ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ11.18
ᠨᠡᠶᠢᠲᠡᠯᠡᠭᠰᠡᠨ ᠴᠠᠭ᠄ 2024-11-18

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ


    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠤᠷᠴᠢᠮ᠎ᠳᠤ 《ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠲᠤᠷᠰᠢᠯᠲᠠ ᠵᠢᠨ ᠬᠣᠰᠢᠭᠤ ᠰᠢᠶᠠᠨ (ᠬᠣᠲᠠ᠂ ᠲᠣᠭᠣᠷᠢᠭ)᠎ᠢ  ᠦᠨᠡᠯᠡᠭᠰᠡᠨ ᠦᠷ᠎ᠡ ᠳ᠋ᠦᠩ》᠎ᠢ ᠵᠠᠷᠯᠠᠬᠰᠠᠨ᠎ᠳᠤ ᠬᠥᠬᠡᠬᠣᠲᠠ ᠵᠢᠨ ᠦᠴᠦᠸᠠᠨ ᠰᠢᠶᠠᠨ ᠵᠡᠷᠭᠡ 7 ᠭᠠᠵᠠᠷ᠎ᠢ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠲᠤᠷᠰᠢᠯᠲᠠ ᠵᠢᠨ ᠬᠣᠰᠢᠭᠤ ᠰᠢᠶᠠᠨ (ᠬᠣᠲᠠ᠂ ᠲᠣᠭᠣᠷᠢᠭ) ᠵᠶ᠋ᠠᠷ ᠲᠣᠭᠲᠠᠭ᠋ᠠᠪᠠ᠂ ᠵᠠᠷᠯᠠᠬᠤ ᠬᠤᠭᠤᠴᠠᠭ᠎ᠠ᠄ 2024 ᠣᠨ᠎ᠤ 11 ᠳ᠋ᠤᠬᠡᠷ ᠰᠠᠷ᠎ᠠ ᠵᠢᠨ 14᠎ᠠᠴᠠ 18᠎ᠤ ᠡᠳᠦᠷ᠃


