ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 11.21
ᠨᠡᠶᠢᠲᠡᠯᠡᠭᠰᠡᠨ ᠴᠠᠭ᠄ 2024-11-25

     ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ᠎ᠬᠢᠨ ᠤᠷᠴᠢᠮ᠎ᠳᠤ ᠣᠨᠣᠯ ᠰᠤᠷᠤᠯᠴᠠᠬᠤ ᠭᠣᠣᠯ ᠳᠤᠭᠤᠢ᠌ᠯᠠᠩ᠎ᠤᠨ ᠲᠤᠰᠬᠠᠢ ᠰᠡᠳᠦᠪᠲᠦ ᠰᠤᠷᠤᠯᠴᠠᠬᠤ (ᠥᠷᠭᠡᠳᠬᠡᠭᠰᠡᠨ) ᠬᠤᠷᠠᠯ᠎ᠢ ᠬᠤᠷᠠᠯᠳᠤᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠪᠠ ᠠᠷᠪᠠᠨ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠷᠠᠳ᠎ᠤᠨ ᠶᠠᠪᠤᠳᠠᠯ᠎ᠤᠨ ᠬᠤᠷᠠᠯ᠎ᠤᠨ ᠵᠣᠷᠢᠭ ᠰᠠᠨᠠᠭ᠋ᠠᠨ᠎ᠤ ᠲᠤᠬᠠᠢ ᠲᠥᠷᠥᠭᠳᠡᠯ ᠵᠶ᠋ᠡᠨ ᠰᠣᠯᠢᠯᠴᠠᠨ ᠰᠤᠷᠤᠯᠴᠠᠵᠤ᠂ ᠰᠤᠷᠤᠯᠴᠠᠨ ᠲᠤᠭᠤᠰᠢᠯᠠᠭᠤᠯᠬᠤ ᠠᠵᠢᠯ᠎ᠤᠨ ᠲᠠᠰᠤᠷᠠᠯᠲᠠ ᠦᠭᠡᠢ ᠭᠦᠨᠵᠡᠭᠡᠢ᠌ᠷᠡᠨ ᠪᠣᠳᠠᠲᠠᠢ᠌ᠵᠢᠬᠤ ᠵᠢ ᠠᠬᠢᠭᠤᠯᠪᠠ᠃ ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠶᠠᠮᠤᠨ᠎ᠤ ᠰᠠᠢ᠌ᠳ ᠯᠦ᠍ ᡁᠢ ᠶᠤᠸᠠᠨ ᠬᠤᠷᠠᠯ᠎ᠢ ᠡᠷᠭᠢᠯᠡᠪᠡ᠃

 

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ


    10 ᠰᠠᠷ᠎ᠠ ᠵᠢᠨ ᠰᠡᠭᠦᠯᠴᠢ ᠪᠣᠯᠲᠠᠯ᠎ᠠ ᠪᠥᠬᠥ ᠣᠷᠣᠨ᠎ᠳᠤ ᠰᠤᠮᠤ ᠰᠢᠶᠠᠩ ᠪᠠᠯᠭ᠋ᠠᠰᠤ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠎ᠢ 570 ᠪᠠᠢ᠌ᠭᠤᠯᠵᠤ᠂ ᠲᠣᠰᠬᠣᠨ᠎ᠤ ᠲᠠᠰ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠥᠷᠲᠡᠭᠡ (  ᠵᠢᠷᠭ᠋ᠠᠯᠳᠤ ᠬᠦᠷᠢᠶᠡᠯᠡᠩ ᠪᠠᠭᠲᠠᠨ᠎ᠠ) ᠵᠢ 6217 ᠪᠠᠢ᠌ᠭᠤᠯᠵᠤ᠂ ᠬᠥᠳᠡᠭᠡ ᠲᠣᠰᠬᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠠᠮᠤᠷᠬᠤ ᠬᠡᠮᠵᠢᠶ᠎ᠡ ᠵᠢ ᠤᠯᠠᠮ ᠳᠡᠭᠡᠭᠰᠢᠯᠡᠭᠦᠯᠪᠡ᠃


ᠨᠡᠢ᠌ᠭᠡᠮ᠎ᠤᠨ ᠲᠤᠰᠠᠯᠠᠮᠵᠢ


   ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ  ᠪᠠᠴᠢᠮ ᠬᠦᠴᠢᠷᠳᠡᠯ᠎ᠲᠤ ᠲᠤᠯᠭ᠋ᠠᠷᠠᠬᠰᠠᠳ᠎ᠤᠨ ᠨᠡᠢ᠌ᠭᠡᠮ᠎ᠤᠨ  ᠲᠤᠰᠠᠯᠠᠮᠵᠢ ᠪᠠ ᠲᠦᠷ ᠴᠠᠭ᠎ᠤᠨ ᠲᠤᠰᠠᠯᠠᠮᠵᠢ ᠵᠢᠨ ᠦᠢ᠍ᠯᠡᠳᠦᠯ᠎ᠢ ᠴᠢᠡᠭᠭ᠋ᠠᠷᠠᠭᠤᠯᠪᠠ᠃ ᠰᠤᠮᠤ ᠰᠢᠶᠠᠩ ᠪᠠᠯᠭ᠋ᠠᠰᠤ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠲᠦᠷ ᠴᠠᠭ᠎ᠤᠨ  ᠲᠤᠰᠠᠯᠠᠮᠵᠢ ᠵᠢᠨ ᠪᠡᠯᠡᠳᠬᠡᠯ ᠮᠥᠩᠭᠥ ᠵᠢᠨ ᠳᠦᠷᠢᠮ᠎ᠢ ᠨᠠᠢ᠌ᠳᠠᠪᠤᠷᠢᠵᠢᠭᠤᠯᠵᠤ᠂ ᠪᠠᠴᠢᠮ ᠬᠦᠴᠢᠷᠳᠡᠯ᠎ᠳᠤ ᠲᠤᠯᠭ᠋ᠠᠷᠠᠭᠰᠠᠨ ᠬᠦᠴᠢᠷᠳᠡᠯᠲᠡᠢ ᠣᠯᠠᠨ ᠲᠦᠮᠡᠨ᠎ᠳᠤ ᠬᠢᠨᠠᠨ ᠬᠠᠷᠭᠤᠭᠤᠯᠵᠤ ᠨᠤᠲᠠᠯᠠᠬᠤ  ᠶᠠᠪᠤᠴᠨ᠎ᠢ ᠰᠢᠯᠢᠳᠡᠭᠵᠢᠭᠦᠯᠵᠦ᠂ 《  ᠤᠷᠢᠳ ᠵᠶ᠋ᠡᠷ ᠲᠤᠰᠠᠯᠠᠬᠤ》 ᠠᠵᠢᠯ᠎ᠢ ᠢᠳᠡᠪᠬᠢᠲᠡᠢ  ᠦᠷᠨᠢᠬᠦᠯᠪᠡ᠃ ᠠᠮᠢᠳᠤᠷᠠᠯ᠎ᠨᠢ ᠨᠤᠴᠢᠳᠠᠢ  ᠬᠦᠴᠢᠷᠳᠡᠯ᠎ᠳᠤ ᠲᠤᠯᠭ᠋ᠠᠷᠠᠭᠰᠠᠨ ᠪᠤᠯ 《ᠨᠢᠭᠡ ᠬᠡᠷᠡᠭ᠎ᠢ ᠨᠢᠭᠡ ᠵᠥᠪᠯᠡᠬᠦ》 《ᠨᠢᠭᠡ ᠬᠡᠷᠡᠭ᠎ᠲᠤ ᠨᠢᠭᠡ ᠠᠷᠭ᠎ᠠ ᠪᠣᠳᠣᠯᠭ᠎ᠠ ᠠᠪᠬᠤ》 ᠠᠷᠭ᠎ᠠ ᠎ᠪᠠᠷ ᠲᠤᠰᠠᠯᠠᠬᠤ ᠲᠣᠭ᠎ᠠ ᠵᠢ ᠳᠡᠭᠡᠭᠰᠢᠯᠡᠭᠦᠯᠵᠦ᠂ ᠬᠣᠲᠠ ᠬᠥᠳᠡᠭᠡ ᠵᠢᠨ ᠣᠯᠠᠨ ᠲᠦᠮᠡᠨ᠎ᠳᠤ ᠲᠤᠯᠭ᠋ᠠᠷᠠᠭᠰᠠᠨ ᠭᠡᠨᠡᠳᠲᠡ ᠵᠢᠨ᠂ ᠲᠤᠯᠭ᠋ᠠᠮ᠎ᠢ᠂ ᠲᠦᠷ ᠴᠠᠭ᠎ᠤᠨ ᠦᠨᠳᠦᠰᠦᠨ ᠠᠮᠢᠳᠤᠷᠠᠯ᠎ᠤᠨ ᠬᠦᠴᠢᠷᠳᠡᠯ᠎ᠢ ᠲᠣᠬᠢᠲᠠᠢ  ᠰᠢᠢ᠍ᠳᠪᠤᠷᠢᠯᠡᠭᠰᠡᠨ ᠪᠠᠢ᠌ᠨ᠎ᠠ᠃ 10 ᠰᠠᠷ᠎ᠠ ᠵᠢᠨ ᠰᠡᠭᠦᠯᠴᠢ ᠪᠣᠯᠲᠠᠯ᠎ᠠ 7887 ᠤᠳᠠᠭ᠎ᠠ ᠵᠢᠨ ᠲᠦᠷ ᠴᠠᠭ ᠲᠤᠰᠠᠯᠠᠵᠤ 1587 ᠲᠦᠮᠡᠨ ᠲᠥᠭᠥᠷᠢᠭ᠎ᠤᠨ ᠪᠡᠯᠡ ᠮᠥᠩᠭᠥ ᠵᠠᠷᠤᠴᠠᠭᠤᠯᠪᠠ᠃


