ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 11.20
ᠨᠡᠶᠢᠲᠡᠯᠡᠭᠰᠡᠨ ᠴᠠᠭ᠄ 2024-11-20

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ


  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠤᠷᠴᠢᠮ᠎ᠳᠤ ᠦᠪᠤᠷ ᠮᠤᠡᠭᠭᠤᠯ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠵᠡᠷᠭᠡ ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠠᠷᠭ᠎ᠠ》 ᠵᠢ ᠳᠠᠷᠤᠮᠠᠯᠯᠠᠨ ᠲᠠᠷᠬᠠᠭ᠋ᠠᠵᠤ᠂ ᠴᠢᠳᠠᠪᠤᠷᠢᠲᠠᠨ᠎ᠤ ᠡᠩᠨᠡᠭᠡ ᠵᠢᠨ ᠢᠷᠡᠯᠲᠡ ᠵᠢ ᠥᠷᠭᠡᠳᠬᠡᠬᠦ᠂ ᠴᠢᠳᠠᠪᠤᠷᠢᠲᠠᠨ᠎ᠤ ᠬᠡᠪ ᠴᠢᠨᠠᠷ ᠴᠢᠳᠠᠪᠤᠷᠢ ᠵᠢ ᠳᠡᠭᠡᠭᠰᠢᠯᠡᠭᠦᠯᠬᠦ᠂ ᠴᠢᠳᠠᠪᠤᠷᠢᠲᠠᠨ᠎ᠢ ᠦᠨᠡᠯᠡᠬᠦ ᠲᠣᠭᠲᠠᠴᠠ ᠵᠢ ᠪᠦᠷᠢᠨᠰᠢᠭᠦᠯᠬᠦ᠂ ᠴᠢᠳᠠᠪᠤᠷᠢᠲᠠᠨ᠎ᠤ ᠬᠡᠷᠡᠭᠯᠡᠯᠲᠡ ᠬᠠᠮᠢᠶᠠᠷᠤᠯᠲᠠ ᠵᠢ ᠴᠢᠬᠤᠯᠠᠴᠢᠯᠠᠬᠤ᠂ ᠴᠢᠳᠠᠪᠤᠷᠢᠲᠠᠨ᠎ᠢ ᠤᠷᠮᠠᠰᠢᠭᠤᠯᠬᠤ ᠠᠷᠭ᠎ᠠ ᠵᠢ ᠲᠡᠭᠦᠯᠳᠡᠷᠵᠢᠭᠦᠯᠬᠦ ᠵᠡᠷᠭᠡ ᠲᠠᠯ᠎ᠠ᠎ᠪᠠᠷ 15 ᠪᠣᠳᠠᠲᠠᠢ ᠠᠷᠭ᠎ᠠ ᠵᠢ ᠳᠤᠷᠠᠳᠪᠠ᠃


ᠨᠡᠢ᠌ᠭᠡᠮ᠎ᠤᠨ ᠶᠠᠪᠤᠳᠠᠯ


    ᠪᠠᠶᠠᠨᠨᠠᠭᠤᠷ ᠬᠣᠲᠠ ᠵᠢᠨ᠎ᠬᠢᠨ 《ᠤᠶᠤᠨ᠎ᠤ ᠪᠡᠷᠬᠡᠰᠢᠶᠡᠯ᠎ᠲᠠᠢ ᠬᠦᠮᠦᠰ᠎ᠢ ᠡᠷᠡᠬᠦᠯᠵᠢᠬᠦᠯᠬᠦ᠎ᠲᠠᠢ ᠠᠭᠤᠰᠤᠯᠴᠠᠭᠤᠯᠬᠤ ᠠᠵᠢᠯᠯᠠᠭ᠎ᠠ》 ᠵᠢᠨ ᠲᠤᠰᠬᠠᠢ ᠠᠵᠢᠯ᠎ᠢ ᠭᠦᠨᠵᠡᠭᠡᠢ ᠠᠬᠢᠭᠤᠯᠪᠠ᠃ ᠣᠲᠣ ᠪᠣᠯᠲᠠᠯ᠎ᠠ ᠪᠥᠬᠥ ᠬᠣᠲᠠ ᠵᠢᠨ 7 ᠬᠣᠰᠢᠭᠤ ᠰᠢᠶᠠᠨ ᠲᠣᠭᠣᠷᠢᠭ᠎ᠲᠤ ᠴᠥᠮ ᠣᠶᠣᠨ ᠎ᠤ ᠪᠡᠷᠬᠡᠰᠢᠶᠡᠯ᠎ᠲᠠᠢ ᠬᠦᠮᠦᠰ᠎ᠤᠨ ᠨᠡᠢ᠌ᠭᠡᠮ ᠲᠣᠭᠣᠷᠢᠭ᠎ᠲᠤ᠎ᠬᠢ ᠡᠷᠡᠭᠦᠯᠵᠢᠯ᠎ᠤᠨ ᠠᠵᠢᠯ᠎ᠢ ᠥᠷᠨᠢᠭᠦᠯᠵᠦ᠂  ᠤᠶᠤᠨ᠎ᠤ ᠪᠡᠷᠬᠡᠰᠢᠶᠡᠯ᠎ᠲᠠᠢ ᠬᠦᠮᠦᠰ᠎ᠢ ᠡᠷᠡᠬᠦᠯᠵᠢᠬᠦᠯᠬᠦ ᠵᠢ ᠠᠭᠤᠰᠤᠯᠴᠠᠭᠰᠠᠨ ᠨᠡᠢ᠌ᠭᠡᠮ ᠲᠣᠭᠣᠷᠢᠭ᠎ᠤᠨ ᠡᠷᠡᠭᠦᠯᠵᠢᠯ᠎ᠤᠨ ᠥᠷᠲᠡᠭᠡ ᠵᠢ 10 ᠪᠠᠢ᠌ᠭᠤᠯᠵᠤ ᠦᠢ᠍ᠯᠡᠴᠢᠯᠡᠭᠡ ᠬᠦᠯᠢᠶᠡᠬᠦ ᠵᠢᠷᠤᠮᠵᠢᠯ᠎ᠤᠨ ᠨᠣᠷᠮ᠎ᠠ᠎ᠨᠢ 60.31%᠎ᠳᠤ ᠬᠥᠷᠪᠡ᠃


