ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 11.25
ᠨᠡᠶᠢᠲᠡᠯᠡᠭᠰᠡᠨ ᠴᠠᠭ᠄ 2024-11-25

ᠠᠷᠠᠳ᠎ᠤᠨ ᠶᠠᠪᠤᠳᠠᠯ᠎ᠤᠨ ᠶᠠᠮᠤᠨ


    ᠤᠯᠤᠰ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠲᠣᠪᠴᠢᠶ᠎ᠠ ᠵᠢᠨ ᠠᠯᠪᠠᠨ ᠭᠡᠷ᠂ ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ᠎ᠤᠨ᠎ᠬᠢᠨ ᠬᠠᠮᠲᠤᠷᠠᠨ ᠤᠷᠴᠢᠮ᠎ᠳᠤ 《ᠡᠮ ᠡᠮᠨᠡᠯᠭᠡ ᠵᠢᠨ  ᠲᠤᠰᠠᠯᠠᠮᠵᠢ ᠬᠦᠷᠳᠡᠭᠰᠡᠳ᠎ᠤᠨ ᠮᠡᠳᠡᠭᠡ ᠵᠠᠩᠭᠢ ᠵᠢ  ᠬᠤᠪᠢᠶᠠᠯᠴᠠᠬᠤ ᠠᠵᠢᠯ᠎ᠢ ᠤᠯᠠᠮ ᠰᠠᠢ᠌ᠲᠤᠷ ᠬᠢᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ 《ᠲᠣᠭᠲᠠᠴᠠ ᠵᠢ ᠪᠠᠶ᠋ᠢᠭᠤᠯᠬᠤ᠂ ᠬᠦᠴᠦᠨ᠎ᠢ ᠨᠢᠭᠡᠳᠬᠡᠬᠦ᠂ ᠳᠤᠲᠠᠭᠤᠳᠠᠯ᠎ᠢ ᠨᠥᠬᠥᠪᠦᠷᠢᠯᠡᠬᠦ》᠎ᠳᠤ ᠠᠩᠬᠠᠷᠤᠯ ᠵᠶ᠋ᠠᠨ ᠲᠥᠪᠯᠡᠷᠡᠭᠦᠯᠵᠦ ᠠᠵᠢᠯ᠎ᠤᠨ ᠬᠠᠮᠢᠶᠠᠷᠤᠯᠲᠠ ᠵᠢ ᠴᠢᠩᠭ᠋ᠠᠳᠬᠠᠬᠤ᠂ ᠣᠯᠭᠣᠮᠵᠢ ᠵᠢᠨ ᠴᠠᠭ᠎ᠤᠨ ᠬᠢᠵᠠᠭ᠋ᠠᠷ᠎ᠢ ᠵᠢᠷᠤᠮᠵᠢᠭᠤᠯᠬᠤ᠂ ᠬᠠᠮᠲᠤ᠎ᠪᠠᠷ ᠡᠳ᠋ᠯᠡᠬᠦ ᠲᠣᠭᠲᠠᠴᠠ ᠵᠢ  ᠲᠡᠬᠦᠯᠳᠡᠷᠵᠢᠬᠦᠯᠬᠦ᠂ ᠰᠠᠯᠠᠭ᠎ᠠ ᠮᠥᠴᠢᠷ᠎ᠤᠨ ᠬᠠᠷᠢᠭᠤᠴᠠᠯᠭ᠎ᠠ ᠵᠢ ᠲᠣᠳᠣᠷᠬᠠᠢ᠌ᠯᠠᠬᠤ᠂ ᠮᠡᠳᠡᠭᠡ ᠵᠠᠩᠭᠢ ᠵᠢᠨ ᠶᠠᠰᠤ ᠴᠢᠨᠠᠷ᠎ᠢ ᠴᠢᠩᠭ᠋ᠠᠷᠠᠭᠤᠯᠬᠤ᠂ ᠠᠵᠢᠯ᠎ᠤᠨ ᠵᠣᠯᠭ᠋ᠠᠯᠳᠤᠯ᠎ᠢ ᠠᠬᠢᠭᠤᠯᠬᠤ ᠵᠡᠷᠭᠡ᠎ᠳᠤ ᠪᠣᠳᠠᠲᠠᠢ ᠱᠠᠭ᠋ᠠᠷᠳᠠᠯᠭ᠎ᠠ ᠳᠤᠷᠠᠳᠪᠠ᠃


ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ


    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠤᠷᠴᠢᠮ᠎ᠳᠤ ᠨᠠᠮ᠎ᠤᠨ ᠬᠣᠷᠢᠶ᠎ᠠ ᠵᠢᠨ ᠮᠥᠩᠭᠥᠨ ᠭᠦᠢ᠍ᠯᠭᠡᠭᠡᠨ᠎ᠤ ᠠᠯᠪᠠᠨ ᠭᠡᠷ ᠵᠡᠷᠭᠡ ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠤᠷᠢᠳᠴᠢᠯᠠᠨ ᠰᠦᠢ᠍ᠳᠬᠡᠯ ᠬᠤᠷᠢᠶᠠᠬᠤ ᠬᠠᠮᠢᠶᠠᠷᠤᠯᠲᠠ ᠵᠢᠨ ᠠᠷᠭ᠎ᠠ》 ᠵᠢ ᠲᠠᠷᠤᠮᠠᠯᠯᠠᠨ ᠲᠠᠷᠬᠠᠭ᠋ᠠᠪᠠ᠃ ᠠᠷᠭ᠎ᠠ᠎ᠳᠤ ᠶᠡᠷᠦᠩᠬᠡᠢ ᠳᠦᠷᠢᠮ᠂ ᠤᠷᠢᠳᠴᠢᠯᠠᠨ ᠰᠦᠢ᠍ᠳᠬᠡᠯ ᠬᠤᠷᠢᠶᠠᠬᠤ ᠱᠠᠭ᠋ᠠᠷᠳᠠᠯᠭ᠎ᠠ᠂ ᠵᠥᠪᠳᠡᠯᠴᠡᠨ ᠬᠠᠮᠢᠶᠠᠷᠬᠤ᠂ ᠪᠡᠯᠡ ᠮᠥᠩᠭᠥ ᠵᠢᠨ ᠬᠡᠷᠡᠭᠯᠡᠯᠲᠡ ᠵᠢᠴᠢ ᠰᠦᠢ᠍ᠳᠬᠡᠯ ᠪᠤᠴᠠᠭ᠋ᠠᠬᠤ᠂ ᠤᠷᠢᠳᠴᠢᠯᠠᠨ ᠰᠦᠢ᠍ᠳᠬᠡᠯ ᠬᠤᠷᠢᠶᠠᠬᠤ ᠵᠢᠨ ᠬᠠᠮᠢᠶᠠᠷᠤᠯᠲᠠ᠂ ᠬᠢᠨᠠᠯᠲᠠ ᠬᠠᠮᠢᠶᠠᠷᠤᠯᠲᠠ᠂ ᠳᠠᠭ᠋ᠠᠯᠳᠤᠭᠤᠯᠤᠭᠰᠠᠨ ᠳᠦᠷᠢᠮ ᠵᠡᠷᠭᠡ ᠲᠤᠯᠤᠭ᠋ᠠᠨ ᠲᠠᠯ᠎ᠠ᠎ᠠᠴᠠ 34 ᠵᠤᠷᠪᠤᠰ ᠪᠣᠳᠠᠲᠠᠢ ᠵᠦᠢ᠍ᠯ ᠵᠤᠷᠪᠤᠰ᠎ᠢ  ᠲᠤᠷᠠᠳᠴᠠᠢ᠃