ᠨᠡᠢ᠌ᠭᠡᠮ᠎ᠤᠨ  ᠶᠠᠪᠤᠳᠠᠯ


      ᠣᠷᠳᠣᠰ ᠬᠣᠲᠠ ᠵᠢᠨ ᠠᠩᠬᠠᠳᠠᠭᠴᠢ ᠴᠡᠴᠡᠷᠯᠢᠭ ᠮᠠᠶᠢᠭ᠎ᠤᠨ ᠣᠷᠣᠭ᠎ᠤᠨ ᠳᠠᠩᠰᠠᠯᠠᠯᠲᠠ ᠵᠢᠨ ᠲᠥᠪ ᠪᠤᠯᠬᠤ ᠬᠢᠶ᠎ᠠ ᠪᠠᠭᠰᠢ ᠲᠣᠭᠣᠷᠢᠭ᠎ᠤᠨ ᠣᠷᠣᠭ᠎ᠤᠨ ᠳᠠᠩᠰᠠᠯᠠᠯᠲᠠ ᠵᠢᠨ ᠲᠥᠪ ᠤᠷᠴᠢᠮ᠎ᠳᠤ ᠠᠰᠢᠭᠯᠠᠯᠲᠠ᠎ᠳᠤ ᠣᠷᠣᠵᠤ ᠣᠷᠣᠭ ᠲᠠᠡᠭᠰᠠᠯᠠᠬᠤ᠂  ᠪᠠᠳᠤᠯᠠᠪᠤᠷᠢ ᠣᠯᠭᠣᠬᠤ ᠦᠢ᠍ᠯᠡᠴᠢᠯᠡᠭᠡ᠂ ᠣᠷᠣᠭ ᠭᠡᠷ ᠪᠦᠯᠢ ᠵᠢᠨ ᠵᠢᠯᠣᠭᠣᠳᠤᠯᠭ᠎ᠠ᠂ ᠣᠷᠣᠭ᠎ᠤᠨ ᠰᠣᠶᠣᠯ᠎ᠤᠨ ᠦᠵᠡᠭᠦᠯᠦᠯᠭᠡ ᠵᠢ ᠨᠢᠭᠡ ᠴᠣᠭᠴᠠᠵᠢᠭᠤᠯᠤᠨ᠂ ᠬᠣᠲᠠ ᠵᠢᠨ ᠠᠷᠠᠳ᠎ᠲᠤ ᠥᠪᠡᠷᠮᠢᠴᠡ 《ᠦᠶᠦᠭ ᠲᠤᠯᠠᠭ᠋ᠠᠬᠠᠨ ᠬᠣᠲᠠ》 ᠵᠢᠨ ᠣᠨᠴᠠᠯᠢᠭ᠎ᠲᠠᠢ ᠣᠷᠣᠭ᠎ᠤᠨ ᠦᠢ᠍ᠯᠡᠴᠢᠯᠡᠭᠡ ᠬᠠᠩᠭ᠋ᠠᠵᠤ ᠪᠠᠢ᠌ᠨ᠎ᠠ᠃


ᠬᠡᠦᠬᠡᠳ᠎ᠤᠨ ᠠᠰᠠᠷᠠᠮᠵᠢ

 

     ᠬᠥᠯᠥᠨ ᠪᠣᠶ᠋ᠢᠷ ᠬᠣᠲᠠ ᠵᠢᠨ᠎ᠬᠢᠨ ᠤᠷᠴᠢᠮ᠎ᠳᠤ ᠨᠡᠭᠦᠳᠡᠯ ᠬᠡᠦᠬᠡᠳ ᠪᠠ ᠭᠡᠷ᠎ᠲᠤ᠎ᠪᠠᠨ ᠬᠣᠴᠣᠷᠤᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠢ ᠠᠬᠢᠭᠤᠯᠬᠤ ᠬᠤᠷᠠᠯ ᠪᠠ ᠪᠥᠬᠥ ᠬᠣᠲᠠ ᠵᠢᠨ ᠨᠡᠭᠦᠳᠡᠯ ᠬᠡᠦᠬᠡᠳ ᠪᠠ ᠭᠡᠷ᠎ᠲᠤ᠎ᠪᠠᠨ ᠬᠣᠴᠣᠷᠤᠭᠰᠠᠨ ᠬᠡᠦᠬᠡᠳ᠎ᠤᠨ ᠡᠷᠬᠡ ᠠᠰᠢᠭ᠎ᠢ ᠪᠠᠲᠤᠯᠠᠬᠤ ᠠᠵᠢᠯ᠎ᠤᠨ ᠳᠤᠭᠤᠢ᠌ᠯᠠᠩ᠎ᠤᠨ ᠬᠤᠷᠠᠯ᠎ᠢ ᠬᠤᠷᠠᠯᠳᠤᠭᠤᠯᠪᠠ᠃ ᠬᠥᠯᠥᠨ ᠪᠣᠶ᠋ᠢᠷ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠡᠷᠭᠡ 21 ᠰᠠᠯᠠᠭ᠎ᠠ ᠮᠥᠴᠢᠷ᠎ᠤᠨ᠎ᠬᠢᠨ 《ᠬᠥᠯᠥᠨ ᠪᠣᠶ᠋ᠢᠷ ᠬᠣᠲᠠ ᠵᠢᠨ ᠨᠡᠭᠦᠳᠡᠯ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯᠯᠠᠭ᠎ᠠ ᠵᠢ ᠴᠢᠩᠭ᠋ᠠᠳᠬᠠᠬᠤ ᠲᠤᠬᠠᠢ ᠬᠡᠷᠡᠭᠵᠢᠭᠦᠯᠬᠦ ᠲᠥᠰᠥᠯ》᠎ᠳᠤ ᠰᠠᠨᠠᠯ ᠰᠠᠨᠠᠭᠤᠯᠭ᠎ᠠ ᠳᠤᠷᠠᠳᠪᠠ᠃ ᠡᠭᠦᠨ᠎ᠤ ᠬᠠᠮᠲᠤ ᠰᠤᠷᠭ᠋ᠠᠨ ᠬᠥᠮᠦᠵᠢᠯ᠂ ᠳᠣᠲᠣᠭ᠋ᠠᠳᠤ ᠵᠢ ᠬᠠᠮᠠᠭ᠋ᠠᠯᠠᠬᠤ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠡᠷᠭᠡ ᠰᠠᠯᠠᠭ᠎ᠠ ᠮᠥᠴᠢᠷ᠎ᠯᠦᠭᠡ ᠲᠣᠭ᠎ᠠ ᠪᠠᠷᠢᠮᠲᠠ ᠵᠢ ᠬᠠᠷᠢᠴᠠᠭᠤᠯᠤᠨ ᠬᠤᠪᠢᠶᠠᠯᠴᠠᠬᠤ ᠠᠵᠢᠯ᠎ᠢ ᠴᠢᠩᠭ᠋ᠠᠳᠬᠠᠬᠤ᠎ᠪᠠᠷ ᠳᠠᠮᠵᠢᠭᠤᠯᠤᠨ ᠰᠠᠭᠤᠷᠢ ᠡᠬᠡ ᠲᠠᠩᠰᠠ ᠵᠢ ᠪᠦᠷᠢᠨᠰᠢᠭᠦᠯᠵᠦ ᠣᠯᠠᠨ ᠲᠠᠯ᠎ᠠ ᠵᠢᠨ ᠬᠠᠮᠵᠢᠯᠴᠠᠨ ᠠᠵᠢᠯᠯᠠᠬᠤ ᠲᠣᠭᠲᠠᠴᠠ ᠵᠢ ᠲᠡᠭᠦᠯᠳᠡᠷᠵᠢᠭᠦᠯᠦᠨ ᠠᠵᠢᠯ᠎ᠤᠨ ᠬᠠᠮ ᠬᠦᠴᠦᠨ᠎ᠢ ᠲᠦᠷᠭᠡᠨ ᠪᠦᠷᠢᠯᠳᠤᠬᠦᠯᠤᠬᠡᠳ ᠨᠡᠭᠦᠳᠡᠯ ᠬᠡᠦᠬᠡᠳ ᠪᠠ ᠭᠡᠷ᠎ᠲᠤ᠎ᠪᠠᠨ ᠬᠣᠴᠣᠷᠤᠭᠰᠠᠨ ᠬᠡᠦᠬᠡᠳ᠎ᠤᠨ ᠡᠷᠬᠡ ᠠᠰᠢᠭ ᠪᠠᠳᠤᠯᠠᠵᠤ ᠪᠠᠢ᠌ᠨ᠎ᠠ᠃

   

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 11.22
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 11.25
ᠥᠪᠥᠷ ᠮᠣᠩᠭᠣᠯ᠎ᠤᠨ 《ᠲᠣᠭ᠋ᠠᠴᠢᠯᠠᠭᠰᠠᠨ ᠠᠷᠠᠳ᠎ᠤᠨ ᠶᠠᠪᠤᠳᠠᠯ》᠎ᠤᠨ ᠣᠷᠣᠭ ᠲᠠᠡᠭᠰᠠᠯᠠᠬᠤ ᠬᠠᠮᠢᠶᠠᠷᠤᠯᠲᠠ ᠵᠢᠨ ᠰᠢᠰᠲ᠋ᠧᠮ᠎ᠢ ᠰᠦᠯᠵᠢᠶᠡᠨ ᠲᠡᠬᠡᠷ᠎ᠡ ᠠᠵᠢᠯᠯᠠᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《ᠲᠣᠭ᠋ᠠᠴᠢᠯᠠᠭᠰᠠᠨ ᠠᠷᠠᠳ᠎ᠤᠨ ᠶᠠᠪᠤᠳᠠᠯ》᠎ᠤᠨ ᠲᠥᠷᠥᠯ ᠵᠦᠢ᠍ᠯ᠎ᠤᠨ ᠱᠠᠳᠤᠴᠢ ᠰᠢᠯᠭ᠋ᠠᠨ ᠠᠪᠤᠯᠳᠠ ᠵᠢᠨ ᠬᠤᠷᠠᠯ ᠬᠢᠪᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.2
 
            