ᠨᠠᠰᠤᠵᠢᠯ᠎ᠤᠨ ᠦᠢ᠍ᠯᠡᠴᠢᠯᠡᠭᠡ


  ᠰᠢᠯᠢ ᠵᠢᠨ ᠭᠣᠣᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠠᠢ᠌ᠮᠠᠭ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ ᠵᠢ ᠢᠳᠡᠪᠬᠢᠲᠡᠢ ᠵᠣᠬᠢᠴᠠᠭᠤᠯᠵᠤ᠂ ᠨᠠᠰᠤᠵᠢᠯ᠎ᠤᠨ ᠠᠰᠠᠷᠠᠭᠴᠢ ᠵᠢᠨ ᠠᠵᠢᠯ ᠮᠡᠷᠭᠡᠵᠢᠯ᠎ᠤᠨ ᠴᠢᠳᠠᠪᠤᠷᠢ ᠵᠢᠨ  ᠳᠡᠰ᠎ᠢ ᠲᠣᠭᠲᠠᠭ᠋ᠠᠬᠤ ᠪᠠ ᠪᠣᠯᠪᠠᠰᠤᠷᠠᠭᠤᠯᠬᠤ ᠳᠦᠷᠢᠮ᠎ᠢ ᠲᠡᠭᠦᠯᠳᠡᠷᠵᠢᠭᠦᠯᠵᠦ᠂ ᠨᠠᠰᠤᠵᠢᠯ᠎ᠤᠨ ᠠᠰᠠᠷᠠᠭᠴᠢ ᠵᠢᠨ ᠪᠣᠯᠪᠠᠰᠤᠷᠠᠯ᠎ᠤᠨ ᠠᠵᠢᠯ᠎ᠢ ᠡᠯ᠎ᠡ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠠᠳᠠᠯ ᠦᠢ᠍ᠯᠡᠰ ᠴᠣᠭᠴᠠᠯᠠᠨ ᠠᠵᠢᠯ ᠣᠯᠭᠣᠬᠤ ᠪᠣᠯᠪᠠᠰᠤᠷᠠᠯ᠎ᠤᠨ  ᠰᠢᠰᠲᠸᠮ᠎ᠳᠤ ᠣᠷᠣᠭᠤᠯᠵᠤ᠂ ᠪᠣᠯᠪᠠᠰᠤᠷᠠᠯ᠎ᠤᠨ ᠤᠷᠳᠤᠮᠵᠢ ᠵᠢᠨ ᠲᠤᠬᠳᠠᠴᠨ ᠵᠢ ᠪᠠᠢ᠌ᠭᠤᠯᠤᠬᠰᠠᠨ᠎ᠤ ᠬᠠᠮᠲᠤ ᠰᠢᠯᠢ ᠵᠢᠨ ᠭᠣᠣᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠲᠠᠢ 《2024 ᠣᠨ᠎ᠤ ᠪᠥᠬᠥ ᠠᠢ᠌ᠮᠠᠭ᠎ᠤᠨ ᠨᠠᠰᠤᠵᠢᠯ᠎ᠤᠨ ᠠᠰᠠᠷᠠᠮᠵᠢ ᠵᠢᠨ ᠠᠵᠢᠯ ᠮᠡᠷᠭᠡᠵᠢᠯ᠎ᠤᠨ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ᠎ᠤᠨ ᠭᠡᠷ᠎ᠡ》 ᠲᠣᠭᠲᠠᠵᠤ᠂ ᠨᠠᠰᠤᠵᠢᠯ᠎ᠤᠨ ᠠᠰᠠᠷᠠᠮᠵᠢ ᠵᠢᠨ 100 ᠴᠢᠳᠠᠪᠤᠷᠢᠲᠠᠨ᠎ᠳᠤ ᠠᠵᠢᠯ ᠮᠡᠷᠭᠡᠵᠢᠯ᠎ᠤᠨ ᠴᠢᠳᠠᠪᠤᠷᠢ ᠵᠢᠨ ᠪᠣᠯᠪᠠᠰᠤᠷᠠᠯ ᠬᠢᠬᠦ ᠪᠣᠯᠣᠨ᠎ᠠ᠃ 2024 ᠣᠨ᠎ᠳᠤ᠂ ᠨᠠᠰᠤᠵᠢᠯ᠎ᠤᠨ ᠠᠰᠠᠷᠠᠮᠵᠢ ᠵᠢᠨ ᠴᠢᠳᠠᠪᠤᠷᠢᠲᠠᠨ᠎ᠢ 1546 ᠤᠳᠠᠭ᠎ᠠ ᠪᠣᠯᠪᠠᠰᠤᠷᠠᠭᠤᠯᠪᠠ᠃
    ᠦᠬᠠᠢ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠨᠠᠰᠤᠳᠠᠢ᠌ᠴᠤᠳ᠎ᠤᠨ ᠬᠣᠭᠣᠯᠠᠨ ᠲᠢᠩᠬᠢᠮ᠎ᠤᠨ  ᠲᠠᠭ᠋ᠠᠭ᠋ᠠᠮᠠᠭ᠋ᠠᠢ ᠬᠥᠭᠵᠢᠯᠲᠡ ᠵᠢ ᠤᠯᠠᠮ  ᠠᠬᠢᠭᠤᠯᠪᠠ᠃ ᠲᠥᠪ ᠲᠣᠭᠣᠭ᠋ᠠᠨ ᠭᠡᠷ᠂ ᠲᠤᠰᠠᠯᠠᠬᠤ ᠬᠣᠭᠣᠯᠠᠨ ᠭᠡᠷ᠎ᠤᠨ ᠭᠡᠷ ᠪᠠᠢ᠌ᠰᠢᠩ᠎ᠤᠨ ᠲᠦᠷᠢᠶᠡᠰᠦᠯᠡᠯ᠎ᠤᠨ ᠰᠦᠢ᠍ᠳᠬᠡᠯ᠎ᠢ ᠬᠠᠰᠤᠵᠤ ᠬᠡᠯᠲᠦᠷᠢᠭᠦᠯᠬᠦ᠂ ᠲᠥᠪ ᠲᠣᠭᠣᠭ᠋ᠠᠨ ᠭᠡᠷ᠂ ᠲᠤᠰᠠᠯᠠᠬᠤ ᠬᠣᠭᠣᠯᠠᠨ ᠭᠡᠷ᠎ᠲᠤ ᠤᠰᠤ ᠴᠠᠬᠢᠯᠭ᠋ᠠᠨ ᠳᠤᠯᠠᠭ᠋ᠠᠮᠵᠢ ᠵᠢᠨ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ ᠵᠢ ᠬᠡᠷᠡᠭᠵᠢᠭᠦᠯᠬᠦ᠎ᠪᠠᠷ ᠭᠤᠶᠤᠴᠢᠯᠠᠬᠤ᠂ ᠬᠡᠰᠡᠭ ᠬᠣᠭᠣᠯᠠᠨ ᠭᠡᠷ᠎ᠲᠤ ᠨᠣᠭᠣᠭ᠎ᠠ ᠬᠠᠭᠤᠷᠬᠤ ᠮᠠᠰᠢᠨ ᠬᠥᠮᠥᠨ ᠪᠠ ᠲᠤᠰᠠᠯᠠᠬᠤ ᠬᠣᠭᠣᠯᠠᠨ ᠭᠡᠷ᠎ᠤᠨ ᠨᠢᠭᠡ ᠴᠣᠭᠴᠠᠲᠤ ᠮᠠᠰᠢᠨ ᠵᠡᠷᠭᠡ ᠵᠢ ᠲᠣᠬᠢᠷᠠᠭᠤᠯᠬᠤ᠎ᠪᠠᠷ ᠳᠠᠮᠵᠢᠭᠤᠯᠤᠨ ᠠᠷᠠᠳ᠎ᠲᠤ ᠠᠰᠢᠭ ᠨᠠᠰᠤᠳᠠᠢ᠌ᠴᠤᠳ᠎ᠤᠨ ᠬᠣᠭᠣᠯᠠᠨ ᠭᠡᠷ᠎ᠤᠨ ᠡᠵᠡᠩᠨᠡᠯᠲᠡ ᠵᠢᠨ ᠥᠪᠡᠷ᠎ᠤᠨ ᠥᠷᠲᠡᠭ᠎ᠢ ᠤᠯᠠᠮ  ᠪᠠᠭᠤᠷᠠᠭᠤᠯᠤᠬᠰᠠᠨ᠎ᠤ ᠬᠠᠮᠳᠤ ᠵᠠᠰᠠᠭ᠎ᠤᠨ ᠣᠷᠳᠣᠨ  9 ᠲᠥᠷᠥᠯ᠎ᠤᠨ ᠣᠨᠴᠠᠭ᠋ᠠᠶ ᠬᠦᠴᠢᠷᠳᠡᠯ᠎ᠲᠠᠢ ᠨᠠᠰᠤᠲᠠᠢ᠌ᠴᠤᠳ᠎ᠲᠤ ᠥᠷᠯᠥᠭᠡ ᠵᠢᠨ ᠬᠣᠭᠣᠯᠠᠨ᠎ᠤ 2 ᠲᠥᠭᠥᠷᠢᠭ᠂ ᠦᠳᠡ ᠵᠢᠨ ᠬᠣᠭᠣᠯᠠᠨ᠎ᠤ 4 ᠲᠥᠭᠥᠷᠢᠭ᠎ᠤᠨ ᠨᠥᠬᠥᠪᠦᠷᠢ ᠣᠯᠭᠣᠵᠤ᠂ ᠡᠩ᠎ᠤᠨ ᠠᠷᠠᠳ᠎ᠲᠤ ᠨᠠᠰᠤᠳᠠᠢ᠌ᠴᠤᠳ᠎ᠤᠨ ᠬᠣᠭᠣᠯᠠᠨ ᠲᠢᠩᠬᠢᠮ᠎ᠢ ᠨᠡᠭᠡᠭᠡᠨ ᠥᠭᠴᠦ᠂ ᠵᠣᠴᠢᠳ᠎ᠤᠨ ᠢᠷᠡᠯᠲᠡ ᠵᠢ ᠥᠷᠭᠡᠳᠬᠡᠵᠡᠢ᠃ ᠣᠳᠣᠬᠠᠨ᠎ᠳᠤ ᠪᠥᠬᠥ ᠬᠣᠲᠠ ᠵᠢᠨ ᠲᠥᠪ ᠲᠣᠭᠣᠭ᠋ᠠᠨ ᠭᠡᠷ᠂ ᠬᠣᠭᠣᠯᠠ ᠲᠤᠰᠠᠯᠠᠬᠤ ᠭᠠᠵᠠᠷ᠎ᠲᠤ ᠨᠡᠶ᠋ᠢᠲᠡ 53 ᠲᠦᠮᠡ ᠭᠠᠷᠤᠢ ᠤᠳᠠᠭ᠎ᠠ ᠬᠣᠭᠣᠯᠠ ᠤᠮᠳᠠ᠎ᠳᠤ ᠲᠤᠰᠠᠯᠠᠬᠤ ᠦᠢ᠍ᠯᠡᠴᠢᠯᠡᠭᠡ ᠬᠠᠩᠭ᠋ᠠᠵᠤ ᠪᠠᠢ᠌ᠨ᠎ᠠ᠃


