ᠵᠢ ᠵᠦᠭᠰᠢᠷᠡᠭᠦᠯᠬᠦ᠂ ᠴᠢᠳᠠᠪᠤᠷᠢ ᠵᠢ ᠳᠡᠭᠡᠭᠰᠢᠯᠡᠭᠦᠯᠬᠦ ᠪᠠ ᠳᠠᠯᠳᠠ ᠴᠢᠳᠠᠪᠤᠷᠢ ᠵᠢ ᠠᠭᠤᠳᠠᠯᠬᠤ ᠵᠡᠷᠭᠡ ᠪᠣᠯᠪᠠᠰᠤᠷᠠᠯ᠎ᠢ ᠶᠠᠪᠤᠬᠳᠠᠭᠤᠯᠵᠠᠢ᠃ ᠠᠰᠠᠷᠠᠮᠵᠢ ᠵᠢᠨ ᠬᠦᠷᠢᠶᠡᠯᠡᠩ ᠤᠨ ᠰᠤᠷᠬᠤ ᠨᠠᠰᠤᠨ᠎ᠤ ᠬᠡᠤᠬᠡᠳ᠎ᠢ ᠴᠠᠭ ᠲᠤᠬᠠᠢᠳᠤᠨᠢ ᠠᠯᠪᠠᠨ᠎ᠠᠴᠠ ᠡᠷᠭᠢᠯᠡᠭᠰᠡᠨ ᠰᠤᠷᠭ᠋ᠠᠭᠤᠯᠢ᠎ᠳᠤ ᠤᠷᠤᠭᠤᠯᠵᠤ᠂ ᠳᠡᠭᠡᠳᠦ ᠱᠠᠲᠤᠨ᠎ᠤ ᠰᠠᠯᠠᠭ᠎ᠠ ᠮᠥᠴᠢᠷ᠎ᠠᠴᠠ ᠰᠤᠷᠭ᠋ᠠᠭᠤᠯᠢ ᠵᠢᠨ ᠮᠠᠰᠢᠨ ᠲᠡᠷᠭᠡ ᠬᠤᠳᠠᠯᠳᠤᠨ ᠠᠪᠬᠤ᠎ᠪᠠᠷ ᠭᠤᠶᠤᠴᠢᠯᠠᠵᠤ᠂ ᠰᠤᠷᠬᠤ ᠨᠠᠰᠤᠨ᠎ᠤ ᠬᠡᠤᠬᠡᠳ ᠢ ᠬᠦᠷᠳᠦᠲᠦ ᠲᠡᠰᠢᠭᠦᠷ᠂ ᠲᠡᠭᠦᠯᠳᠡᠷ ᠬᠤᠭᠤᠷ᠂ ᠳᠠᠭᠤᠯᠠᠬᠤ᠂ ᠮᠣᠷᠢᠨ ᠬᠤᠭᠤᠷᠳᠠᠬᠤ ᠵᠡᠷᠭᠡ ᠳᠤᠷ᠎ᠠ ᠰᠣᠨᠢᠷᠬᠠᠯ᠎ᠤᠨ ᠠᠩᠭᠢ᠎ᠳᠤ ᠨᠡᠷ᠎ᠡ ᠮᠡᠳᠡᠭᠦᠯᠵᠡᠶ᠃ ᠬᠢᠷᠢ ᠬᠡᠮ᠎ᠲᠠᠢ ᠪᠠᠭᠰᠢ ᠵᠢ ᠤᠷᠢᠵᠤ ᠬᠢᠴᠢᠶᠡᠯ ᠤᠷᠤᠵᠤ ᠪᠠᠶ᠋ᠢᠭ᠎ᠠ ᠬᠡᠤᠬᠡᠳ᠎ᠲᠤ ᠡᠳᠦᠷ ᠪᠦᠷᠢ ᠠᠮᠠᠷᠠᠯᠲᠠ ᠵᠢᠨ ᠬᠤᠭᠤᠴᠠᠭ᠋ᠠᠨ᠎ᠤ ᠳᠠᠰᠬᠠᠯ᠎ᠢ᠎ᠨᠢ ᠵᠢᠯᠣᠭᠣᠳᠤᠭᠤᠯᠵᠤ᠂ ᠬᠡᠤᠬᠡᠳ᠎ᠢ ᠬᠠᠪᠰᠤᠷᠤᠨ ᠰᠤᠷᠤᠯᠭ᠎ᠠ ᠵᠢᠨ ᠦᠷ᠎ᠡ ᠪᠦᠲᠦᠭᠡᠯ᠎ᠢ᠎ᠨᠢ ᠪᠠᠲᠤᠳᠬᠠᠵᠤ᠂ ᠰᠤᠷᠤᠯᠴᠠᠬᠤ ᠴᠢᠳᠠᠪᠤᠷᠢ ᠵᠢ᠎ᠨᠢ ᠳᠡᠭᠡᠭᠰᠢᠯᠡᠭᠦᠯᠪᠡ᠃ ᠲᠣᠬᠢᠲᠠᠶ ᠳᠦᠪᠬᠢᠨᠡᠭᠦᠯᠪᠡ᠄ ᠨᠠᠰᠤᠨ᠎ᠳᠤ ᠭᠦᠷᠦᠭᠰᠡᠨ ᠬᠡᠤᠬᠡᠳ᠎ᠤᠨ ᠪᠣᠳᠠᠲᠠᠶ ᠪᠠᠶ᠋ᠢᠳᠠᠯ᠎ᠢ ᠦᠨᠳᠦᠰᠦᠯᠡᠨ ᠨᠠᠰᠤᠨ᠎ᠳᠤ ᠭᠦᠷᠦᠭᠰᠡᠨ ᠥᠨᠥᠴᠢᠨ ᠬᠡᠤᠬᠡᠳ᠎ᠢ ᠲᠥᠷᠥᠯ ᠬᠤᠪᠢᠶᠠᠨ ᠲᠥᠪᠬᠢᠨᠡᠭᠦᠯᠬᠦ ᠰᠢᠰᠲ᠋ᠧᠮ᠎ᠢ ᠪᠠᠶ᠋ᠢᠭᠤᠯᠵᠤ᠂ ᠪᠤᠰᠤᠳ ᠠᠰᠠᠷᠠᠮᠵᠢ ᠵᠢᠨ ᠪᠠᠶ᠋ᠢᠭᠤᠯᠤᠮᠵᠢ᠎ᠳᠤ ᠬᠡᠤᠬᠡᠳ᠎ᠤᠨ ᠪᠡᠶ᠎ᠡ ᠵᠢᠨ ᠪᠠᠶ᠋ᠢᠳᠠᠯ᠎ᠤᠨ ᠮᠠᠲ᠋ᠧᠷᠢᠶᠠᠯ᠂ ᠡᠮᠴᠢᠯᠡᠭᠡᠨ᠎ᠤ ᠳᠠᠭ᠋ᠠᠳᠬᠠᠯ᠎ᠤᠨ ᠺᠠᠷᠲ᠂ ᠵᠡᠮᠳᠡᠭᠴᠦᠳ᠎ᠤᠨ ᠦᠨᠡᠮᠯᠡᠯ ᠵᠡᠷᠭᠡ ᠣᠭ ᠮᠠᠲ᠋ᠧᠷᠢᠶᠠᠯ᠎ᠢ ᠬᠠᠩᠭ᠋ᠠᠵᠤ᠂ ᠪᠤᠰᠤᠳ ᠪᠠᠢ᠌ᠭᠤᠯᠤᠮᠵᠢ ᠳᠤ ᠰᠢᠯᠵᠢᠬᠦ ᠰᠢᠯᠵᠢᠯᠲᠡ ᠵᠢᠨ ᠬᠤᠭᠤᠴᠠᠭ᠋ᠠᠨ᠎ᠳᠤ ᠲᠡᠳᠡᠨ᠎ᠳᠤ ᠰᠡᠳᠬᠢᠴᠡ ᠵᠢᠨ ᠵᠢᠯᠣᠭᠣᠳᠣᠯᠭ᠎ᠠ ᠵᠢᠨ ᠦᠢ᠍ᠯᠡᠴᠢᠯᠡᠭᠡ ᠬᠠᠩᠭ᠋ᠠᠵᠤ᠂ ᠦᠢ᠍ᠯᠡᠴᠢᠯᠡᠬᠥ ᠬᠦᠷᠳᠡᠭᠰᠡᠳ᠎ᠤᠨ ᠡᠯ᠎ᠡ ᠵᠤᠢ᠌ᠯ᠎ᠤᠨ ᠠᠰᠠᠷᠠᠮᠵᠢ ᠵᠢᠨ ᠬᠠᠷᠠᠭ᠋ᠠᠯᠵᠠᠯ᠎ᠢ ᠦᠷᠭᠦᠯᠵᠢᠯᠡᠭᠦᠯᠬᠦ ᠵᠢ ᠦᠨᠡᠨ ᠬᠦ᠌ ᠪᠠᠳᠤᠯᠠᠪᠠ᠃ ᠰᠤᠷᠭ᠋ᠠᠭᠤᠯᠢ ᠲᠡᠭᠦᠰᠦᠭᠰᠡᠨ ᠬᠡᠦᠬᠡᠳ᠎ᠲᠤ ᠠᠵᠢᠯ ᠣᠯᠭᠣᠯᠲᠠ ᠵᠢᠨ ᠡᠬᠢ ᠪᠠᠶᠠᠯᠢᠭ᠎ᠢ ᠵᠤᠯᠭ᠋ᠠᠭᠤᠯᠵᠤ᠂ ᠣᠷᠣᠨ ᠰᠠᠭᠤᠴᠠ ᠵᠢᠨ ᠠᠰᠠᠭᠤᠳᠠᠯ᠎ᠢ ᠰᠢᠢ᠍ᠳᠪᠤᠷᠢᠯᠡᠨ᠂ ᠬᠡᠦᠬᠡᠳ᠎ᠤᠨ ᠨᠠᠰᠤᠨ᠎ᠳᠤ ᠬᠦᠷᠦᠭᠰᠡᠨ᠎ᠤ ᠳᠠᠷᠠᠭ᠋ᠠᠬᠢ ᠠᠮᠢᠳᠤᠷᠠᠯ᠎ᠤᠨ ᠠᠮᠤᠷ ᠲᠣᠭᠲᠠᠭᠤᠨ ᠵᠣᠯ ᠵᠢᠷᠭ᠋ᠠᠯ᠎ᠲᠠᠢ ᠪᠠᠶ᠋ᠢᠬᠤ ᠵᠢ ᠪᠠᠳᠤᠯᠠᠪᠠ ᠃
ᠪᠠᠶᠠᠨᠨᠠᠭᠤᠷ ᠬᠣᠲᠠ ᠵᠢᠨ ᠬᠡᠤᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ᠎ᠬᠢᠨ᠎ᠨᠢ ᠲᠠᠷᠠᠭ᠋ᠠᠴᠢ᠎ᠪᠠᠷ ᠠᠵᠢᠯ᠎ᠤᠨ ᠰᠡᠳᠬᠢᠮᠵᠢ᠎ᠪᠠᠨ ᠲᠠᠰᠤᠷᠠᠯᠲᠠ ᠥᠬᠡᠶ ᠰᠢᠨᠡᠳᠬᠡᠵᠤ᠂ ᠪᠠᠶ᠋ᠢᠭᠤᠯᠤᠮᠵᠢ ᠵᠢᠨ ᠡᠭᠦᠷᠭᠡ ᠴᠢᠳᠠᠪᠤᠷᠢ᠎ᠪᠠᠨ ᠪᠠᠶᠠᠯᠢᠭᠵᠢᠭᠤᠯᠤᠨ᠂ ᠣᠳᠣᠬᠢᠴᠢᠯᠠᠭᠰᠠᠨ ᠬᠡᠤᠬᠡᠳ᠎ᠤᠨ ᠠᠰᠠᠷᠠᠮᠵᠢ ᠵᠢᠨ ᠬᠦᠷᠢᠶᠡᠯᠡᠩ᠎ᠢ ᠪᠥᠲᠥᠭᠡᠨ ᠪᠠᠶ᠋ᠢᠭᠤᠯᠬᠤ ᠲᠡᠢ᠌ᠰᠢ ᠲᠠᠰᠤᠷᠠᠯᠲᠠ ᠥᠬᠡᠶ ᠴᠢᠷᠮᠠᠶ᠋ᠢᠨ ᠤᠷᠤᠭᠰᠢᠯᠠᠬᠤ ᠪᠤᠯᠤᠨ᠎ᠠ᠃