ᠠᠷᠠᠳ᠎ᠤᠨ ᠶᠠᠪᠤᠳᠠᠯ᠎ᠤᠨ ᠶᠠᠮᠤᠨ
ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠶᠠᠮᠤᠨ᠎ᠤ ᠰᠠᠢ᠌ᠳ ᠯᠦ᠍ ᡁᠢ ᠶᠤᠸᠠᠨ ᠤᠷᠴᠢᠮ᠎ᠳᠤ 《ᠦᠨᠡᠨ》 ᠰᠡᠳᠬᠦᠯ ᠲᠡᠬᠡᠷ᠎ᠡ 《ᠲᠦᠭᠡᠮᠡᠯ ᠬᠠᠷᠠᠭ᠋ᠠᠯᠵᠠᠯᠳᠤ᠂ ᠰᠠᠭᠤᠷᠢ ᠴᠢᠨᠠᠷᠲᠠᠢ᠂ ᠦᠨᠳᠦᠰᠦᠨ ᠪᠠᠳᠤᠯᠠᠭ᠎ᠠ ᠵᠢᠨ ᠴᠢᠨᠠᠷᠲᠠᠢ ᠠᠷᠠᠳ᠎ᠤᠨ ᠠᠮᠢᠳᠤᠷᠠᠯ᠎ᠤᠨ ᠪᠠᠢ᠌ᠭᠤᠯᠤᠯᠲᠠ ᠵᠢ ᠴᠢᠩᠭ᠋ᠠᠳᠬᠠᠶ᠎ᠠ》 ᠭᠡᠰᠡᠨ ᠨᠡᠷ᠎ᠡ ᠬᠠᠳᠠᠭᠰᠠᠨ ᠵᠣᠬᠢᠶᠠᠯ ᠨᠡᠢ᠌ᠲᠡᠯᠡᠪᠡ᠃ ᠵᠣᠬᠢᠶᠠᠯ᠎ᠳᠤ᠄ 《ᠲᠦᠭᠡᠮᠡᠯ ᠬᠠᠷᠠᠭ᠋ᠠᠯᠵᠠᠯᠳᠤ᠂ ᠰᠠᠭᠤᠷᠢ ᠴᠢᠨᠠᠷᠲᠠᠢ᠂ ᠦᠨᠳᠦᠰᠦᠨ ᠪᠠᠳᠤᠯᠠᠭ᠎ᠠ ᠵᠢᠨ ᠴᠢᠨᠠᠷᠲᠠᠢ ᠠᠷᠠᠳ᠎ᠤᠨ ᠠᠮᠢᠳᠤᠷᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠵᠢᠨ ᠭᠣᠣᠯ ᠴᠢᠬᠤᠯᠠ ᠠᠭᠤᠯᠭ᠎ᠠ ᠵᠢ ᠭᠦᠨᠵᠡᠭᠡᠢ ᠣᠢ᠌ᠯᠠᠭ᠋ᠠᠨ ᠡᠵᠡᠮᠰᠢᠬᠦ ᠬᠡᠷᠡᠭᠲᠡ᠊᠃ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠲᠦᠭᠡᠮᠡᠯ ᠬᠠᠷᠠᠭ᠋ᠠᠯᠵᠠᠯᠳᠤ᠂ ᠰᠠᠭᠤᠷᠢ ᠴᠢᠨᠠᠷᠲᠠᠢ᠂ ᠦᠨᠳᠦᠰᠦᠨ ᠪᠠᠳᠤᠯᠠᠭ᠎ᠠ ᠵᠢᠨ ᠴᠢᠨᠠᠷᠲᠠᠢ ᠠᠷᠠᠳ᠎ᠤᠨ ᠠᠮᠢᠳᠤᠷᠠᠯ᠎ᠤᠨ ᠪᠠᠢ᠌ᠭᠤᠯᠤᠯᠲᠠ ᠵᠢ ᠠᠬᠢᠭᠤᠯᠬᠤ᠃ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠲᠦᠭᠡᠮᠡᠯ ᠬᠠᠷᠠᠭ᠋ᠠᠯᠵᠠᠯᠳᠤ᠂ ᠰᠠᠭᠤᠷᠢ ᠴᠢᠨᠠᠷᠲᠠᠢ᠂ ᠦᠨᠳᠦᠰᠦᠨ ᠪᠠᠳᠤᠯᠠᠭ᠎ᠠ ᠵᠢᠨ ᠴᠢᠨᠠᠷᠲᠠᠢ ᠠᠷᠠᠳ᠎ᠤᠨ ᠠᠮᠢᠳᠤᠷᠠᠯ᠎ᠤᠨ ᠪᠠᠢ᠌ᠭᠤᠯᠤᠯᠲᠠ ᠵᠢᠨ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ ᠵᠢ ᠲᠠᠰᠤᠷᠠᠯᠲᠠ ᠦᠭᠡᠢ ᠴᠢᠡᠭᠭ᠋ᠠᠳᠬᠠᠬᠤ ᠬᠡᠷᠡᠭᠳᠡᠢ》 ᠬᠡᠯᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ
ᠰᠢᠨ᠎ᠡ᠎ᠪᠠᠷ ᠨᠡᠭᠡᠭᠡᠨ ᠬᠥᠭᠵᠢᠭᠦᠯᠦᠭᠰᠡᠨ ᠪᠦᠬᠦ ᠣᠷᠣᠨ᠎ᠤ 《 ᠢᠯᠨ ᠨᠢᠭᠦᠯᠡᠰᠦᠩᠭᠦᠢ》 ᠰᠢᠰᠲ᠋ᠧᠮ᠎ᠢ ᠪᠦᠬᠦ ᠲᠠᠯ᠎ᠠ ᠪᠠᠷ ᠳᠡᠯᠭᠡᠷᠡᠭᠦᠯᠦᠨ᠂ ᠮᠠᠨ᠎ᠤ ᠣᠷᠣᠨ᠎ᠤ ᠨᠢᠭᠦᠯᠡᠰᠦᠩᠭᠦᠢ ᠵᠢᠨ ᠮᠡᠳᠡᠭᠡ ᠵᠠᠩᠭᠢ ᠵᠢ ᠢᠯᠡᠵᠢᠬᠦᠯᠬᠦ ᠠᠵᠢᠯ᠎ᠢ ᠠᠬᠢᠭᠤᠯᠵᠤ᠂ ᠰᠢᠨ᠎ᠡ ᠪᠦᠬᠡᠳ ᠨᠡᠩ ᠥᠨᠳᠥᠷ ᠲᠦᠪᠰᠢᠨ᠎ᠳᠤ ᠬᠦᠷᠬᠡᠬᠦ ᠵᠢᠨ ᠲᠦᠯᠤᠬᠡ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠪᠣᠯᠣᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠣᠮᠣ ᠳ᠋ᠠᠢ᠌ᠲ᠋ᠠ ᠵᠢᠨ ᠲᠥᠪ ᠬᠠᠮᠲᠤᠷᠠᠨ 11 ᠳ᠋ᠤᠬᠡᠷ ᠰᠠᠷ᠎ᠠ ᠵᠢᠨ 15᠎ᠤ ᠡᠳᠦᠷ ᠬᠥᠬᠡᠬᠣᠲᠠ᠎ᠳᠤ 《 ᠢᠯᠨ ᠨᠢᠭᠦᠯᠡᠰᠦᠩᠭᠦᠢ》 ᠵᠢᠨ ᠰᠢᠰᠲ᠋ᠧᠮ᠎ᠤᠨ ᠴᠢᠳᠠᠮᠵᠢ ᠵᠢᠨ ᠰᠣᠷᠢᠯᠲᠠ ᠵᠢᠨ ᠪᠣᠯᠪᠠᠰᠤᠷᠠᠯ ᠡᠷᠬᠢᠯᠡᠵᠦ᠂ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠪᠣᠯᠣᠨ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠎ᠨᠤᠭᠤᠳ 《 ᠢᠯᠨ ᠨᠢᠭᠦᠯᠡᠰᠦᠩᠭᠦᠢ》 ᠵᠢᠨ ᠰᠢᠰᠲ᠋ᠧᠮ᠎ᠢ ᠬᠡᠷᠡᠭᠯᠡᠬᠦ ᠵᠢᠨ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂ ᠨᠢᠭᠦᠯᠡᠰᠦᠩᠭᠦᠢ ᠵᠢᠨ ᠮᠡᠳᠡᠭᠡ ᠵᠠᠩᠭᠢ ᠵᠢ ᠣᠷᠣᠭᠤᠯᠬᠤ᠂ ᠪᠠᠢ᠌ᠩᠭᠤᠵᠢᠭᠤᠯᠤᠨ ᠠᠬᠢᠭᠤᠯᠬᠤ ᠪᠠ ᠨᠢᠭᠦᠯᠡᠰᠦᠩᠭᠦᠢ ᠵᠢᠨ ᠮᠡᠳᠡᠭᠡ ᠵᠠᠩᠭᠢ ᠵᠢᠨ ᠰᠢᠨ᠎ᠡ ᠵᠢ ᠡᠭᠦᠳᠬᠦ ᠠᠵᠢᠯ᠎ᠢ ᠴᠠᠭ ᠲᠤᠬᠠᠢ ᠳᠤᠨᠢ ᠪᠡᠶᠡᠯᠡᠭᠦᠯᠬᠦ ᠬᠡᠷᠡᠭᠲᠡᠢ ᠭᠡᠵᠦ ᠱᠠᠭ᠋ᠠᠷᠳᠠᠭᠰᠠᠨ ᠪᠥᠭᠡᠳ ᠰᠤᠳᠤᠯᠤᠨ ᠨᠡᠭᠡᠭᠡᠬᠦ ᠠᠵᠢᠯᠲᠠᠨ᠎ᠢ ᠤᠷᠢᠵᠤ ᠰᠢᠰᠲ᠋ᠧᠮ᠎ᠢ ᠠᠵᠢᠯᠯᠠᠭᠤᠯᠵᠤ ᠬᠡᠷᠡᠭᠯᠡᠬᠦ ᠶᠠᠪᠤᠴᠠ ᠵᠢ ᠲᠤᠬᠠᠢ ᠵᠢᠨ ᠭᠠᠵᠠᠷ᠎ᠲᠤᠨᠢ ᠵᠢᠭ᠋ᠠᠨ ᠵᠢᠯᠣᠭᠣᠳᠤᠭᠤᠯᠤᠭᠰᠠᠨ ᠪᠠᠢ᠌ᠨ᠎ᠠ᠃
ᠬᠡᠦᠬᠡᠳ᠎ᠤᠨ ᠠᠰᠠᠷᠠᠮᠵᠢ
ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ ᠬᠡᠦᠬᠡᠳ᠎ᠢ ᠬᠠᠯᠠᠮᠵᠢᠯᠠᠨ ᠬᠠᠢ᠌ᠷᠠᠯᠠᠬᠤ ᠪᠠᠲᠤᠯᠠᠭ᠎ᠠ ᠵᠢᠨ ᠰᠢᠰᠲᠸᠮ᠎ᠤᠨ ᠪᠠᠢ᠌ᠭᠤᠯᠤᠯᠲᠠ ᠵᠢ ᠲᠠᠰᠤᠷᠠᠯᠲᠠ ᠦᠭᠡᠢ ᠴᠢᠩᠭ᠋ᠠᠳᠬᠠᠵᠤ᠂ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠤᠨ ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢᠨ ᠪᠠᠷᠢᠮᠵᠢᠶ᠎ᠠ ᠵᠢᠨ ᠠᠶᠠᠨᠳᠠᠭ᠋ᠠᠨ ᠨᠡᠮᠡᠭᠳᠡᠬᠦ ᠲᠣᠭᠲᠠᠴᠠ ᠵᠢ ᠪᠦᠲᠦᠮᠵᠢᠲᠡᠶ ᠨᠠᠢ᠌ᠳᠠᠪᠤᠷᠢᠵᠢᠭᠤᠯᠪᠠ᠃ 《ᠵᠢᠭᠦᠷ ᠤᠷᠭᠤᠭᠤᠯᠬᠤ ᠲᠥᠯᠥᠪᠯᠡᠭᠡ》 ᠵᠢᠨ ᠲᠥᠷᠥᠯ ᠵᠦᠢ᠍ᠯ ᠵᠶ᠋ᠡᠷ ᠳᠠᠮᠵᠢᠭᠤᠯᠤᠨ ᠬᠦᠴᠢᠷᠳᠡᠯ᠎ᠳᠤ ᠲᠤᠯᠭ᠋ᠠᠷᠠᠭᠰᠠᠨ 2600 ᠭᠠᠷᠤᠢ ᠬᠡᠦᠬᠡᠳ᠎ᠲᠤ ᠲᠥᠷᠥᠯᠬᠢ ᠵᠢᠷᠦᠬᠡᠨ ᠡᠪᠡᠳᠴᠢᠨ᠎ᠢ ᠰᠢᠭᠰᠢᠨ ᠪᠠᠢ᠌ᠴᠠᠭ᠋ᠠᠭ᠋ᠠᠳ ᠨᠥᠬᠥᠴᠡᠯ᠎ᠳᠤ ᠨᠡᠢ᠌ᠴᠡᠬᠦ 8 ᠬᠡᠦᠬᠡᠳ᠎ᠲᠤ ᠮᠡᠰᠡ ᠵᠠᠰᠠᠯ ᠬᠢᠯᠭᠡᠬᠦ᠎ᠪᠠᠷ ᠲᠣᠬᠢᠷᠠᠭᠤᠯᠪᠠ᠃ 《ᠥᠨᠥᠴᠢᠨ ᠬᠡᠦᠬᠡᠳ᠎ᠤᠨ ᠡᠮᠴᠢᠯᠡᠭᠡ ᠡᠷᠡᠭᠦᠯᠵᠢᠯ᠎ᠤᠨ ᠢᠷᠡᠬᠡᠳᠤᠢ᠌ᠴᠢ ᠲᠥᠯᠥᠪᠯᠡᠭᠡ》 ᠵᠢᠨ ᠲᠥᠷᠥᠯ ᠵᠦᠢ᠍ᠯ ᠵᠶ᠋ᠡᠷ ᠲᠤᠰᠠᠯᠠᠬᠤ ᠪᠠᠷᠢᠮᠵᠢᠶ᠎ᠠ᠎ᠳᠤ ᠨᠡᠢ᠌ᠴᠡᠭᠰᠡᠨ ᠬᠡᠦᠬᠡᠳ᠎ᠢ ᠨᠡᠶ᠋ᠢᠲᠡ 18 ᠬᠥᠮᠥᠨ ᠤᠳᠠᠭ᠎ᠠ ᠡᠮᠨᠡᠯᠭᠡ᠎ᠳᠤ ᠰᠠᠭᠤᠯᠭ᠋ᠠᠨ ᠡᠮᠨᠡᠭᠦᠯᠵᠦ᠂ 55 ᠬᠥᠮᠥᠨ ᠡᠮᠨᠡᠯᠭᠡ᠎ᠳᠤ ᠰᠠᠭᠤᠯᠭ᠋ᠠᠨ ᠡᠷᠡᠭᠦᠯᠵᠢᠭᠦᠯᠵᠦ᠂ ᠬᠡᠦᠬᠡᠳ᠎ᠤᠨ ᠠᠰᠠᠷᠠᠮᠵᠢ ᠵᠢᠨ ᠲᠤᠤᠷᠵᠢᠯ᠎ᠢ ᠨᠠᠩ ᠲᠡᠭᠦᠯᠳᠡᠷᠵᠢᠭᠦᠯᠪᠡ᠃
ᠪᠠᠶᠠᠨᠨᠠᠭᠤᠷ ᠬᠤᠳᠠ ᠵᠢᠨ᠎ᠬᠢᠨ ᠦᠨᠳᠦᠰᠦᠨ ᠱᠠᠲᠤᠨ᠎ᠤ ᠬᠡᠦᠬᠡᠳ᠎ᠤᠨ ᠠᠵᠢᠯ᠎ᠤᠨ ᠬᠦᠴᠦᠨ᠎ᠢ ᠦᠷᠭᠦᠯᠵᠢᠯᠡᠨ ᠴᠢᠩᠭ᠋ᠠᠳᠬᠠᠵᠤ ᠬᠡᠦᠬᠡᠳ᠎ᠢ ᠬᠠᠯᠠᠮᠵᠢᠯᠠᠨ ᠬᠠᠢ᠌ᠷᠠᠯᠠᠬᠤ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠪᠠ᠃ ᠣᠲᠣ ᠪᠣᠯᠲᠠᠯ᠎ᠠ ᠪᠥᠬᠥ ᠬᠣᠲᠠ ᠵᠢᠨ 70 ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠪᠣᠯᠣᠨ 801 ᠭᠠᠴᠠᠭ᠎ᠠ ᠲᠣᠰᠬᠣᠨ᠂ ᠨᠡᠢ᠌ᠭᠡᠮ ᠲᠣᠭᠣᠷᠢᠭ᠎ᠲᠤ ᠬᠡᠦᠬᠡᠳ᠎ᠤᠨ ᠬᠢᠨᠠᠨ ᠵᠢᠯᠣᠭᠣᠳᠤᠭᠴᠢ᠂ ᠬᠡᠦᠬᠡᠳ᠎ᠤᠨ ᠡᠷᠬᠢᠯᠡᠭᠴᠢ ᠪᠣᠯᠣᠨ ᠨᠠᠰᠤᠨ᠎ᠳᠤ ᠦᠯᠤ ᠬᠦᠷᠦᠭᠰᠡᠳ᠎ᠤᠨ ᠲᠤᠬᠠᠢ ᠠᠵᠢᠯ᠎ᠤᠨ ᠥᠷᠲᠡᠭᠡ ᠵᠢ ᠨᠡᠢ᠌ᠳᠡᠮ ᠪᠦᠷᠬᠦᠭᠦᠯᠬᠦ ᠵᠢ ᠪᠡᠶᠡᠯᠡᠭᠦᠯᠪᠡ᠃ 2024 ᠣᠨ᠎ᠳᠤ ᠬᠣᠲᠠ᠂ ᠬᠣᠰᠢᠭᠤ ᠰᠢᠶᠠᠨ ᠲᠤᠰᠬᠠᠢ ᠮᠡᠷᠭᠡᠵᠢᠯ᠎ᠤᠨ ᠪᠣᠯᠪᠠᠰᠤᠷᠠᠯ᠎ᠢ 17 ᠬᠤᠭᠤᠴᠠᠭ᠎ᠠ ᠥᠷᠨᠢᠭᠦᠯᠵᠦ᠂ 1830 ᠬᠥᠮᠥᠨ ᠪᠣᠯᠪᠠᠰᠤᠷᠠᠯ᠎ᠳᠤ ᠣᠷᠣᠯᠴᠠᠵᠤ᠂ ᠦᠨᠳᠦᠰᠦᠨ ᠱᠠᠲᠤᠨ᠎ᠤ ᠬᠡᠦᠬᠡᠳ᠎ᠤᠨ ᠠᠵᠢᠯᠲᠠᠨ᠎ᠤ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ᠂ ᠬᠠᠯᠠᠮᠵᠢᠯᠠᠨ ᠬᠠᠢ᠌ᠷᠠᠯᠠᠬᠤ ᠦᠢ᠍ᠯᠡᠴᠢᠯᠡᠭᠡᠨ᠎ᠤ ᠴᠢᠳᠠᠪᠤᠷᠢ ᠵᠢ ᠤᠯᠠᠮ ᠲᠡᠭᠡᠭᠰᠢᠯᠡᠬᠦᠯᠦᠭᠰᠡᠨ ᠪᠠᠢ᠌ᠨ᠎ᠠ᠃
ᠣᠷᠣᠨ᠎ᠤ ᠭᠠᠳᠠᠨᠠᠬᠢ ᠮᠡᠳᠡᠭᠡ ᠵᠠᠩᠭᠢ
