ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠨᠠᠮ᠎ᠤᠨ ᠪᠠᠶ᠋ᠢᠭᠤᠯᠤᠯᠲᠠ ᠎ᠪᠠᠷ ᠳᠠᠭ᠋ᠠᠭᠤᠯᠵᠤ ᠴᠢᠳᠠᠪᠤᠷᠢ ᠤᠯᠭᠤᠵᠤ ᠬᠠᠮᠲᠤ ᠎ᠪᠠᠷ ᠤᠷᠤᠬᠰᠢᠯᠠᠵᠤ ᠪᠠᠢ᠌ᠨ᠎ᠠ
ᠨᠡᠶᠢᠲᠡᠯᠡᠭᠰᠡᠨ ᠴᠠᠭ᠄ 2024-11-20

    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠨᠠᠮ᠎ᠤᠨ  ᠬᠤᠷᠢᠶ᠎ᠠ ᠵᠢᠨ ᠬᠣᠶᠠᠳᠤᠭ᠋ᠠᠷ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠦᠷᠳᠡᠭᠡ ᠵᠢᠨ ᠵᠢᠯᠤᠭᠤᠳᠤᠯᠭ᠎ᠠ ᠪᠠ ᠳᠡᠮᠵᠢᠯᠭᠡ ᠎ᠪᠠᠷ ᠥᠪᠥᠷ ᠮᠣᠩᠭᠣᠯ᠎ᠤᠨ ᠵᠧᠵᠢᠶᠠᠩ᠎ᠤᠨ ᠬᠤᠳᠠᠯᠳᠤᠭ᠋ᠠᠴᠢᠳ᠎ᠤᠨ ᠡᠪᠯᠡᠯ ᠪᠣᠯᠤᠨ ᠥᠪᠥᠷ ᠮᠣᠩᠭᠣᠯ᠎ᠤᠨ ᠪᠠᠷᠤᠭᠰᠢᠨ ᠪᠸᠲ᠋ᠤᠨ᠎ᠤ ᠠᠵᠢᠯ ᠲᠦᠷᠦᠯ᠎ᠤᠨ ᠨᠡᠶ᠋ᠢᠭᠡᠮᠯᠢᠭ᠎ᠤᠨ ᠭᠣᠣᠯ ᠬᠠᠷᠢᠭᠤᠴᠠᠯᠭ᠋ᠠᠲᠠᠨ ᠨᠥᠬᠥᠳ 2024 ᠣᠨ᠎ᠤ 11 ᠳ᠋ᠦ᠍ᠭᠡᠷ ᠰᠠᠷ᠎ᠠ ᠵᠢᠨ 12᠎ᠤᠨ ᠡᠳᠦᠷ ᠥᠪᠥᠷ ᠮᠣᠩᠭᠣᠯ᠎ᠤᠨ ᠵᠧᠵᠢᠶᠠᠩ᠎ᠤᠨ ᠬᠤᠳᠠᠯᠳᠤᠭ᠋ᠠᠴᠢᠳ᠎ᠤᠨ ᠡᠪᠯᠡᠯ᠎ᠤᠨ ᠨᠠᠮ᠎ᠤᠨ ᠭᠡᠰᠢᠭᠦᠨ᠎ᠤ  ᠦᠷᠦᠭᠡ᠎ᠳᠤ ᠶᠠᠷᠢᠯᠴᠠᠬᠤ ᠬᠤᠷᠠᠯ ᠬᠢᠵᠤ᠂ ᠨᠠᠮ᠎ᠤᠨ ᠪᠠᠶ᠋ᠢᠭᠤᠯᠤᠯᠲᠠ ᠵᠢᠨ ᠳᠠᠭ᠋ᠠᠭᠤᠯᠬᠤ ᠠᠵᠢᠯ᠎ᠢ ᠴᠢᠩᠭ᠋ᠠᠳᠬᠠᠬᠤ᠂ ᠵᠣᠬᠢᠶᠠᠨ ᠪᠠᠶ᠋ᠢᠭᠤᠯᠤᠯᠲᠠ ᠵᠢᠨ ᠰᠠᠭᠤᠷᠢ ᠎ᠪᠠᠨ ᠪᠡᠬᠢᠵᠢᠭᠦᠯᠬᠦ᠂ ᠴᠢᠨᠠᠷᠯᠢᠭ ᠨᠠᠮ᠎ᠤᠨ ᠪᠠᠶ᠋ᠢᠭᠤᠯᠤᠯᠲᠠ ᠵᠢᠨ ᠳᠠᠭ᠋ᠠᠭᠤᠯᠭ᠎ᠠ ᠎ᠪᠠᠷ ᠴᠢᠨᠠᠷᠯᠢᠭ ᠬᠥᠭᠵᠢᠯᠲᠡ ᠵᠢ  ᠪᠠᠲᠤᠯᠠᠬᠤ᠂ ᠬᠠᠮᠲᠤᠷᠠᠯᠴᠠᠭ᠋ᠠᠨ᠎ᠤ ᠠᠵᠠ ᠲᠣᠬᠢᠶᠠᠯ᠎ᠢ  ᠬᠠᠮᠳᠤ ᠎ᠪᠠᠷ ᠡᠷᠢᠯᠬᠢᠯᠡᠬᠦ᠂ ᠬᠥᠭᠵᠢᠯᠲᠡ ᠵᠢᠨ ᠠᠯᠤᠰ᠎ᠤᠨ ᠲᠥᠯᠥᠪ᠎ᠢ  ᠬᠠᠮᠳᠤ ᠎ᠪᠠᠷ ᠶᠠᠷᠢᠯᠴᠠᠬᠤ ᠵᠡᠷᠭᠡ ᠠᠭᠤᠯᠭ᠎ᠠ ᠵᠢᠨ ᠲᠣᠭᠣᠷᠢᠨ᠎ᠳᠤ ᠢᠳᠡᠪᠬᠢᠲᠡᠢ ᠶᠠᠷᠢᠶ᠎ᠠ  ᠦᠷᠨᠢᠬᠦᠯᠤᠬᠡᠳ ᠠᠬᠤᠢ ᠲᠠᠯᠠᠪᠠᠢ ᠵᠢᠨ  ᠬᠥᠭ ᠠᠮᠢᠰᠬᠤᠯ  ᠬᠥᠭᠵᠢᠶᠡᠨᠲᠡᠢ ᠪᠠᠶ᠋ᠢᠯ᠎ᠠ᠃
    ᠥᠪᠥᠷ ᠮᠣᠩᠭᠣᠯ᠎ᠤᠨ ᠪᠠᠷᠤᠭᠰᠢᠨ ᠪᠸᠲ᠋ᠤᠨ᠎ᠤ ᠠᠵᠢᠯ ᠲᠦᠷᠦᠯ᠎ᠤᠨ ᠨᠡᠶ᠋ᠢᠭᠡᠮᠯᠢᠭ᠎ᠤᠨ 7 ᠬᠥᠮᠦᠨ ᠥᠪᠥᠷ ᠮᠣᠩᠭᠣᠯ᠎ᠤᠨ ᠵᠧᠵᠢᠶᠠᠩ᠎ᠤᠨ ᠬᠤᠳᠠᠯᠳᠤᠭ᠋ᠠᠴᠢᠳ᠎ᠤᠨ ᠡᠪᠯᠡᠯ᠎ᠤᠨ ᠨᠠᠮ᠎ᠤᠨ ᠡᠭᠦᠷ᠎ᠤᠨ ᠨᠠᠮ᠎ᠤᠨ ᠪᠠᠶ᠋ᠢᠭᠤᠯᠤᠯᠲᠠ ᠵᠢᠨ ᠰᠣᠶᠣᠯ ᠤᠬᠠᠭᠤᠯᠭ᠎ᠠ ᠵᠢᠨ  ᠬᠠᠨ᠎ᠠ᠂ ᠨᠠᠮ᠎ᠤᠨ ᠭᠡᠰᠢᠭᠦᠨ᠎ᠤ ᠠᠵᠢᠯᠯᠠᠭ᠋ᠠᠨ᠎ᠤ ᠲᠠᠰᠤᠭ ᠵᠡᠷᠭᠡ ᠵᠢᠨ ᠪᠠᠶ᠋ᠢᠭᠤᠯᠤᠯᠲᠠ ᠵᠢ  ᠲᠣᠭᠣᠷᠢᠨ ᠰᠤᠷᠤᠯᠴᠠᠵᠤ᠂ ᠥᠪᠥᠷ ᠮᠣᠩᠭᠣᠯ᠎ᠤᠨ ᠵᠧᠵᠢᠶᠠᠩ᠎ᠤᠨ ᠬᠤᠳᠠᠯᠳᠤᠭ᠋ᠠᠴᠢᠳ᠎ᠤᠨ ᠡᠪᠯᠡᠯ᠎ᠤᠨ ᠨᠠᠮ᠎ᠤᠨ ᠡᠭᠦᠷ᠎ᠤᠨ ᠱᠦᠵᠢ  ᠪᠠᠭ᠎ᠤᠨ ᠵᠢᠱ᠌ᠢᠶᠡᠴᠢ ᠦᠢ᠍ᠯᠡᠳᠦᠯ᠎ᠢ ᠴᠢᠩᠭ᠋ᠠᠳᠬᠠᠬᠤ᠂ ᠨᠠᠮ᠎ᠤᠨ ᠭᠡᠰᠢᠭᠦᠨ᠎ᠤ ᠵᠢᠱ᠌ᠢᠶᠡᠴᠢ ᠦᠢ᠍ᠯᠡᠳᠦᠯ᠎ᠢ ᠪᠠᠳᠠᠷᠠᠭᠤᠯᠬᠤ ᠪᠠ ᠨᠠᠮ᠎ᠤᠨ ᠡᠭᠦᠷ᠎ᠤᠨ ᠬᠣᠯᠪᠣᠭ᠋ᠠᠰᠤ ᠵᠢᠨ ᠦᠢ᠍ᠯᠡᠳᠦᠯ᠎ᠢ ᠪᠠᠳᠠᠷᠠᠭᠤᠯᠬᠤ ᠵᠡᠷᠭᠡ ᠭᠤᠷᠪᠠᠨ ᠲᠠᠯ᠎ᠠ᠎ᠠᠴᠠ ᠬᠤᠳᠠᠯᠳᠤᠭ᠋ᠠᠴᠢᠳ᠎ᠤᠨ ᠡᠪᠯᠡᠯ᠎ᠤᠨ ᠨᠠᠮ᠎ᠤᠨ ᠡᠭᠦᠷ᠎ᠤᠨ ᠲᠤᠰ ᠪᠡᠶ᠎ᠡ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠣᠯᠤᠯᠲᠠ ᠲᠦᠷᠦᠭᠳᠡᠯ ᠵᠶ᠋ᠠᠨ ᠶᠠᠷᠢᠪᠠ᠃
    ᠬᠤᠷᠠᠯ ᠳᠡᠭᠡᠷ᠎ᠡ ᠪᠠᠰᠠ ᠨᠠᠮ᠎ᠤᠨ ᠪᠠᠶ᠋ᠢᠭᠤᠯᠤᠯᠲᠠ ᠪᠣᠯᠤᠨ ᠲᠤᠬᠠᠶ᠋ᠢᠯᠠᠭᠰᠠᠨ ᠠᠵᠢᠯ᠎ᠤᠨ ᠠᠭᠤᠰᠤᠯᠴᠠᠯ ᠵᠶ᠋ᠠᠨ ᠬᠡᠷᠬᠢᠨ ᠴᠢᠩᠭ᠋ᠠᠳᠬᠠᠵᠤ᠂ ᠬᠣᠶᠠᠷ  ᠡᠲᠡᠭᠡᠳ᠎ᠤᠨ ᠭᠦᠨᠵᠡᠭᠡᠢ ᠮᠦᠷᠲᠡᠭᠡᠨ ᠤᠯᠠᠨ ᠲᠠᠯ᠎ᠠ ᠵᠢᠨ ᠬᠠᠮᠲᠤᠷᠠᠯᠴᠠᠭ᠎ᠠ ᠵᠢ ᠠᠬᠢᠭᠤᠯᠬᠤ ᠲᠤᠬᠠᠢ  ᠰᠠᠨᠠᠯ ᠵᠶ᠋ᠠᠨ ᠰᠤᠯᠢᠯᠴᠠᠵᠠᠢ᠃  ᠲᠤᠰ  ᠶᠠᠷᠢᠯᠴᠠᠬᠤ ᠬᠤᠷᠠᠯ᠎ᠨᠢ ᠨᠠᠮ᠎ᠤᠨ ᠪᠠᠶ᠋ᠢᠭᠤᠯᠤᠯᠲᠠ᠎ᠪᠠᠷ ᠠᠵᠢᠯ ᠦᠢ᠍ᠯᠡᠰ᠎ᠤᠨ ᠬᠥᠭᠵᠢᠯᠲᠡ ᠵᠢ ᠳᠠᠭ᠋ᠠᠭᠤᠯᠬᠤ ᠰᠡᠳᠬᠢᠴᠡ ᠵᠢ ᠲᠣᠳᠣᠷᠬᠠᠶ᠋ᠢᠯᠠᠭᠰᠠᠨ ᠵᠶ᠋ᠠᠷ ᠪᠠᠷᠠᠬᠤ ᠦᠭᠡᠢ ᠪᠠᠰᠠ ᠳᠠᠷᠠᠭ᠋ᠠᠴᠢ᠎ᠪᠠᠷ ᠬᠠᠮᠲᠤᠷᠠᠯᠴᠠᠭ᠋ᠠᠨ᠎ᠤ  ᠬᠦᠷᠢᠶ᠎ᠡ ᠴᠠᠷᠠᠭ᠎ᠠ᠎ᠪᠠᠨ ᠭᠦᠨᠵᠡᠭᠡᠶ᠋ᠢᠷᠡᠭᠦᠯᠬᠦ᠂ ᠰᠣᠯᠢᠯᠴᠠᠭ᠋ᠠᠨ᠎ᠤ ᠠᠷᠭ᠎ᠠ ᠵᠠᠮ ᠵᠶ᠋ᠠᠨ ᠥᠷᠭᠡᠳᠬᠡᠬᠦ᠎ᠳᠤ ᠪᠠᠲᠤ ᠪᠡᠬᠢ ᠰᠠᠭᠤᠷᠢ ᠵᠢ  ᠲᠠᠯᠪᠢᠯ᠎ᠠ ᠭᠡᠵᠦ ᠤᠯᠠᠨ ᠵᠶ᠋ᠠᠷ ᠵᠶ᠋ᠠᠨ ᠰᠠᠨᠠᠯ ᠨᠢᠭᠡᠲᠡᠢ  ᠦᠵᠡᠵᠡᠭᠡᠪᠡ᠃