ᠨᠡᠢ᠌ᠭᠡᠮ᠎ᠤᠨ  ᠲᠤᠰᠠᠯᠠᠮᠵᠢ


    ᠬᠥᠯᠥᠨ ᠪᠣᠶ᠋ᠢᠷ ᠬᠣᠲᠠ ᠵᠢᠨ᠎ᠬᠢᠨ 《ᠪᠣᠳᠠᠰ + ᠦᠢ᠍ᠯᠡᠴᠢᠯᠡᠭᠡ + ᠣᠶᠤᠨ ᠰᠠᠨᠠᠭ᠎ᠠ》 ᠵᠢᠨ ᠣᠯᠠᠨ ᠡᠰᠢᠲᠦ  ᠲᠤᠰᠠᠯᠠᠮᠵᠢ ᠵᠢᠨ ᠵᠠᠭᠪᠤᠷ᠎ᠢ ᠢᠳᠡᠪᠬᠢᠲᠡᠢ ᠥᠷᠨᠢᠭᠦᠯᠵᠦ᠂ ᠵᠠᠰᠠᠭ᠎ᠤᠨ ᠣᠷᠳᠣᠨ ᠨᠡᠢ᠌ᠭᠡᠮ᠎ᠤᠨ  ᠲᠤᠰᠠᠯᠠᠮᠵᠢ ᠵᠢᠨ ᠦᠢ᠍ᠯᠡᠴᠢᠯᠡᠭᠡ ᠬᠤᠳᠠᠯᠳᠤᠨ  ᠠᠪᠴᠤ ᠦᠭᠭᠦ᠂ ᠨᠡᠢ᠌ᠭᠡᠮ᠎ᠤᠨ ᠬᠦᠴᠦᠨ᠎ᠢ ᠵᠢᠯᠤᠭᠣᠳᠴᠤ ᠣᠷᠣᠯᠴᠠᠭᠤᠯᠬᠤ ᠵᠡᠷᠭᠡ ᠠᠷᠭ᠎ᠠ᠎ᠪᠠᠷ ᠡᠯ᠎ᠡ ᠲᠠᠯ᠎ᠠ ᠵᠢᠨ ᠡᠬᠢ ᠪᠠᠶᠠᠯᠢᠭ᠎ᠲᠠᠢ ᠬᠠᠮᠵᠢᠯᠴᠠᠵᠤ᠂ ᠦᠢ᠍ᠯᠡᠴᠢᠯᠡᠭᠡᠨ᠎ᠤ ᠲᠥᠷᠥᠯ᠎ᠤᠨ ᠨᠡᠢ᠌ᠭᠡᠮ᠎ᠤᠨ  ᠲᠤᠰᠠᠯᠠᠮᠵᠢ ᠵᠢᠨ ᠬᠠᠩᠭ᠋ᠠᠯᠭ᠎ᠠ ᠵᠢ ᠪᠠᠶᠠᠯᠢᠭᠵᠢᠭᠤᠯᠵᠤ᠂ ᠦᠢ᠍ᠯᠡᠴᠢᠯᠡᠭᠡᠨ᠎ᠤ ᠠᠭᠤᠯᠭ᠎ᠠ᠎ᠳᠤ ᠠᠮᠢᠳᠤᠷᠠᠯ᠎ᠤᠨ ᠬᠠᠷᠠᠭ᠋ᠠᠯᠵᠠᠯ᠂ ᠡᠮᠨᠡᠯᠭᠡ᠎ᠳᠤ ᠬᠦᠷᠭᠡᠵᠦ ᠠᠰᠠᠷᠠᠭᠤᠯᠬᠤ᠂ ᠡᠷᠡᠭᠦᠯ ᠬᠠᠮᠠᠭ᠋ᠠᠯᠠᠯ᠎ᠤᠨ ᠴᠡᠪᠡᠷᠯᠡᠯᠲᠡ᠂ ᠰᠡᠳᠬᠢᠴᠡ ᠵᠢᠨ ᠵᠢᠯᠣᠭᠣᠳᠤᠯᠭ᠎ᠠ᠂ ᠣᠶᠤᠨ᠎ᠤ ᠲᠠᠢ᠌ᠳᠬᠤᠷᠠᠭᠤᠯᠤᠯ ᠵᠡᠷᠭᠡ ᠵᠢ ᠬᠠᠮᠤᠷᠪᠠ᠃ ᠣᠲᠣ ᠪᠣᠯᠲᠠᠯ᠎ᠠ 3000 ᠬᠦᠴᠢᠷᠳᠡᠯᠲᠡᠢ ᠣᠯᠠᠨ ᠲᠦᠮᠡᠨ᠎ᠳᠤ ᠠᠰᠢᠭ ᠬᠦᠷᠲᠡᠭᠡᠪᠡ᠃
