ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ 2024 ᠣᠨ᠎ᠤ ᠨᠠᠮ᠎ᠤᠨ ᠠᠵᠢᠯ᠎ᠤᠨ ᠪᠤᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄ 2024-11-04

     ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠣᠯᠣᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ᠂ ᠰᠢ ᠵᠢᠨ ᠫᠢᠩ ᠶᠡᠷᠦᠩᠬᠡᠢ ᠱᠦᠵᠢ ᠵᠢᠨ 《7.9》᠎ᠤ ᠲᠥᠪ᠎ᠤᠨ ᠪᠠ ᠲᠥᠷᠥ ᠵᠢᠨ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠳᠤ  ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠦᠷᠭᠦᠯᠵᠢᠯᠡᠨ ᠠᠬᠢᠭᠤᠯᠵᠤ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯᠲᠠᠳ᠎ᠤᠨ ᠴᠢᠳᠠᠪᠤᠷᠢ ᠬᠡᠪ ᠪᠣᠯᠪᠠᠰᠤᠷᠠᠯ ᠪᠠ ᠲᠤᠬᠠᠢ᠌ᠯᠠᠭᠰᠠᠨ ᠠᠵᠢᠯ᠎ᠤᠨ ᠲᠦᠪᠰᠢᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠪᠠᠲᠤ ᠴᠢᠩᠭ᠎ᠠ ᠪᠡᠬᠢᠯᠡᠯᠲᠡ ᠵᠢᠨ 《ᠵᠢᠱ᠌ᠢᠶᠡᠴᠢ》 ᠨᠠᠮ᠎ᠤᠨ ᠡᠭᠦᠷ᠎ᠢ ᠡᠭᠦᠳᠦᠨ ᠪᠠᠶ᠋ᠢᠭᠤᠯᠬᠤ ᠵᠢ ᠠᠬᠢᠭᠤᠯᠬᠤ ᠵᠢᠨ ᠲᠦᠯᠤᠬᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ10 ᠳ᠋ᠤᠭ᠋ᠠᠷ ᠰᠠᠷ᠎ᠠ ᠵᠢᠨ 30᠎ᠤ᠎ᠠᠴᠠ 11 ᠳ᠋ᠤᠬᠡᠷ ᠰᠠᠷ᠎ᠠ ᠵᠢᠨ 1᠎ᠳᠤ  ᠤᠯᠠᠭ᠋ᠠᠨᠴᠠᠪ ᠬᠣᠲᠠ ᠵᠢᠨ ᠨᠠᠮ᠎ᠤᠨ ᠬᠣᠷᠢᠶ᠎ᠠ ᠵᠢᠨ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ)᠎ᠳᠤ 2024 ᠣᠨ᠎ᠤ ᠨᠠᠮ᠎ᠤᠨ ᠠᠵᠢᠯ᠎ᠤᠨ ᠪᠣᠯᠪᠠᠰᠤᠷᠠᠯ ᠡᠷᠭᠢᠯᠡᠪᠡ᠃
    ᠪᠠᠢ᠌ᠭᠤᠯᠭ᠎ᠠ ᠵᠢᠨ ᠨᠠᠮ᠎ᠤᠨ ᠬᠣᠷᠢᠶᠠᠨ᠎ᠤ ᠲᠤᠰᠬᠠᠢ ᠲᠤᠰᠢᠶᠠᠯᠲᠤ ᠳᠡᠳ᠋ ᠱᠦᠵᠢ ᠴᠢᠶᠣᠤ ᠯᠢ ᠷᠦᠩ ᠰᠤᠷᠤᠯᠭ᠎ᠠ ᠡᠬᠢᠯᠡᠬᠦ ᠶᠣᠰᠣᠯᠠᠯ᠎ᠢ ᠡᠷᠬᠢᠯᠡᠪᠡ᠃ ᠪᠣᠯᠪᠠᠰᠤᠷᠠᠯ ᠲᠡᠬᠡᠷ᠎ᠡ ᠨᠢᠭᠡ᠎ᠳᠤ᠂ ᠦᠵᠡᠯ ᠰᠠᠨᠠᠭ᠎ᠠ᠎ᠪᠠᠨ ᠨᠢᠭᠡᠳᠬᠡᠵᠦ ᠲᠠᠨᠢᠯᠲᠠ᠎ᠪᠠᠨ ᠳᠡᠭᠡᠭᠰᠢᠯᠡᠭᠦᠯᠵᠦ ᠰᠤᠷᠤᠯᠴᠠᠯᠭ᠎ᠠ ᠪᠣᠯᠪᠠᠰᠤᠷᠠᠯ᠎ᠤᠨ ᠤᠬᠠᠮᠰᠠᠷᠲᠤ ᠴᠢᠨᠠᠷ ᠪᠣᠯᠣᠨ ᠰᠠᠨᠠᠭ᠋ᠠᠴᠢᠯᠠᠭ᠋ᠠᠲᠤ ᠴᠢᠨᠠᠷ ᠵᠶ᠋ᠠᠨ ᠴᠢᠩᠭ᠋ᠠᠳᠬᠠᠵᠤ ᠨᠠᠮ᠎ᠤᠨ ᠪᠠᠢ᠌ᠭᠤᠯᠤᠯᠲᠠ ᠵᠢᠨ ᠮᠡᠳᠡᠯᠭᠡ᠎ᠪᠠᠨ ᠰᠢᠨᠡᠳᠬᠡᠵᠦ ᠲᠤᠬᠠᠢ᠌ᠯᠠᠭᠰᠠᠨ ᠠᠵᠢᠯ᠎ᠤᠨ ᠴᠢᠳᠠᠪᠤᠷᠢ᠎ᠪᠠᠨ ᠲᠡᠭᠡᠭᠰᠢᠯᠡᠬᠦᠯᠤᠬᠡᠳ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠪᠣᠯᠣᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢ᠍ᠯ᠎ᠤᠨ ᠪᠣᠳᠠᠲᠠᠢ ᠱᠠᠭ᠋ᠠᠷᠳᠠᠯᠭ᠎ᠠ ᠵᠢ ᠦᠨᠳᠦᠰᠦᠨ ᠱᠠᠲᠤᠨ᠎ᠳᠤ ᠰᠠᠢ᠌ᠲᠤᠷ ᠨᠠᠢ᠌ᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ᠃ ᠬᠣᠶᠠᠷ᠎ᠲᠤ᠂ ᠡᠷᠳᠡᠮ ᠴᠢᠳᠠᠪᠤᠷᠢ᠎ᠪᠠᠨ ᠳᠡᠭᠡᠭᠰᠢᠯᠡᠭᠦᠯᠵᠦ ᠰᠣᠷᠣᠭᠰᠠᠨ ᠵᠶ᠋ᠠᠨ ᠬᠡᠷᠡᠭᠯᠡᠵᠦ ᠦᠨᠳᠦᠰᠦᠨ ᠱᠠᠲᠤᠨ᠎ᠤ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠠᠳᠬᠤᠬᠤ ᠠᠷᠭ᠎ᠠ ᠳᠡᠮ᠎ᠢ ᠰᠠᠢ᠌ᠲᠤᠷ ᠡᠵᠡᠮᠰᠢᠵᠦ᠂ ᠬᠠᠷᠠᠯᠲᠠ ᠲᠣᠭᠲᠠᠭ᠋ᠠᠬᠤ ᠪᠠ ᠨᠠᠢ᠌ᠳᠠᠪᠤᠷᠢᠵᠢᠭᠤᠯᠤᠯᠲᠠ ᠵᠢ ᠴᠢᠩᠭ᠎ᠠ ᠠᠳᠬᠤᠬᠤ ᠵᠢ ᠤᠶᠠᠯᠳᠤᠭᠤᠯᠬᠤ ᠬᠡᠷᠡᠭᠲᠡᠢ᠃ ᠨᠠᠷᠢᠨ ᠬᠢᠨᠠᠮᠠᠭ᠋ᠠᠢ ᠲᠥᠯᠥᠪᠵᠢᠭᠦᠯᠵᠦ  ᠦᠷᠭᠦᠯᠵᠢᠯᠡᠨ ᠠᠬᠢᠭᠤᠯᠤᠭ᠋ᠠᠳ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠣᠶ ᠪᠣᠯᠭ᠋ᠠᠬᠤ ᠬᠡᠷᠡᠭᠲᠡᠢ᠃ ᠤᠬᠠᠮᠰᠠᠷ᠎ᠠᠴᠠ᠎ᠪᠠᠨ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠡᠷᠡᠰ ᠪᠠᠲᠤ ᠰᠢᠲᠦᠭᠴᠢ᠂ ᠦᠨᠡᠨᠴᠢ ᠰᠢᠳᠤᠷᠭᠤ ᠦᠢ᠍ᠯᠡᠳᠦᠯᠭᠡᠵᠢᠭᠦᠯᠦᠭᠴᠢ ᠪᠣᠯᠬᠤ ᠬᠡᠷᠡᠭᠲᠡᠢ᠃ ᠭᠤᠷᠪᠠ᠎ᠳᠤ᠂ ᠰᠠᠬᠢᠯᠭ᠎ᠠ ᠪᠠᠲᠤ ᠵᠢ ᠵᠢᠷᠤᠮᠯᠠᠨ ᠰᠠᠬᠢᠵᠤ ᠪᠡᠶ᠎ᠡ᠎ᠪᠠᠨ ᠴᠢᠩᠭ᠎ᠠ ᠱᠠᠭ᠋ᠠᠷᠳᠠᠵᠤ  ᠲᠠᠢ᠌ᠪᠤᠭᠤᠬᠠᠨ  ᠰᠤᠷᠤᠯᠴᠠᠵᠤ  ᠰᠤᠷᠤᠯᠴᠠᠪᠠᠯ ᠣᠯᠣᠯᠲᠠ᠎ᠲᠠᠢ ᠪᠣᠯᠬᠤ ᠬᠡᠷᠡᠭᠲᠡᠢ᠃ ᠣᠨᠣᠯ᠎ᠢ ᠪᠣᠳᠠᠲᠠᠢ᠎ᠲᠠᠢ ᠤᠶᠠᠯᠳᠤᠭᠤᠯᠬᠤ ᠰᠢᠯᠢᠳᠡᠭ ᠤᠯᠠᠮᠵᠢᠯᠠᠯ᠎ᠢ ᠭᠦᠢ᠍ᠴᠡᠳ ᠪᠠᠳᠠᠷᠠᠭᠤᠯᠵᠤ᠂ ᠠᠰᠠᠭᠤᠳᠠᠯ᠎ᠳᠤ ᠴᠢᠭᠯᠡᠭᠦᠯᠦᠨ ᠭᠦᠨᠵᠡᠭᠡᠢ ᠰᠣᠯᠢᠯᠴᠠᠨ ᠰᠤᠷᠤᠯᠴᠠᠵᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠤ ᠱᠠᠭ᠋ᠠᠷᠳᠠᠭᠳᠠᠬᠤ ᠴᠢᠳᠠᠪᠤᠷᠢ ᠪᠣᠯᠣᠨ ᠮᠡᠳᠡᠯᠭᠡ ᠵᠢ ᠡᠵᠡᠮᠰᠢᠵᠦ᠂ ᠪᠣᠯᠪᠠᠰᠤᠷᠠᠯ᠎ᠳᠤ ᠰᠣᠷᠣᠭᠰᠠᠨ ᠮᠡᠳᠡᠯᠭᠡ᠎ᠪᠠᠨ ᠴᠠᠭ ᠲᠤᠬᠠᠢ ᠎ᠳᠤ᠎ᠨᠢ ᠠᠵᠢᠯ᠎ᠤᠨ ᠦᠢ᠍ᠯᠡᠳᠦᠯᠭᠡ ᠳᠤᠮᠳᠠ᠎ᠪᠠᠨ ᠬᠡᠷᠡᠭᠯᠡᠬᠡᠳ ᠦᠵᠡᠯ ᠰᠠᠨᠠᠭ᠋ᠠᠨ᠎ᠤ ᠲᠠᠯ᠎ᠠ᠎ᠪᠠᠷ ᠰᠢᠨ᠎ᠡ ᠳᠡᠭᠡᠭᠰᠢᠯᠡᠯᠲᠡ᠎ᠲᠠᠢ᠂ ᠤᠨᠤᠯ᠎ᠤᠨ ᠲᠠᠯ᠎ᠠ᠎ᠪᠠᠷ ᠰᠢᠨ᠎ᠡ ᠣᠯᠣᠯᠲᠠ᠎ᠲᠠᠢ᠂ ᠠᠵᠢᠯ᠎ᠤᠨ ᠲᠠᠯ᠎ᠠ᠎ᠪᠠᠷ ᠰᠢᠨ᠎ᠡ ᠰᠢᠪᠲᠤᠯᠤᠯᠲᠠ᠎ᠲᠠᠢ  ᠪᠤᠯᠤᠭ᠋ᠠᠳ ᠦᠨᠳᠦᠰᠦᠨ ᠱᠠᠲᠤᠨ᠎ᠤ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠲᠦᠪᠰᠢᠨ᠎ᠢ ᠳᠡᠭᠡᠭᠰᠢᠯᠡᠭᠦᠯᠬᠦ᠎ᠳᠤ ᠪᠠᠲᠤ ᠪᠡᠬᠢ ᠰᠠᠭᠤᠷᠢ ᠲᠠᠯᠪᠢᠬᠤ ᠬᠡᠷᠡᠭᠲᠡᠢ ᠭᠡᠵᠡᠢ᠃
    ᠲᠣᠰ ᠪᠣᠯᠪᠠᠰᠤᠷᠠᠯ ᠲᠡᠬᠡᠷ᠎ᠡ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠦᠷᠢᠮ》 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ》 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠭᠦᠷ᠎ᠤᠨ ᠠᠵᠢᠯ᠎ᠤᠨ ᠳᠦᠷᠢᠮ (ᠲᠤᠷᠰᠢᠨ ᠬᠡᠷᠡᠭᠵᠢᠭᠦᠯᠬᠦ)》 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠠᠵᠢᠯ᠎ᠢ  ᠢᠯᠡᠵᠢᠬᠦᠯᠬᠦ ᠳᠦᠷᠢᠮ (ᠲᠤᠷᠰᠢᠨ ᠬᠡᠷᠡᠭᠵᠢᠭᠦᠯᠬᠦ)》᠎ᠢ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ ᠲᠤᠰᠬᠠᠢ ᠰᠡᠳᠦᠪ ᠵᠶ᠋ᠡᠷ  ᠵᠢᠯᠤᠭᠣᠳᠴᠤ ᠰᠤᠷᠤᠯᠴᠠᠭᠰᠠᠨ ᠪᠥᠭᠡᠳ ᠤᠯᠠᠭ᠋ᠠᠨᠴᠠᠪ ᠬᠣᠲᠠ ᠵᠢᠨ ᠮᠦᠽᠧᠢ ᠪᠠ ᠵᠢᠨᠢᠩ᠎ᠤᠨ ᠳᠠᠢ᠌ᠯᠠᠯᠳᠤᠭ᠋ᠠᠨ᠎ᠤ ᠣᠷᠳᠣᠨ᠎ᠳᠤ ᠬᠦᠷᠴᠦ ᠨᠠᠮᠴᠢ ᠴᠢᠨᠠᠷ᠎ᠤᠨ ᠬᠥᠮᠦᠵᠢᠯ ᠥᠷᠨᠢᠭᠦᠯᠦᠭᠰᠡᠨ ᠪᠠᠢ᠌ᠨ᠎ᠠ᠃ ᠲᠤᠰᠬᠠᠢ ᠰᠡᠳᠦᠪ᠎ᠤᠨ ᠲᠠᠢ᠌ᠯᠤᠮᠵᠢ᠂ ᠵᠢᠱ᠌ᠢᠶ᠎ᠡ ᠵᠢᠨ ᠵᠠᠳᠠᠯᠤᠯᠲᠠ᠂ ᠲᠤᠬᠠᠢ ᠵᠢᠨ ᠲᠠᠯᠠᠪᠤᠷ᠎ᠤᠨ ᠵᠢᠭ᠋ᠠᠨ ᠰᠤᠷᠭ᠋ᠠᠯᠲᠠ ᠵᠡᠷᠭᠡ ᠣᠯᠠᠨ ᠵᠦᠢ᠍ᠯ᠎ᠤᠨ ᠬᠡᠯᠪᠡᠷᠢ᠎ᠪᠠᠷ ᠳᠠᠮᠵᠢᠭᠤᠯᠤᠨ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠲᠤᠪᠤᠢ᠍ᠢ᠍ᠯᠭ᠋ᠠᠵᠦ᠂ ᠪᠣᠳᠠᠲᠠᠢ ᠪᠣᠯᠪᠠᠰᠤᠷᠠᠯ᠎ᠢ ᠴᠢᠡᠭᠭ᠋ᠠᠳᠬᠠᠬᠰᠠᠨ᠎ᠨᠢ ᠨᠠᠮ᠎ᠤᠨ ᠠᠵᠢᠯ᠎ᠤᠨ ᠠᠵᠢᠯᠲᠠᠳ᠎ᠤᠨ ᠤᠯᠤᠰ ᠲᠦᠷᠦ ᠵᠢᠨ ᠵᠣᠭᠰᠣᠴᠠ᠎ᠪᠠᠨ ᠴᠢᠨᠠᠭᠰᠢᠳᠠ ᠳᠡᠭᠡᠭᠰᠢᠯᠡᠭᠦᠯᠵᠦ᠂ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠴᠢᠬᠤᠯᠠ ᠴᠢᠨᠠᠷ᠎ᠢ ᠭᠦᠨᠵᠡᠭᠡᠢ ᠲᠠᠨᠢᠬᠤ᠎ᠳᠤ ᠴᠢᠬᠤᠯᠠ ᠠᠴᠢ ᠬᠣᠯᠪᠣᠭᠳᠠᠯ᠎ᠲᠠᠢ ᠪᠤᠯᠬᠤᠷ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠪᠠᠢ᠌ᠭᠤᠯᠭ᠎ᠠ᠂ ᠰᠢᠭᠤᠳ ᠬᠠᠷᠢᠶ᠎ᠠ ᠨᠢᠬᠡᠴᠢ ᠵᠢᠨ ᠨᠠᠮ᠎ᠤᠨ ᠠᠵᠢᠯ᠎ᠤᠨ ᠺᠠᠳ᠋ᠷ᠎ᠤᠨ ᠤᠨᠤᠯ᠎ᠤᠨ ᠲᠦᠪᠰᠢᠨ ᠪᠣᠯᠣᠨ ᠲᠤᠬᠠᠢ᠌ᠯᠠᠭᠰᠠᠨ ᠠᠵᠢᠯ᠎ᠤᠨ ᠴᠢᠳᠠᠪᠤᠷᠢ ᠵᠢ ᠴᠢᠨᠠᠭᠰᠢᠳᠠ ᠳᠡᠭᠡᠭᠰᠢᠯᠡᠭᠦᠯᠵᠦ ᠪᠠᠲᠤ ᠴᠢᠩᠭ᠎ᠠ ᠪᠡᠬᠢᠯᠡᠯᠲᠡ ᠵᠢᠨ《ᠵᠢᠱ᠌ᠢᠶᠡᠴᠢ》 ᠨᠠᠮ᠎ᠤᠨ ᠡᠭᠦᠷ᠎ᠤᠨ ᠪᠠᠢ᠌ᠭᠤᠯᠤᠯᠲᠠ ᠵᠢ ᠯᠠᠪᠳᠠᠭᠤᠨ ᠪᠠᠲᠤᠲᠠᠢ  ᠠᠬᠢᠭᠤᠯᠤᠬᠰᠠᠨ ᠪᠠᠢ᠌ᠨ᠎ᠠ᠃