ᠪᠡᠭᠡᠵᠢᠩ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠦᠯᠵᠢᠶᠡᠨ ᠳᠡᠭᠡᠷᠡᠬᠢ 《ᠡᠪᠦᠯ ᠡᠮᠦᠨᠡᠰᠢ᠎ᠪᠠᠨ᠂ ᠵᠤᠨ ᠬᠤᠢ᠌ᠰᠢ᠎ᠪᠠᠨ 》 ᠮᠠᠶᠢᠭ᠎ᠤᠨ ᠵᠢᠭᠤᠯᠴᠢᠯᠠᠯ᠎ᠤᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠦᠢ᠍ᠯᠡᠴᠢᠯᠡᠭᠡᠨ᠎ᠤ ᠲᠠᠪᠴᠠᠩ᠎ᠨᠢ ᠤᠷᠴᠢᠮ᠎ᠳᠤ 60 ᠭᠠᠷᠤᠢ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢ ᠬᠠᠮᠤᠷᠤᠭᠰᠠᠨ ᠪᠠᠢ᠌ᠨ᠎ᠠ᠃ ᠲᠣᠰ ᠲᠠᠪᠴᠠᠩ ᠵᠶ᠋ᠠᠷ ᠳᠡᠮᠵᠢᠨ ᠨᠠᠰᠤᠲᠠᠢ᠌ᠴᠤᠳ ᠲᠣᠰ ᠪᠡᠶ᠎ᠡ ᠵᠢᠨ ᠬᠡᠷᠡᠭᠴᠡᠭᠡ ᠱᠠᠭ᠋ᠠᠷᠳᠠᠯᠭ᠎ᠠ ᠪᠠ ᠳᠤᠷ᠎ᠠ ᠰᠣᠨᠢᠷᠬᠠᠯ ᠵᠶ᠋ᠠᠨ ᠦᠨᠳᠦᠰᠦᠯᠡᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠭᠠᠵᠠᠷ ᠵᠦᠢ ᠵᠢᠨ ᠪᠠᠢ᠌ᠷᠢᠰᠢᠯ᠂ ᠣᠷᠣ ᠵᠢᠨ ᠮᠡᠳᠡᠭᠡ ᠵᠠᠩᠭᠢ᠂ ᠰᠦᠢ᠍ᠳᠬᠡᠯ ᠬᠤᠷᠢᠶᠠᠬᠤ ᠪᠠᠷᠢᠮᠵᠢᠶ᠎ᠠ ᠵᠡᠷᠭᠡ ᠦᠨᠳᠦᠰᠦᠨ ᠮᠡᠳᠡᠭᠡ ᠵᠠᠩᠭᠢ ᠵᠢ ᠣᠢ᠌ᠯᠠᠭ᠋ᠠᠵᠤ ᠦᠢ᠍ᠯᠡᠴᠢᠯᠡᠭᠡᠨ᠎ᠤ ᠯᠠᠪᠯᠠᠭ᠎ᠠ ᠪᠠ ᠵᠠᠬᠢᠶᠠᠯᠠᠭ᠎ᠠ᠎ᠪᠠᠷ ᠳᠠᠮᠵᠢᠭᠤᠯᠤᠨ ᠥᠪᠡᠷ᠎ᠲᠤ᠎ᠪᠠᠨ ᠲᠣᠬᠢᠷᠠᠬᠤ ᠵᠢᠭᠤᠯᠴᠢᠯᠠᠵᠤ ᠰᠠᠭᠤᠬᠤ ᠪᠠ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢ ᠰᠣᠩᠭᠣᠵᠤ ᠪᠤᠯᠬᠤ ᠶᠤᠮ ᠪᠠᠢ᠌ᠨ᠎ᠠ᠃