   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠨᠠᠮ᠎ᠤᠨ  ᠬᠤᠷᠢᠶ᠎ᠠ ᠵᠢᠨ᠎ᠬᠢᠨ ᠨᠢᠳᠤᠨᠤᠨ᠎ᠠᠴᠠ  ᠨᠠᠭ᠋ᠠᠰᠢ  ᠬᠥᠭᠵᠢᠯᠲᠡ ᠵᠢᠨ ᠠᠷᠭ᠎ᠠ ᠵᠠᠮ ᠵᠶ᠋ᠠᠨ ᠥᠷᠭᠡᠳᠬᠡᠵᠦ᠂  ᠦᠢ᠍ᠯᠡᠴᠢᠯᠡᠭᠡᠨ᠎ᠤ ᠬᠥᠷᠢᠶ᠎ᠡ  ᠬᠡᠪᠴᠢᠶ᠎ᠡ᠎ᠪᠠᠨ ᠲᠡᠯᠡᠵᠦ᠂ ᠵᠠᠰᠠᠭ ᠵᠠᠬᠢᠷᠭ᠋ᠠᠨ᠎ᠤ  ᠤᠷᠤᠨ ᠬᠤᠪᠢᠶᠠᠷᠢᠯᠠᠯ ᠎ᠢ  ᠦᠨᠳᠦᠰᠦᠯᠡᠵᠦ 4 ᠰᠢᠭᠤᠳ ᠬᠠᠷᠢᠶ᠎ᠠ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠦᠷᠳᠡᠭᠡ ᠪᠠᠶ᠋ᠢᠭᠤᠯᠪᠠ᠃ ᠡᠯ᠎ᠡ ᠠᠵᠢᠯ᠎ᠤᠨ ᠦᠷᠳᠡᠭᠡ ᠵᠢᠨ᠎ᠬᠢᠨ ᠬᠥᠭᠥᠷᠭᠡ ᠬᠣᠯᠪᠣᠭ᠋ᠠᠰᠤ ᠵᠢᠨ ᠦᠢ᠍ᠯᠡᠳᠦᠯ ᠵᠶ᠋ᠠᠨ ᠭᠦᠢ᠍ᠴᠡᠳ  ᠪᠠᠳᠠᠷᠠᠭᠤᠯᠤᠨ᠂ ᠬᠠᠮᠲᠤᠷᠠᠯᠴᠠᠭ᠋ᠠᠨ᠎ᠤ ᠲᠠᠪᠴᠠᠩ᠎ᠢ ᠢᠳᠡᠪᠬᠢᠲᠡᠢ ᠪᠠᠶ᠋ᠢᠭᠤᠯᠵᠤ᠂ ᠨᠠᠮ᠎ᠤᠨ ᠪᠠᠶ᠋ᠢᠭᠤᠯᠤᠯᠲᠠ ᠵᠢᠨ ᠡᠬᠢ ᠪᠠᠶᠠᠯᠢᠭ᠎ᠢ  ᠬᠠᠮᠲᠤ᠎ᠪᠠᠷ ᠡᠳ᠋ᠯᠡᠬᠦ᠂ ᠳᠠᠪᠠᠭᠤᠯᠢᠭ  ᠲᠠᠯ᠎ᠠ᠎ᠪᠠᠷ ᠵᠶ᠋ᠠᠨ ᠬᠠᠷᠢᠯᠴᠠᠨ ᠨᠥᠬᠥᠪᠥᠷᠢᠯᠡᠬᠦ ᠵᠢ ᠠᠬᠢᠭᠤᠯᠵᠤ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ  ᠲᠤᠭᠤᠰᠢᠯᠠᠭᠤᠯᠤᠭᠰᠠᠨ ᠦᠷ᠎ᠡ ᠪᠦᠲᠦᠭᠡᠯ ᠵᠶ᠋ᠠᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠪᠣᠳᠠᠲᠠᠢ ᠠᠵᠢᠯᠯᠠᠭ᠎ᠠ ᠪᠣᠯᠭ᠋ᠠᠨ ᠬᠤᠪᠢᠷᠠᠭᠤᠯᠤᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠰᠢᠨ᠎ᠡ ᠠᠷᠭ᠎ᠠ ᠵᠠᠮ᠎ᠢ ᠰᠦᠪᠡᠭᠴᠢᠯᠡᠵᠦ᠂  