ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《ᠢᠯᠨ ᠨᠢᠭᠦᠯᠡᠰᠦᠩᠭᠦᠢ》 ᠰᠢᠰᠲ᠋ᠧᠮ᠎ᠤᠨ ᠴᠢᠳᠠᠮᠵᠢ ᠵᠢ ᠰᠢᠯᠭ᠋ᠠᠬᠤ ᠪᠤᠯᠪᠠᠰᠤᠷᠠᠯ᠎ᠢ ᠡᠷᠬᠢᠯᠡᠪᠡ
ᠨᠡᠶᠢᠲᠡᠯᠡᠭᠰᠡᠨ ᠴᠠᠭ᠄ 2024-11-18

    ᠮᠠᠨ᠎ᠤ ᠣᠷᠣᠨ᠎ᠤ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠢ ᠵᠢᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ   ᠠᠬᠢᠭᠤᠯᠵᠤ᠂ ᠨᠢᠭᠦᠯᠡᠰᠦᠩᠭᠦᠢ ᠵᠢᠨ ᠠᠵᠢᠯᠯᠠᠭ᠎ᠠ ᠵᠢᠨ ᠢᠯᠡ᠎ᠪᠠᠷ ᠶᠠᠪᠤᠭᠳᠠᠬᠤ ᠵᠢ ᠪᠠᠲᠤᠯᠠᠬᠤ ᠵᠢᠨ ᠲᠥᠯᠥᠭᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《ᠲᠣᠭ᠋ᠠᠴᠢᠯᠠᠭᠰᠠᠨ ᠠᠷᠠᠳ᠎ᠤᠨ ᠶᠠᠪᠤᠳᠠᠯ》᠎ᠤᠨ ᠲᠥᠷᠥᠯ ᠵᠦᠢ᠍ᠯ᠎ᠳᠤ ᠲᠦᠰᠢᠭᠯᠡᠨ 《ᠢᠯᠡ ᠨᠢᠭᠦᠯᠡᠰᠦᠩᠭᠦᠢ》 ᠮᠡᠳᠡᠭᠡ ᠵᠠᠩᠭᠢ ᠵᠢᠨ ᠰᠢᠰᠲ᠋ᠧᠮ᠎ᠢ ᠨᠡᠭᠡᠭᠡᠵᠦ᠂ ᠮᠡᠳᠡᠭᠡ ᠵᠠᠩᠭᠢ ᠵᠢᠨ ᠰᠢᠰᠲ᠋ᠧᠮ᠎ᠤᠨ 《ᠬᠤᠷᠠᠯ᠎ᠢ ᠬᠡᠷᠡᠭᠯᠡᠬᠦ》 《ᠣᠨᠣᠪᠴᠢᠲᠠᠶ ᠬᠡᠷᠡᠭᠯᠡᠬᠦ》 《ᠰᠠᠢ᠌ᠲᠤᠷ ᠬᠡᠷᠡᠭᠯᠡᠬᠦ》 ᠪᠦᠲᠦᠭᠡᠨ ᠪᠠᠢ᠌ᠭᠤᠯᠤᠯᠲᠠ ᠵᠢᠨ ᠬᠠᠷᠠᠯᠲᠠ ᠵᠢ ᠪᠡᠶᠡᠯᠡᠭᠦᠯᠬᠦ ᠵᠢ ᠠᠬᠢᠭᠤᠯᠪᠠ᠃  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠲᠣᠮᠣ ᠳ᠋ᠠᠢ᠌ᠲ᠋ᠠ ᠵᠢᠨ ᠲᠥᠪ᠎ᠲᠠᠢ ᠬᠠᠮᠲᠤᠷᠠᠨ  2024 ᠣᠨ᠎ᠤ 11 ᠳ᠋ᠤᠬᠡᠷ ᠰᠠᠷ᠎ᠠ ᠵᠢᠨ 15᠎ᠤ ᠡᠳᠦᠷ  ᠮᠠᠨ᠎ᠤ ᠣᠷᠣᠨ᠎ᠤ 《ᠢᠯᠨ ᠨᠢᠭᠦᠯᠡᠰᠦᠩᠭᠦᠢ》 ᠰᠢᠰᠲ᠋ᠧᠮ᠎ᠤᠨ ᠴᠢᠳᠠᠮᠵᠢ ᠵᠢ ᠰᠢᠯᠭ᠋ᠠᠬᠤ ᠪᠣᠯᠪᠠᠰᠤᠷᠠᠯ ᠡᠷᠭᠢᠯᠡᠪᠡ᠃
    ᠲᠣᠰ ᠪᠣᠯᠪᠠᠰᠤᠷᠠᠯ ᠲᠡᠬᠡᠷ᠎ᠡ 《ᠢᠯᠨ ᠨᠢᠭᠦᠯᠡᠰᠦᠩᠭᠦᠢ ᠵᠢᠨ ᠦᠢ᠍ᠯᠡᠰ》᠎ᠤᠨ ᠭᠣᠣᠯᠯᠠᠬᠤ ᠣᠢ᠌ᠯᠠᠭ᠋ᠠᠭᠳᠠᠬᠤᠨ᠂ ᠬᠡᠷᠡᠭᠵᠢᠭᠦᠯᠦᠭᠰᠡᠨ ᠠᠬᠤᠢ ᠪᠠᠢ᠌ᠳᠠᠯ᠂ ᠴᠢᠬᠤᠯᠠ ᠠᠴᠢ ᠬᠣᠯᠪᠣᠭᠳᠠᠯ ᠪᠠ ᠮᠡᠳᠡᠭᠡ ᠵᠠᠩᠭᠢ ᠵᠢ  ᠢᠯᠡᠵᠢᠬᠦᠯᠬᠦ ᠲᠠᠪᠴᠠᠩ᠂ ᠮᠡᠳᠡᠭᠡ ᠵᠠᠩᠭᠢ ᠵᠢ ᠢᠯᠡᠵᠢᠬᠦᠯᠬᠦ ᠠᠭᠤᠯᠭ᠎ᠠ ᠵᠡᠷᠭᠡ ᠲᠠᠯ᠎ᠠ᠎ᠪᠠᠷ ᠭᠦᠨᠵᠡᠭᠡᠢ ᠪᠥᠭᠡᠳ ᠣᠢ᠌ᠯᠠᠭ᠋ᠠᠮᠵᠢᠲᠠᠢ ᠲᠠᠢ᠌ᠯᠪᠤᠷᠢᠯᠠᠪᠠ᠃ ᠰᠢᠰᠲ᠋ᠧᠮ᠎ᠤᠨ ᠴᠢᠳᠠᠮᠵᠢ᠎ᠳᠤ ᠲᠣᠭ᠎ᠠ ᠪᠠᠷᠢᠮᠲᠠ ᠵᠢᠨ ᠡᠮᠬᠢᠳᠬᠡᠯ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ᠂ ᠬᠠᠨᠳᠢᠪᠯᠡᠨ ᠬᠦᠷᠭᠡᠬᠦ ᠬᠠᠮᠢᠶᠠᠷᠤᠯᠲᠠ᠂ ᠲᠣᠭ᠎ᠠ ᠪᠠᠷᠢᠮᠲᠠ ᠵᠢᠨ ᠵᠠᠳᠠᠯᠤᠯᠲᠠ᠂ ᠮᠡᠳᠡᠭᠡ ᠵᠠᠩᠭᠢ ᠵᠢ ᠢᠯᠡ ᠪᠣᠯᠭ᠋ᠠᠬᠤ ᠪᠠ ᠬᠠᠮᠲᠤ᠎ᠪᠠᠷ ᠡᠳ᠋ᠯᠡᠬᠦ ᠠᠭᠤᠯᠵᠠᠷ ᠵᠡᠷᠭᠡ ᠵᠢ ᠬᠠᠮᠤᠷᠴᠠᠢ᠃ ᠪᠣᠯᠪᠠᠰᠤᠷᠠᠭ᠋ᠯ᠎ᠤᠨ ᠭᠣᠣᠯᠳᠠᠯᠭ᠎ᠠ᠎ᠨᠢ ᠨᠢᠭᠦᠯᠡᠰᠦᠩᠭᠦᠢ ᠵᠢᠨ ᠲᠤᠬᠠᠢ᠌ᠯᠠᠭᠰᠠᠨ ᠠᠵᠢᠯ᠎ᠤᠨ ᠭᠠᠷᠲᠠᠨ ᠭᠦᠢ᠍ᠴᠡᠳᠬᠡᠬᠦ ᠡᠭᠦᠳᠡ ᠡᠷᠦᠬᠡ ᠵᠢᠨ PC ᠦᠵᠦᠭᠦᠷ ᠪᠠ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ ᠳᠣᠲᠣᠭ᠋ᠠᠳᠤ ᠵᠢᠨ ᠬᠠᠮᠢᠶᠠᠷᠤᠯᠲᠠ ᠵᠢᠨ PC ᠦᠵᠦᠭᠦᠷ᠎ᠤᠨ ᠠᠵᠢᠯᠯᠠᠭ᠋ᠠᠨ᠎ᠤ ᠨᠢᠭᠤᠷ᠂ ᠴᠢᠳᠠᠮᠵᠢ ᠵᠢᠨ ᠬᠡᠰᠡᠭ᠂ ᠲᠣᠭ᠎ᠠ ᠪᠠᠷᠢᠮᠲᠠ ᠣᠷᠣᠭᠤᠯᠬᠤ ᠪᠠ ᠰᠢᠨᠡᠳᠬᠡᠬᠦ  ᠶᠠᠪᠤᠴᠨ᠎ᠳᠤ ᠪᠣᠳᠠᠲᠠᠢ ᠪᠣᠯᠪᠠᠰᠤᠷᠠᠯ᠎ᠤᠨ ᠦᠵᠡᠭᠦᠯᠦᠯᠭᠡ ᠬᠢᠵᠦ᠂ ᠪᠣᠯᠪᠠᠰᠤᠷᠠᠯ᠎ᠳᠤ ᠣᠷᠣᠯᠴᠠᠭᠰᠠᠳ ᠲᠤᠬᠠᠢ ᠵᠢᠨ ᠲᠠᠯᠠᠪᠤᠷ᠎ᠤᠨ ᠠᠵᠢᠯᠯᠠᠭ᠋ᠠᠨ᠎ᠤ ᠰᠤᠷᠤᠯᠴᠠᠯᠭ᠎ᠠ᠎ᠪᠠᠷ ᠳᠡᠮᠵᠢᠨ᠂ ᠰᠢᠰᠲ᠋ᠧᠮ᠎ᠤᠨ ᠬᠡᠷᠡᠭᠯᠡᠬᠦ ᠠᠷᠭ᠎ᠠ ᠵᠢ ᠣᠢ᠌ᠯᠠᠭ᠋ᠠᠨ ᠡᠵᠡᠮᠰᠢᠵᠦ᠂ ᠵᠢᠱ᠌ᠢᠶ᠎ᠡ ᠵᠢ ᠦᠨᠳᠦᠰᠦᠯᠡᠨ ᠰᠢᠰᠲ᠋ᠧᠮ᠎ᠳᠤ ᠲᠤᠬᠠᠢ᠌ᠯᠠᠭᠰᠠᠨ ᠠᠵᠢᠯ᠎ᠤᠨ ᠶᠠᠪᠤᠴᠨ ᠪᠠ ᠴᠢᠳᠠᠮᠵᠢ ᠵᠢᠨ ᠰᠢᠯᠭ᠋ᠠᠯᠲᠠ ᠬᠢᠬᠦ ᠵᠢᠨ ᠬᠠᠮᠲᠤ ᠰᠢᠯᠭ᠋ᠠᠯᠲᠠ ᠵᠢᠨ ᠦᠷ᠎ᠡ ᠳ᠋ᠦᠩ᠎ᠢ ᠬᠠᠮᠤᠭ᠎ᠤᠨ ᠰᠠᠢ᠌ᠨ ᠬᠠᠷᠢᠭᠤ ᠲᠤᠰᠬᠠᠪᠠ᠃ ᠪᠣᠯᠪᠠᠰᠤᠷᠠᠯ᠎ᠤᠨ ᠲᠤᠬᠠᠢ ᠵᠢᠨ ᠲᠠᠯᠠᠪᠤᠷ᠎ᠲᠤ ᠦᠢ᠍ᠯᠡᠳᠦᠯᠴᠡᠨ ᠰᠣᠯᠢᠯᠴᠠᠬᠤ ᠭᠣᠭᠴᠣᠭ᠎ᠠ ᠭᠠᠷᠭ᠋ᠠᠵᠤ᠂ ᠬᠤᠷᠠᠯ᠎ᠳᠤ ᠣᠷᠣᠯᠴᠠᠭᠰᠠᠳ ᠪᠣᠳᠠᠲᠠᠢ ᠠᠵᠢᠯᠯᠠᠭ᠋ᠠᠨ᠎ᠤ ᠳᠤᠮᠳᠠ ᠲᠤᠯᠭ᠋ᠠᠷᠠᠭᠰᠠᠨ ᠠᠰᠠᠭᠤᠳᠠᠯ ᠪᠠ ᠲᠥᠭᠡᠷᠢᠭᠳᠡᠯ᠎ᠤᠨ ᠲᠠᠯ᠎ᠠ᠎ᠪᠠᠷ ᠰᠠᠨᠠᠯ ᠵᠶ᠋ᠠᠨ ᠰᠣᠯᠢᠯᠴᠠᠬᠤ ᠪᠠ ᠬᠤᠪᠢᠶᠠᠯᠴᠠᠨ ᠮᠡᠳᠡᠭᠡ ᠵᠠᠩᠭᠢ ᠵᠢ ᠢᠯᠡᠵᠢᠬᠦᠯᠤᠯᠳᠡ ᠵᠢᠨ ᠴᠢᠨᠠᠷ ᠴᠢᠨᠰᠠᠭ᠎ᠠ ᠦᠷ᠎ᠡ ᠪᠦᠲᠦᠮᠵᠢ ᠵᠢ ᠬᠠᠮᠲᠤ᠎ᠪᠠᠷ ᠳᠡᠭᠡᠭᠰᠢᠯᠡᠭᠦᠯᠪᠡ᠃