ᠬᠡᠦᠬᠡᠳ᠎ᠤᠨ ᠠᠰᠠᠷᠠᠮᠵᠢ


    ᠣᠷᠳᠣᠰ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ 2024 ᠣᠨ᠎ᠤ ᠪᠥᠬᠥ ᠬᠣᠲᠠ ᠵᠢᠨ ᠭᠡᠷ᠎ᠲᠤ᠎ᠪᠠᠨ ᠬᠣᠴᠣᠷᠤᠭᠰᠠᠨ ᠪᠠ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠦᠢ᠍ᠯᠡᠴᠢᠯᠡᠭᠡᠨ᠎ᠤ  ᠰᠢᠰᠲᠸᠮ᠎ᠤᠨ ᠪᠠᠢ᠌ᠭᠤᠯᠤᠯᠲᠠ ᠵᠢᠨ ᠭᠣᠣᠯᠯᠠᠭᠴᠢ ᠬᠦᠴᠦᠨ᠎ᠤ ᠪᠣᠯᠪᠠᠰᠤᠷᠠᠯ ᠪᠠ ᠬᠡᠦᠬᠡᠳ᠎ᠤᠨ ᠬᠢᠨᠠᠨ ᠵᠢᠯᠣᠭᠣᠳᠤᠭᠴᠢ᠂ ᠬᠡᠦᠬᠡᠳ᠎ᠤᠨ ᠡᠷᠬᠢᠯᠡᠭᠴᠢ ᠵᠢᠨ ᠵᠢᠱ᠌ᠢᠶ᠎ᠡ ᠦᠵᠡᠭᠦᠯᠬᠦ ᠪᠣᠯᠪᠠᠰᠤᠷᠠᠯ᠎ᠢ ᠵᠣᠬᠢᠶᠠᠨ ᠪᠠᠢ᠌ᠭᠤᠯᠤᠨ ᠥᠷᠨᠢᠭᠦᠯᠪᠡ᠃ ᠲᠣᠰ ᠪᠣᠯᠪᠠᠰᠤᠷᠠᠯ ᠲᠡᠬᠡᠷ᠎ᠡ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ  ᠬᠠᠮᠠᠭ᠋ᠠᠯᠠᠬᠤ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠰᠢᠨ᠎ᠡ ᠵᠢ ᠡᠭᠦᠳᠬᠦ ᠵᠢᠷᠤᠭ ᠲᠥᠯᠥᠪᠯᠡᠭᠡ ᠪᠠ ᠬᠡᠷᠡᠭᠵᠢᠭᠦᠯᠬᠦ ᠬᠠᠮᠢᠶᠠᠷᠤᠯᠲᠠ᠂  ᠨᠠᠰᠤᠨ᠎ᠳᠤ ᠦᠯᠤ ᠬᠦᠷᠦᠭᠰᠡᠳ᠎ᠤᠨ ᠠᠵᠢᠯ᠎ᠤᠨ ᠲᠥᠪ (ᠥᠷᠲᠡᠭᠡ)᠎ᠤᠨ ᠡᠵᠡᠩᠨᠡᠯᠲᠡ ᠪᠠ ᠡᠬᠢ ᠪᠠᠶᠠᠯᠢᠭ᠎ᠤᠨ ᠬᠣᠯᠪᠣᠭ᠋ᠠᠰᠤ᠂ ᠬᠡᠦᠬᠡᠳ᠎ᠤᠨ ᠡᠷᠬᠢᠯᠡᠭᠴᠢ ᠬᠡᠷ᠎ᠲᠤ᠎ᠨᠢ ᠤᠴᠢᠵᠤ ᠪᠡᠯᠡᠳᠬᠡᠬᠦ ᠪᠠ ᠰᠤᠷᠪᠤᠯᠵᠢᠯᠠᠬᠤ ᠤᠷ᠎ᠠ ᠮᠡᠷᠭᠡᠵᠢᠯ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠦᠢ᠍ᠯᠡᠴᠢᠯᠡᠭᠡᠨ᠎ᠤ ᠦᠢ᠍ᠯᠡᠳᠦᠯᠭᠡ ᠵᠢᠨ ᠵᠢᠱ᠌ᠢᠶ᠎ᠡ ᠵᠢ  ᠬᠤᠪᠢᠶᠠᠯᠴᠠᠬᠤ ᠵᠡᠷᠭᠡ ᠲᠠᠯ᠎ᠠ᠎ᠪᠠᠷ ᠲᠤᠰᠬᠠᠢ ᠰᠡᠳᠤᠪ ᠵᠶ᠋ᠡᠷ ᠵᠢᠯᠤᠭᠤᠳᠪᠠ᠃ ᠤᠷᠳᠤᠰ ᠬᠣᠲᠠ ᠵᠢᠨ 130 ᠭᠠᠷᠤᠢ ᠬᠥᠮᠥᠨ ᠪᠣᠯᠪᠠᠰᠤᠷᠠᠯ᠎ᠳᠤ ᠣᠷᠣᠯᠴᠠᠵᠠᠢ᠃








    


ᠢᠷᠡᠯᠲᠡ᠄ ᠦᠪᠤᠷ ᠮᠤᠡᠭᠭᠤᠯ ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠲᠤᠬᠠᠢ ᠲᠤᠰᠬᠠᠢ ᠰᠡᠳᠦᠪᠲᠦ ᠪᠤᠯᠪᠠᠰᠤᠷᠠᠯ ᠡᠷᠬᠢᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ᠎ᠬᠢᠨ ᠲᠦᠡᠭᠯᠢᠶᠤᠤ᠎ᠳᠤ ᠬᠥᠳᠡᠭᠡ ᠲᠣᠰᠬᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠲᠤᠷᠰᠢᠯᠭ᠎ᠠ ᠵᠢ ᠳᠡᠯᠭᠡᠷᠡᠭᠦᠯᠬᠦ ᠪᠠ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ ᠡᠷᠬᠢᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ 2024 ᠣᠨ᠎ᠤ ᠨᠠᠮ᠎ᠤᠨ ᠠᠵᠢᠯ᠎ᠤᠨ ᠪᠤᠯᠪᠠᠰᠤᠷᠠᠯ ᠡᠷᠬᠢᠯᠡᠪᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 11.21
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 11.22
 
            