    2024 ᠣᠨ᠎ᠳᠤ ᠰᠢᠯᠢ ᠵᠢᠨ ᠭᠣᠣᠯ ᠠᠢ᠌ᠮᠠᠭ᠎ᠤᠨ᠎ᠬᠢᠨ 《ᠰᠢᠯᠢ ᠵᠢᠨ ᠭᠣᠣᠯ ᠠᠢ᠌ᠮᠠᠭ᠎ᠤᠨ 〈ᠣᠷᠣᠯᠭ᠎ᠠ ᠪᠠᠭ᠎ᠠ ᠬᠦᠮᠦᠰ᠎ᠤᠨ ᠬᠥᠳᠡᠯᠦᠩᠭᠦᠢ ᠬᠡᠮᠵᠢᠯᠲᠡ ᠵᠢ ᠴᠢᠩᠭ᠋ᠠᠳᠬᠠᠵᠤ᠂ ᠨᠡᠢ᠌ᠭᠡᠮ᠎ᠤᠨ  ᠲᠤᠰᠠᠯᠠᠮᠵᠢ ᠵᠢᠨ ᠠᠵᠢᠯ᠎ᠢ ᠰᠠᠢ᠌ᠲᠤᠷ ᠬᠢᠬᠦ ᠪᠣᠳᠠᠲᠠᠢ ᠠᠷᠭ᠎ᠠ  ᠵᠢᠨ ᠠᠵᠢᠯ᠎ᠤᠨ ᠬᠤᠪᠢᠶᠠᠷᠢᠯᠠᠯ᠎ᠤᠨ ᠡᠬᠡ ᠳᠠᠩᠰᠠ〉》 ᠵᠢ ᠨᠠᠢ᠌ᠳᠠᠪᠤᠷᠢᠵᠢᠭᠤᠯᠤᠨ 21 ᠵᠦᠢ᠍ᠯ᠎ᠤᠨ ᠨᠠᠷᠢᠯᠢᠭᠵᠢᠭᠤᠯᠤᠭᠰᠠᠨ ᠠᠷᠭ᠎ᠠ  ᠵᠢ ᠳᠠᠷᠤᠮᠠᠯᠯᠠᠨ ᠲᠠᠷᠬᠠᠭ᠋ᠠᠪᠠ᠃ ᠰᠤᠷᠭ᠋ᠠᠨ ᠬᠥᠮᠦᠵᠢᠯ᠂ ᠳᠣᠲᠣᠭ᠋ᠠᠳᠤ ᠵᠢ ᠬᠠᠮᠠᠭ᠋ᠠᠯᠠᠬᠤ᠂ ᠬᠠᠤᠯᠢ ᠴᠠᠭ᠋ᠠᠵᠠ᠂ ᠡᠳ᠋᠎ᠤᠨ ᠵᠠᠰᠠᠭ ᠵᠡᠷᠭᠡ ᠰᠠᠯᠠᠭ᠎ᠠ ᠮᠥᠴᠢᠷ᠎ᠯᠦᠭᠡ ᠵᠢᠨ ᠪᠠᠢ᠌ᠩᠭᠤ ᠵᠢᠨ ᠲᠣᠭ᠎ᠠ ᠪᠠᠷᠢᠮᠲᠠ ᠵᠢ ᠬᠠᠮᠲᠤ᠎ᠪᠠᠷ ᠡᠳ᠋ᠯᠡᠬᠦ ᠵᠢᠨ ᠬᠠᠷᠢᠴᠠᠭᠤᠯᠤᠯ᠎ᠢ ᠨᠡᠮᠡᠭᠳᠡᠭᠦᠯᠬᠦ᠎ᠪᠠᠷ ᠳᠠᠮᠵᠢᠭᠤᠯᠤᠨ ᠲᠤᠰᠠᠯᠠᠬᠤ ᠴᠢᠬᠤᠯᠠᠲᠠᠢ ᠣᠷᠣᠯᠭ᠎ᠠ ᠪᠠᠭ᠎ᠠ ᠬᠦᠮᠦᠰ᠎ᠢ ᠴᠠᠭ ᠲᠤᠬᠠᠢ᠎ᠳᠤ᠎ᠨᠢ ᠲᠠᠰ ᠲᠥᠷᠥᠯ ᠬᠤᠪᠢᠶᠠᠨ ᠲᠤᠰᠠᠯᠠᠭ᠋ᠠᠳ  85 ᠲᠦᠮᠡᠨ ᠲᠣᠭ᠎ᠠ ᠪᠠᠷᠢᠮᠲᠠ ᠵᠢ  ᠬᠤᠪᠢᠶᠠᠯᠴᠠᠵᠤ᠂ 2.6 ᠲᠦᠮᠡᠨ ᠬᠦᠴᠢᠷᠳᠡᠯᠲᠡᠢ ᠣᠯᠠᠨ ᠲᠦᠮᠡᠨ᠎ᠢ ᠪᠠᠢ᠌ᠴᠠᠭ᠋ᠠᠨ ᠢᠯᠡᠷᠡᠭᠦᠯᠵᠦ᠂ 1 ᠲᠦᠮᠡ ᠭᠠᠷᠤᠢ ᠬᠥᠮᠥᠨ᠎ᠳᠤ ᠬᠥᠳᠡᠯᠦᠩᠭᠦᠢ ᠲᠣᠬᠢᠷᠠᠭᠤᠯᠤᠯᠲᠠ ᠬᠢᠪᠡ᠃