ᠨᠡᠢ᠌ᠭᠡᠮ᠎ᠤᠨ ᠲᠤᠰᠠᠯᠠᠮᠵᠢ


     ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠱᠠᠲᠤ ᠲᠥᠷᠥᠯ ᠬᠤᠪᠢᠶᠠᠭᠰᠠᠨ ᠨᠡᠢ᠌ᠭᠡᠮ᠎ᠤᠨ  ᠲᠤᠰᠠᠯᠠᠮᠵᠢ ᠵᠢᠨ ᠰᠢᠰᠲ᠋ᠧᠮ᠎ᠢ ᠲᠡᠭᠦᠯᠳᠡᠷᠵᠢᠭᠦᠯᠬᠦ ᠵᠢᠨ ᠲᠣᠭᠣᠷᠢᠨ᠎ᠳᠤ ᠨᠡᠢ᠌ᠭᠡᠮ᠎ᠤᠨ ᠲᠤᠰᠠᠯᠠᠮᠵᠢ ᠵᠢᠨ 《ᠰᠠᠨᠠᠭ᠋ᠠᠴᠢᠯᠠᠭ᠎ᠠ᠎ᠠᠴᠠ᠎ᠪᠠᠨ ᠢᠯᠡᠷᠡᠭᠦᠯᠬᠦ》 ᠲᠣᠭᠲᠠᠴᠠ ᠵᠢᠨ ᠦᠢ᠍ᠯᠡᠳᠦᠯ᠎ᠢ ᠪᠠᠳᠠᠷᠠᠭᠤᠯᠵᠤ᠂ ᠬᠣᠲᠠ᠂ ᠬᠤᠰᠢᠭᠤ ᠰᠢᠶᠠᠨ ᠬᠣᠶᠠᠷ ᠱᠠᠲᠤᠨ᠎ᠤ ᠨᠡᠢ᠌ᠭᠡᠮ᠎ᠤᠨ ᠲᠤᠰᠠᠯᠠᠮᠵᠢ  ᠵᠢᠨ ᠬᠠᠮᠲᠤᠷᠠᠭᠰᠠᠨ ᠬᠤᠷᠠᠯ᠎ᠨᠢ ᠳᠣᠲᠣᠭ᠋ᠠᠳᠤ ᠵᠢ ᠬᠠᠮᠠᠭ᠋ᠠᠯᠠᠬᠤ᠂ ᠡᠷᠡᠭᠦᠯ ᠬᠠᠮᠠᠭ᠋ᠠᠯᠠᠯ ᠡᠷᠡᠭᠦᠯ ᠬᠠᠮᠠᠭ᠋ᠠᠯᠠᠯ᠂ ᠡᠮ ᠡᠮᠨᠡᠯᠭᠡ ᠵᠢᠨ ᠳᠠᠭ᠋ᠠᠳᠬᠠᠯ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠡᠷᠭᠡ ᠰᠠᠯᠠᠭ᠎ᠠ ᠮᠥᠴᠢᠷ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠬᠤᠷᠠᠯᠳᠤᠭᠤᠯᠵᠤ᠂ ᠦᠬᠦᠯ ᠰᠢᠷᠬᠠᠲᠤᠯ᠂ ᠶᠡᠬᠡ ᠲᠣᠭ᠋ᠠᠨ᠎ᠤ ᠡᠮᠴᠢᠯᠡᠭᠡᠨ᠎ᠤ ᠵᠠᠷᠤᠯᠭ᠎ᠠ ᠵᠡᠷᠭᠡ ᠮᠡᠳᠡᠭᠡ ᠵᠠᠩᠭᠢ ᠵᠢ ᠬᠤᠪᠢᠶᠠᠯᠴᠠᠵᠤ᠂ ᠰᠤᠮᠤ ᠰᠢᠶᠠᠩ ᠪᠠᠯᠭ᠋ᠠᠰᠤ ᠲᠤᠬᠠᠢ ᠵᠢᠨ ᠭᠠᠵᠠᠷ᠎ᠲᠤ᠎ᠨᠢ ᠬᠥᠮᠥᠨ ᠲᠤᠮᠢᠯᠠᠨ ᠪᠠᠢ᠌ᠴᠠᠭ᠋ᠠᠵᠤ᠂ ᠨᠢᠭᠡ ᠨᠢᠭᠡ᠎ᠪᠠᠷ 《ᠰᠢᠯᠢᠵᠦ》᠂ 《ᠪᠡᠶ᠎ᠡ᠎ᠪᠠᠨ ᠳᠠᠭ᠋ᠠᠭ᠋ᠠᠵᠤ ᠭᠤᠶᠤᠴᠢᠯᠠᠨ ᠮᠡᠳᠡᠭᠦᠯᠬᠦ + ᠦᠨᠳᠦᠰᠦᠨ ᠱᠠᠲᠤᠨ᠎ᠳᠤ ᠬᠦᠷᠴᠦ ᠰᠤᠷᠪᠤᠯᠵᠢᠯᠠᠬᠤ + ᠲᠠᠪᠴᠠᠩ ᠵᠶ᠋ᠠᠷ ᠬᠢᠨᠠᠨ ᠰᠢᠯᠭ᠋ᠠᠬᠤ》 ᠶᠡᠷᠦᠩᠬᠡᠢ᠌ᠯᠡᠭᠰᠡᠨ ᠢᠯᠡᠷᠡᠭᠦᠯᠬᠦ ᠲᠣᠭᠲᠠᠴᠠ ᠵᠢ ᠪᠠᠢ᠌ᠭᠤᠯᠵᠤ᠂ ᠨᠥᠬᠥᠴᠡᠯ᠎ᠳᠤ ᠨᠡᠢ᠌ᠴᠡᠬᠦ 《ᠨᠡᠮᠡᠭᠳᠡᠯ 》 《ᠬᠤᠪᠢᠰᠤᠴᠨ》᠎ᠪᠠᠷ  ᠲᠠᠰ  ᠲᠥᠷᠥᠯ ᠬᠤᠪᠢᠶᠠᠭᠰᠠᠨ  ᠲᠤᠰᠠᠯᠠᠮᠵᠢ ᠬᠠᠡᠭᠭ᠋ᠠᠵᠤ ᠪᠠᠢ᠌ᠨ᠎ᠠ᠃ 