   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠢᠭᠦᠯᠡᠰᠦᠩᠭᠦᠢ ᠵᠢᠨ ᠦᠢ᠍ᠯᠡᠰ᠎ᠢ ᠠᠬᠢᠭᠤᠯᠬᠤ ᠭᠠᠵᠠᠷ᠂ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠮᠣ ᠳ᠋ᠠᠢ᠌ᠲ᠋ᠠ ᠵᠢᠨ ᠲᠥᠪ᠂ ᠲᠤᠷᠰᠢᠯᠲᠠ ᠵᠢᠨ ᠴᠡᠭ᠎ᠤᠨ ᠬᠠᠷᠢᠶ᠎ᠠ ᠠᠢ᠌ᠮᠠᠭ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠪᠠ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ ᠨᠡᠶ᠋ᠢᠲᠡ 50 ᠭᠠᠷᠤᠢ ᠬᠦᠮᠦᠨ ᠪᠤᠯᠪᠠᠰᠤᠷᠠᠯ᠎ᠳᠤ ᠤᠷᠤᠯᠴᠠᠬᠰᠠᠨ ᠶᠤᠮ᠃






 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ11.18
ᠨᠠᠮ᠎ᠤᠨ ᠪᠠᠶ᠋ᠢᠭᠤᠯᠤᠯᠲᠠ ᠎ᠪᠠᠷ ᠳᠠᠭ᠋ᠠᠭᠤᠯᠵᠤ ᠴᠢᠳᠠᠪᠤᠷᠢ ᠤᠯᠭᠤᠵᠤ ᠬᠠᠮᠲᠤ ᠎ᠪᠠᠷ ᠤᠷᠤᠬᠰᠢᠯᠠᠵᠤ ᠪᠠᠢ᠌ᠨ᠎ᠠ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 11.19
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 11.20
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠲᠤᠬᠠᠢ ᠲᠤᠰᠬᠠᠢ ᠰᠡᠳᠦᠪᠲᠦ ᠪᠤᠯᠪᠠᠰᠤᠷᠠᠯ ᠡᠷᠬᠢᠯᠡᠪᠡ
 
            