  ᠨᠢᠬᠦᠯᠡᠰᠤᠡᠭᠭᠦᠢ ᠵᠢᠨ ᠦᠢ᠍ᠯᠡᠰ


   ᠣᠷᠳᠣᠰ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠳᠤᠰ ᠬᠣᠲᠠ ᠵᠢᠨ ᠨᠢᠭᠦᠯᠡᠰᠦᠩᠭᠦᠢ ᠵᠢᠨ ᠶᠡᠷᠦᠩᠬᠡᠢ ᠡᠪᠯᠡᠯ ᠵᠡᠷᠭᠡ᠎ᠲᠠᠢ ᠬᠣᠯᠪᠤᠭ᠋ᠠᠯᠠᠨ᠂ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠢ ᠵᠢᠨ ᠬᠦᠴᠦᠨ᠎ᠤ ᠨᠡᠢ᠌ᠭᠡᠮ᠎ᠤᠨ  ᠲᠤᠰᠠᠯᠠᠮᠵᠢ᠎ᠳᠤ ᠣᠷᠣᠯᠴᠠᠬᠤ ᠠᠷᠭ᠎ᠠ ᠵᠠᠮ᠎ᠢ ᠨᠡᠭᠡᠭᠡᠬᠦ ᠡᠷᠴᠢᠮ ᠵᠶ᠋ᠡᠨ ᠴᠢᠩᠭ᠋ᠠᠷᠠᠭᠤᠯᠪᠠ᠃ ᠣᠳᠣᠬᠠᠨ᠎ᠳᠤ ᠡᠵᠡᠨ ᠬᠣᠷᠣᠭ᠎ᠠ ᠬᠣᠰᠢᠭᠤᠨ᠎ᠤ ᠬᠡᠷᠡᠭᠵᠢᠭᠦᠯᠵᠦ ᠪᠠᠢ᠌ᠭ᠎ᠠ 《ᠡᠵᠡᠨ ᠬᠣᠷᠣᠭ᠎ᠠ ᠵᠢᠨ ᠨᠢᠬᠦᠯᠡᠰᠤᠡᠭᠬᠦᠢ ᠵᠢᠨ ᠦᠢ᠍ᠯᠡᠰ》 ᠣᠨᠴᠠᠯᠢᠭᠲᠤ ᠦᠢ᠍ᠯᠡᠴᠢᠯᠡᠭᠡ᠎ᠨᠢ ᠥᠪᠡᠷᠲᠡᠭᠡᠨ ᠵᠠᠰᠠᠬᠤ ᠣᠷᠣᠨ᠎ᠤ  ᠨᠢᠬᠦᠯᠡᠰᠤᠡᠭᠬᠦᠢ ᠵᠢᠨ ᠰᠤᠭᠤᠯᠤᠭ᠎ᠠ ᠵᠢᠨ ᠲᠤᠰᠬᠠᠢ ᠪᠡᠯᠡ ᠮᠥᠩᠭᠥ ᠵᠢ ᠠᠰᠢᠭᠯᠠᠨ᠂ ᠡᠵᠡᠨ ᠬᠣᠷᠣᠭ᠎ᠠ ᠬᠣᠰᠢᠭᠤᠨ᠎ᠤ ᠣᠨᠴᠠᠭ᠋ᠠᠶ ᠬᠥᠮᠥᠰ᠎ᠢ ᠲᠤᠰᠠᠯᠠᠵᠤ ᠬᠥᠭᠵᠢᠭᠦᠯᠬᠦ ᠰᠠᠭᠤᠷᠢ ᠮᠥᠩᠭᠥᠨ᠎ᠤ ᠨᠡᠢ᠌ᠭᠡᠮᠯᠢᠭ᠎ᠲᠠᠢ ᠬᠣᠯᠪᠤᠭ᠋ᠠᠯᠠᠨ 《ᠲᠢᠶᠠᠨ ᠵᠢᠶᠣᠣ》 ᠰᠡᠳᠬᠢᠯ ᠳᠤᠯᠠᠭ᠋ᠠᠴᠠᠬᠤ  ᠣᠨᠴᠠᠭ᠋ᠠᠶ ᠲᠤᠰᠠᠯᠠᠮᠵᠢ ᠵᠢᠨ ᠲᠥᠷᠥᠯ ᠵᠦᠢ᠍ᠯ᠎ᠢ ᠥᠷᠨᠢᠭᠦᠯᠵᠦ ᠲᠤᠬᠠᠢ ᠵᠢᠨ ᠭᠠᠵᠠᠷ᠎ᠤᠨ ᠡᠷᠦᠬᠡ ᠠᠮᠠ᠎ᠲᠠᠢ 20 ᠰᠠᠭᠤᠭ᠋ᠠᠯᠢ ᠠᠷᠠᠳ᠎ᠢ ᠲᠤᠰᠠᠯᠠᠬᠰᠠᠨ ᠪᠠᠢ᠌ᠨ᠎ᠠ᠃



 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠨᠠᠮ᠎ᠤᠨ ᠪᠠᠶ᠋ᠢᠭᠤᠯᠤᠯᠲᠠ ᠎ᠪᠠᠷ ᠳᠠᠭ᠋ᠠᠭᠤᠯᠵᠤ ᠴᠢᠳᠠᠪᠤᠷᠢ ᠤᠯᠭᠤᠵᠤ ᠬᠠᠮᠲᠤ ᠎ᠪᠠᠷ ᠤᠷᠤᠬᠰᠢᠯᠠᠵᠤ ᠪᠠᠢ᠌ᠨ᠎ᠠ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 11.19
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 11.20
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠲᠤᠬᠠᠢ ᠲᠤᠰᠬᠠᠢ ᠰᠡᠳᠦᠪᠲᠦ ᠪᠤᠯᠪᠠᠰᠤᠷᠠᠯ ᠡᠷᠬᠢᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ᠎ᠬᠢᠨ ᠲᠦᠡᠭᠯᠢᠶᠤᠤ᠎ᠳᠤ ᠬᠥᠳᠡᠭᠡ ᠲᠣᠰᠬᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠲᠤᠷᠰᠢᠯᠭ᠎ᠠ ᠵᠢ ᠳᠡᠯᠭᠡᠷᠡᠭᠦᠯᠬᠦ ᠪᠠ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ ᠡᠷᠬᠢᠯᠡᠪᠡ
 
            