ᠣᠷᠣᠨ  ᠬᠤᠪᠢᠶᠠᠷᠢᠯᠠᠯ ᠭᠠᠵᠠᠷ᠎ᠤᠨ ᠨᠡᠷᠡᠰ


   ᠤᠯᠠᠭ᠋ᠠᠨᠬᠠᠳᠠ ᠬᠣᠲᠠ ᠵᠢᠨ᠎ᠬᠢᠨ ᠣᠷᠣᠨ ᠬᠤᠪᠢᠶᠠᠷᠢᠯᠠᠯ᠎ᠤᠨ ᠭᠠᠵᠠᠷ᠎ᠤᠨ ᠨᠡᠷᠡᠰ᠎ᠤᠨ ᠲᠡᠮᠳᠡᠭ᠎ᠢ ᠦᠷᠭᠦᠯᠵᠢᠯᠡᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠲᠣᠰ ᠭᠠᠵᠠᠷ ᠣᠷᠣᠨ᠎ᠤ ᠣᠨᠴᠠᠯᠢᠭᠲᠤ ᠰᠣᠶᠣᠯ᠎ᠤᠨ ᠡᠬᠢ ᠪᠠᠶᠠᠯᠢᠭ᠎ᠢ ᠠᠭᠤᠳᠠᠯᠤᠨ᠂ ᠬᠣᠰᠢᠭᠤ ᠰᠢᠶᠠᠨ ᠲᠣᠭᠣᠷᠢᠭ᠎ᠤᠨ ᠬᠢᠯᠢ ᠠᠯᠤᠰᠯᠠᠭᠰᠠᠨ ᠤᠬᠠᠭᠤᠯᠭ᠎ᠠ ᠵᠢᠨ ᠲᠡᠮᠳᠡᠭ᠎ᠤᠨ ᠫᠠᠢ᠌ᠰᠠ ᠪᠠᠢ᠌ᠷᠢᠯᠠᠭᠤᠯᠵᠤ᠂ ᠣᠷᠣᠨ᠎ᠤ ᠬᠤᠪᠢᠶᠠᠷᠢᠯᠠᠯ᠎ᠤᠨ ᠲᠡᠮᠳᠡᠭ᠎ᠤᠨ ᠪᠠᠢ᠌ᠷᠢᠯᠠᠭᠤᠯᠤᠯᠲᠠ ᠵᠢᠨ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ ᠵᠢᠨ ᠲᠦᠪᠰᠢᠨ᠎ᠢ ᠲᠠᠰᠤᠷᠠᠯᠲᠠ ᠦᠭᠡᠢ  ᠲᠡᠭᠡᠭᠰᠢᠯᠡᠬᠦᠯᠤᠬᠡᠳ ᠣᠲᠣ ᠪᠣᠯᠲᠠᠯ᠎ᠠ᠂ ᠤᠯᠠᠭ᠋ᠠᠨᠬᠠᠳᠠ ᠬᠣᠲᠠ ᠵᠢᠨ ᠬᠣᠰᠢᠭᠤ ᠰᠢᠶᠠᠨ ᠲᠣᠭᠣᠷᠢᠭ᠎ᠤᠨ ᠵᠠᠭ᠋ᠠᠭ ᠠᠯᠤᠰᠯᠠᠭᠰᠠᠨ ᠤᠬᠠᠭᠤᠯᠭ᠎ᠠ ᠵᠢᠨ ᠲᠡᠮᠳᠡᠭ᠎ᠤᠨ ᠫᠠᠢ᠌ᠰᠠ ᠵᠢ 68  ᠪᠠᠢ᠌ᠷᠢᠯᠠᠭᠤᠯᠤᠭ᠋ᠠᠳ ᠪᠦᠬᠦᠨ᠎ᠢ ᠤᠭᠰᠠᠷᠠᠵᠤ ᠳᠠᠭᠤᠰᠬᠠᠪᠠ᠃