    ᠪᠣᠯᠪᠠᠰᠤᠷᠠᠯ᠎ᠳᠤ  ᠤᠷᠤᠯᠴᠠᠬᠰᠠᠳ ᠲᠤᠰ ᠪᠣᠯᠪᠠᠰᠤᠷᠠᠯ᠎ᠤᠨ ᠬᠠᠨᠳᠤᠯᠭ᠋ᠠᠲᠤ ᠴᠢᠨᠠᠷ᠂ ᠵᠢᠯᠤᠭᠣᠳᠬᠤ ᠴᠢᠨᠠᠷ᠂ ᠪᠣᠳᠠᠲᠠᠢ ᠪᠣᠯᠪᠠᠰᠤᠷᠠᠯ᠎ᠤᠨ ᠴᠢᠨᠠᠷ᠎ᠲᠠᠢ᠃ ᠪᠣᠯᠪᠠᠰᠤᠷᠠᠯ ᠳᠠᠭᠤᠰᠤᠭᠰᠠᠨ᠎ᠤ ᠳᠠᠷᠠᠭ᠎ᠠ ᠴᠢᠷᠮᠠᠢ᠌ᠨ ᠰᠤᠷᠤᠯᠴᠠᠯᠭ᠎ᠠ ᠵᠢᠨ ᠦᠷ᠎ᠡ ᠪᠦᠲᠦᠮᠵᠢ᠎ᠪᠠᠨ ᠦᠢ᠍ᠯᠡᠳᠦᠯᠭᠡ ᠵᠢ ᠵᠢᠯᠤᠭᠣᠳᠬᠤ᠂ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠠᠬᠢᠭᠤᠯᠬᠤ ᠬᠦᠴᠦᠷᠬᠡᠭ ᠶᠡᠬᠡ ᠬᠦᠴᠦᠨ ᠪᠣᠯᠭ᠋ᠠᠨ ᠬᠤᠪᠢᠷᠠᠭᠤᠯᠤᠨ᠎ᠠ ᠭᠡᠵᠦ ᠢᠯᠡᠳᠬᠡᠵᠡᠭᠡᠪᠡ᠃  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠲᠠᠷᠠᠭ᠋ᠠᠴᠢ᠎ᠪᠠᠷ ᠰᠢ ᠵᠢᠨ ᠫᠢᠩ ᠶᠡᠷᠦᠩᠬᠡᠢ ᠱᠦᠵᠢ ᠵᠢᠨ ᠰᠢᠷᠢᠰ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠦᠷᠭᠦᠯᠵᠢᠯᠡᠨ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ  ᠪᠤᠯᠭ᠋ᠠᠨ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ 《ᠳᠥᠷᠪᠡᠨ ᠢᠲᠡᠭᠡᠯ》 ᠵᠶ᠋ᠡᠨ ᠪᠠᠲᠤᠳᠬᠠᠵᠤ  《ᠬᠣᠶᠠᠷ᠎ᠢ ᠬᠠᠮᠠᠭ᠋ᠠᠯᠠᠬᠤ》 ᠵᠢ ᠪᠡᠶᠡᠯᠡᠬᠦᠯᠤᠬᠡᠳ ᠡᠯ᠎ᠡ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠪᠦᠬᠦ ᠴᠢᠷᠮᠠᠢ᠌ᠨ ᠰᠠᠢ᠌ᠲᠤᠷ ᠠᠳᠬᠤᠵᠤ ᠨᠠᠮ᠎ᠤᠨ ᠠᠵᠢᠯ᠎ᠤᠨ ᠺᠠᠳ᠋ᠷᠴᠤᠳ᠎ᠤᠨ ᠬᠠᠮᠢᠶᠠᠷᠤᠯᠲᠠ ᠪᠠ ᠪᠣᠯᠪᠠᠰᠤᠷᠠᠯ᠎ᠢ ᠴᠢᠩᠭ᠋ᠠᠳᠬᠠᠵᠤ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠶᠠᠰᠤ ᠴᠢᠨᠠᠷ ᠪᠠ  ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ ᠠᠷᠠᠳ᠎ᠤᠨ ᠶᠠᠪᠤᠳᠠᠯ᠎ᠤᠨ ᠥᠨᠳᠥᠷ ᠬᠡᠪ ᠴᠢᠨᠠᠷ ᠪᠠ ᠲᠤᠰᠬᠠᠢ᠌ᠵᠢᠭᠰᠠᠨ ᠨᠠᠮ᠎ᠤᠨ ᠠᠵᠢᠯ᠎ᠤᠨ ᠺᠠᠳ᠋ᠷᠴᠤᠳ᠎ᠤᠨ ᠡᠩᠨᠡᠭᠡᠨ᠎ᠤ ᠪᠠᠢ᠌ᠭᠤᠯᠤᠯᠲᠠ ᠵᠢ ᠠᠬᠢᠭᠤᠯᠤᠭ᠋ᠠᠳ ᠨᠠᠮ᠎ᠤᠨ ᠠᠵᠢᠯ᠎ᠤᠨ ᠺᠠᠳ᠋ᠷᠴᠤᠳ᠎ᠢ ᠤᠯᠤᠰ ᠲᠦᠷᠦ ᠵᠢᠨ ᠲᠠᠯ᠎ᠠ᠎ᠪᠠᠷ ᠮᠡᠷᠭᠡᠰᠢᠭᠰᠡᠨ᠂ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠲᠠᠯ᠎ᠠ᠎ᠪᠠᠷ ᠮᠡᠷᠭᠡᠰᠢᠭᠰᠡᠨ᠂ ᠺᠠᠳ᠋ᠷ ᠠᠵᠢᠯᠲᠠᠨ ᠠᠵᠢᠯᠴᠢᠨ᠎ᠤ ᠳᠣᠲᠣᠨᠣ ᠬᠥᠮᠥᠨ ᠪᠣᠯᠭ᠋ᠠᠨ ᠬᠦᠮᠤᠵᠢᠬᠦᠯᠬᠦ ᠪᠤᠯᠤᠨ᠎ᠠ᠃


 



    

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 11.21
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 11.22
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 11.25
ᠥᠪᠥᠷ ᠮᠣᠩᠭᠣᠯ᠎ᠤᠨ 《ᠲᠣᠭ᠋ᠠᠴᠢᠯᠠᠭᠰᠠᠨ ᠠᠷᠠᠳ᠎ᠤᠨ ᠶᠠᠪᠤᠳᠠᠯ》᠎ᠤᠨ ᠣᠷᠣᠭ ᠲᠠᠡᠭᠰᠠᠯᠠᠬᠤ ᠬᠠᠮᠢᠶᠠᠷᠤᠯᠲᠠ ᠵᠢᠨ ᠰᠢᠰᠲ᠋ᠧᠮ᠎ᠢ ᠰᠦᠯᠵᠢᠶᠡᠨ ᠲᠡᠬᠡᠷ᠎ᠡ ᠠᠵᠢᠯᠯᠠᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《ᠲᠣᠭ᠋ᠠᠴᠢᠯᠠᠭᠰᠠᠨ ᠠᠷᠠᠳ᠎ᠤᠨ ᠶᠠᠪᠤᠳᠠᠯ》᠎ᠤᠨ ᠲᠥᠷᠥᠯ ᠵᠦᠢ᠍ᠯ᠎ᠤᠨ ᠱᠠᠳᠤᠴᠢ ᠰᠢᠯᠭ᠋ᠠᠨ ᠠᠪᠤᠯᠳᠠ ᠵᠢᠨ ᠬᠤᠷᠠᠯ ᠬᠢᠪᠡ
 
            