ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠲᠤᠬᠠᠢ ᠲᠤᠰᠬᠠᠢ ᠰᠡᠳᠦᠪᠲᠦ ᠪᠤᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄ 2024-10-28

     ᠠᠷᠠᠳ᠎ᠤᠨ ᠶᠠᠪᠤᠳᠠᠯ᠎ᠤᠨ ᠲᠢᠩᠬᠢᠮ᠎ᠤᠨ ᠪᠠᠢ᠌ᠭᠤᠯᠭ᠎ᠠ ᠵᠢᠨ᠎ᠬᠢᠨ᠎ᠤ ᠱᠠᠯᠠᠪᠳᠠᠭᠤᠯᠤᠨ ᠪᠠᠢ᠌ᠴᠠᠭ᠋ᠠᠵᠤ ᠱᠠᠯᠠᠪᠳᠠᠭᠤᠯᠤᠨ ᠰᠢᠢ᠍ᠳᠪᠦᠷᠢᠯᠡᠬᠦ ᠠᠵᠢᠯ᠎ᠤᠨ ᠴᠢᠳᠠᠪᠤᠷᠢ ᠵᠢ ᠲᠡᠭᠡᠭᠰᠢᠯᠡᠬᠦᠯᠵᠤ ᠠᠵᠢᠯ᠎ᠢ ᠤᠯᠠᠮ ᠲᠦᠷᠢᠮᠵᠢᠬᠦᠨ᠂  ᠬᠠᠨᠳᠤᠯᠭ᠎ᠠ᠎ᠲᠠᠢ᠂ ᠪᠣᠳᠠᠲᠤ ᠦᠷ᠎ᠡ ᠎ᠲᠠᠢ ᠪᠤᠯᠭ᠋ᠠᠵᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠲᠤᠰᠢᠶᠠᠭᠰᠠᠨ ᠡᠯ᠎ᠡ ᠵᠦᠢ᠍ᠯ᠎ᠤᠨ ᠡᠭᠦᠷᠭᠡ ᠵᠢ ᠣᠨᠣᠪᠴᠢᠲᠠᠶ ᠨᠠᠢ᠌ᠳᠠᠪᠤᠷᠢᠵᠢᠭᠤᠯᠬᠤ ᠵᠢᠨ ᠲᠦᠯᠤᠬᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 10 ᠳ᠋ᠤᠭ᠋ᠠᠷ ᠰᠠᠷ᠎ᠠ ᠵᠢᠨ 24᠎ᠤ ᠡᠳᠦᠷ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠲᠤᠰᠬᠠᠢ ᠰᠡᠳᠦᠪᠲᠦ ᠪᠣᠯᠪᠠᠰᠤᠷᠠᠯ ᠡᠷᠬᠢᠯᠡᠬᠦ᠎ᠳᠤ᠎ᠪᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠱᠠᠯᠠᠪᠳᠠᠭᠤᠯᠤᠨ ᠪᠠᠢ᠌ᠴᠠᠭ᠋ᠠᠬᠤ ᠲᠠᠰᠤᠭ᠎ᠤᠨ ᠲᠤᠬᠠᠢ᠌ᠯᠠᠭᠰᠠᠨ ᠠᠵᠢᠯ᠎ᠤᠨ ᠭᠣᠣᠯᠯᠠᠭᠴᠢ ᠬᠦᠴᠦᠨ᠎ᠢ ᠤᠷᠢᠵᠤ 《ᠪᠢᠲᠡᠭᠦᠦ ᠬᠠᠮᠢᠶᠠᠷᠤᠯᠲᠠ ᠵᠢ ᠴᠢᠩᠭ᠋ᠠᠳᠬᠠᠵᠤ ᠨᠠᠢ᠌ᠳᠠᠪᠤᠷᠢᠵᠢᠭᠤᠯᠤᠯᠲᠠ ᠵᠢᠨ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠬᠦ》 ᠰᠡᠳᠦᠪ ᠵᠶ᠋ᠡᠷ ᠲᠤᠰᠬᠠᠢ ᠰᠡᠳᠦᠪᠲᠦ ᠵᠢᠯᠤᠭᠤᠳᠤᠭᠤᠯᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠪᠠᠢ᠌ᠭᠤᠯᠭ᠎ᠠ᠂ ᠰᠢᠭᠤᠳ ᠬᠠᠷᠢᠶ᠎ᠠ ᠪᠠᠢ᠌ᠭᠤᠯᠭ᠎ᠠ ᠵᠢᠨ 50 ᠭᠠᠷᠤᠢ ᠺᠠᠳ᠋ᠷ ᠪᠣᠯᠪᠠᠰᠤᠷᠠᠯ᠎ᠳᠤ ᠣᠷᠣᠯᠴᠠᠪᠠ᠃
   ᠲᠣᠰ ᠬᠢᠴᠢᠶᠡᠯᠯᠡᠬᠡ ᠵᠢᠨ ᠠᠭᠤᠯᠭ᠎ᠠ᠎ᠨᠢ ᠪᠠᠶᠠᠯᠢᠭ ᠪᠥᠭᠡᠳ ᠪᠥᠬᠥ ᠲᠠᠯ ᠵᠢ ᠬᠠᠮᠤᠷᠴᠤ ᠠᠵᠢᠯ᠎ᠤᠨ ᠪᠣᠳᠠᠲᠤ ᠪᠠᠢ᠌ᠳᠠᠯ᠎ᠲᠠᠢ ᠣᠢ᠌ᠷᠠᠲᠤᠨ᠂ ᠣᠨᠣᠯ᠎ᠤᠨ ᠲᠠᠢ᠌ᠯᠤᠮᠵᠢ ᠪᠠ ᠦᠢ᠍ᠯᠡᠳᠦᠯᠭᠡ ᠵᠢᠨ ᠬᠡᠷᠡᠭ᠎ᠤᠨ ᠵᠢᠱ᠌ᠢᠶ᠎ᠡ ᠵᠢ ᠬᠠᠷᠢᠯᠴᠠᠨ ᠤᠶᠠᠯᠳᠤᠭᠤᠯᠵᠤ᠂ ᠱᠠᠯᠠᠪᠳᠠᠭᠤᠯᠤᠨ ᠱᠠᠯᠠᠪᠳᠠᠭᠤᠯᠤᠨ ᠰᠢᠢ᠍ᠳᠪᠦᠷᠢᠯᠡᠭᠦᠯᠬᠦ ᠠᠵᠢᠯ᠎ᠤᠨ ᠴᠢᠬᠤᠯᠠ ᠠᠴᠢ ᠬᠣᠯᠪᠣᠭᠳᠠᠯ᠂ ᠠᠵᠢᠯ᠎ᠤᠨ ᠶᠠᠪᠤᠴᠠ᠂ ᠠᠮᠠᠷᠬᠠᠨ ᠭᠠᠷᠬᠤ ᠠᠰᠠᠭᠤᠳᠠᠯ ᠪᠠ ᠰᠢᠢ᠍ᠳᠪᠦᠷᠢᠯᠡᠬᠦ ᠰᠡᠳᠬᠢᠴᠡ ᠪᠠ ᠠᠷᠭ᠎ᠠ ᠵᠢᠨ ᠲᠠᠯ᠎ᠠ᠎ᠪᠠᠷ ᠪᠥᠬᠥ ᠲᠠᠯ᠎ᠠ ᠵᠢᠨ ᠲᠠᠢ᠌ᠯᠤᠮᠵᠢ ᠬᠢᠭᠰᠡᠨ ᠶᠤᠮ᠃  
 

 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ᠎ᠬᠢᠨ ᠲᠦᠡᠭᠯᠢᠶᠤᠤ᠎ᠳᠤ ᠬᠥᠳᠡᠭᠡ ᠲᠣᠰᠬᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠲᠤᠷᠰᠢᠯᠭ᠎ᠠ ᠵᠢ ᠳᠡᠯᠭᠡᠷᠡᠭᠦᠯᠬᠦ ᠪᠠ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ ᠡᠷᠬᠢᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ 2024 ᠣᠨ᠎ᠤ ᠨᠠᠮ᠎ᠤᠨ ᠠᠵᠢᠯ᠎ᠤᠨ ᠪᠤᠯᠪᠠᠰᠤᠷᠠᠯ ᠡᠷᠬᠢᠯᠡᠪᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 11.21
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 11.22
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 11.25
 
            