ᠬᠡᠦᠬᠡᠳ᠎ᠤᠨ ᠠᠰᠠᠷᠠᠮᠵᠢ


    ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠳᠦᠷᠢᠮ᠎ᠤᠨ ᠰᠢᠨ᠎ᠡ ᠵᠢ ᠡᠭᠦᠳᠬᠦ ᠪᠠ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠴᠢᠩᠭ᠋ᠠᠳᠬᠠᠵᠤ᠂ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠴᠢᠨᠠᠷᠯᠢᠭ ᠬᠥᠭᠵᠢᠯᠲᠡ ᠵᠢ ᠪᠥᠬᠥ ᠲᠠᠯ᠎ᠠ᠎ᠪᠠᠷ᠂ ᠣᠯᠠᠨ ᠲᠠᠰ ᠬᠣᠲᠠ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠳᠤ ᠨᠠᠷᠢᠯᠢᠭᠵᠢᠭᠤᠯᠤᠭᠰᠠᠨ ᠬᠠᠮᠢᠶᠠᠷᠤᠯᠲᠠ᠂ ᠨᠠᠷᠢᠯᠢᠭᠵᠢᠭᠤᠯᠤᠭᠰᠠᠨ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ 37 ᠴᠢᠳᠠᠮᠵᠢᠲᠤ ᠲᠠᠰᠤᠭ ᠪᠠ 10 ᠳᠠᠭᠤᠷᠢᠶᠠᠮᠠᠯ ᠭᠡᠷ ᠪᠦᠯᠢ ᠵᠢ ᠪᠠᠢ᠌ᠭᠤᠯᠤᠨ᠂ ᠪᠤᠭᠤᠲᠤ ᠬᠣᠲᠠ ᠵᠢᠨ ᠥᠨᠥᠴᠢᠨ ᠵᠡᠮᠳᠡᠭ ᠬᠡᠦᠬᠡᠳ᠎ᠤᠨ ᠤᠨᠴᠠᠭ᠋ᠠᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢ ᠪᠠᠢ᠌ᠭᠤᠯᠤᠬᠰᠠᠨ᠎ᠤ ᠬᠠᠮᠲᠤ᠂ ᠱᠧᠨᠵᠧᠨ᠎ᠤ ᠪᠠᠭᠰᠢ ᠵᠢᠨ ᠬᠦᠴᠦᠨ᠎ᠯᠦᠭᠡ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠥᠨᠥᠴᠢᠷᠡᠮᠡᠯ ᠬᠡᠮ᠎ᠤᠨ ᠵᠢᠱ᠌ᠢᠶ᠎ᠡ ᠦᠵᠡᠭᠦᠯᠬᠦ ᠠᠩᠭᠢ ᠪᠠᠢ᠌ᠭᠤᠯᠵᠤ  3 ᠲᠤᠰᠬᠠᠢ ᠡᠷᠡᠭᠦᠯᠵᠢᠯ᠎ᠤᠨ ᠪᠠᠢ᠌ᠭᠤᠯᠤᠮᠵᠢ ᠵᠢ ᠣᠷᠣᠭᠤᠯᠤᠨ ᠡᠷᠡᠭᠦᠯᠵᠢᠯ᠎ᠤᠨ ᠨᠣᠷᠮ᠎ᠠ ᠵᠢ  ᠲᠡᠭᠡᠭᠰᠢᠯᠡᠬᠦᠯᠤᠬᠡᠳ ᠥᠨᠥᠴᠢᠷᠡᠮᠡᠯ ᠬᠡᠮ᠎ᠲᠠᠢ ᠬᠡᠦᠬᠡᠳ᠎ᠤᠨ ᠡᠯ᠎ᠡ ᠵᠦᠢ᠍ᠯ᠎ᠤᠨ ᠴᠢᠳᠠᠪᠤᠷᠢ ᠵᠢ ᠪᠥᠬᠥ ᠲᠠᠯ᠎ᠠ᠎ᠪᠠᠷ ᠲᠡᠭᠡᠭᠰᠢᠯᠡᠬᠦᠯᠵᠤ ᠪᠠᠢ᠌ᠨ᠎ᠠ ᠃










 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ 《ᠲᠣᠭ᠋ᠠᠴᠢᠯᠠᠭᠰᠠᠨ ᠠᠷᠠᠳ᠎ᠤᠨ ᠶᠠᠪᠤᠳᠠᠯ》᠎ᠤᠨ ᠣᠷᠣᠭ ᠲᠠᠡᠭᠰᠠᠯᠠᠬᠤ ᠬᠠᠮᠢᠶᠠᠷᠤᠯᠲᠠ ᠵᠢᠨ ᠰᠢᠰᠲ᠋ᠧᠮ᠎ᠢ ᠰᠦᠯᠵᠢᠶᠡᠨ ᠲᠡᠬᠡᠷ᠎ᠡ ᠠᠵᠢᠯᠯᠠᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《ᠲᠣᠭ᠋ᠠᠴᠢᠯᠠᠭᠰᠠᠨ ᠠᠷᠠᠳ᠎ᠤᠨ ᠶᠠᠪᠤᠳᠠᠯ》᠎ᠤᠨ ᠲᠥᠷᠥᠯ ᠵᠦᠢ᠍ᠯ᠎ᠤᠨ ᠱᠠᠳᠤᠴᠢ ᠰᠢᠯᠭ᠋ᠠᠨ ᠠᠪᠤᠯᠳᠠ ᠵᠢᠨ ᠬᠤᠷᠠᠯ ᠬᠢᠪᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.2
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ12.3
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.5
 
            