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠶ᠋ᠢᠭᠡᠮ᠎ᠤᠨ ᠴᠢᠨᠠᠷᠯᠢᠭ ᠬᠥᠭᠵᠢᠯᠲᠡ᠎ᠳᠤ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠎ᠬᠢᠨ ᠬᠦᠴᠦᠨ ᠴᠢᠳᠠᠯ ᠵᠶ᠋ᠠᠨ  ᠡᠷᠭᠦᠭᠰᠡᠭᠡᠷ ᠢᠷᠡᠯ᠎ᠡ᠃
                                            

 




  

 

ᠢᠷᠡᠯᠲᠡ᠄ ᠦᠪᠤᠷ ᠮᠤᠡᠭᠭᠤᠯ ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 11.19
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 11.20
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠲᠤᠬᠠᠢ ᠲᠤᠰᠬᠠᠢ ᠰᠡᠳᠦᠪᠲᠦ ᠪᠤᠯᠪᠠᠰᠤᠷᠠᠯ ᠡᠷᠬᠢᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ᠎ᠬᠢᠨ ᠲᠦᠡᠭᠯᠢᠶᠤᠤ᠎ᠳᠤ ᠬᠥᠳᠡᠭᠡ ᠲᠣᠰᠬᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠲᠤᠷᠰᠢᠯᠭ᠎ᠠ ᠵᠢ ᠳᠡᠯᠭᠡᠷᠡᠭᠦᠯᠬᠦ ᠪᠠ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ ᠡᠷᠬᠢᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ 2024 ᠣᠨ᠎ᠤ ᠨᠠᠮ᠎ᠤᠨ ᠠᠵᠢᠯ᠎ᠤᠨ ᠪᠤᠯᠪᠠᠰᠤᠷᠠᠯ ᠡᠷᠬᠢᠯᠡᠪᠡ
 
            