ᠰᠢ ᠵᠢᠨ ᠫᠢᠩ ᠶᠡᠷᠦᠩᠬᠡᠢ ᠱᠦᠵᠢ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠪᠣᠯᠣᠨ ᠠᠷᠪᠠᠨ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠷᠠᠳ᠎ᠤᠨ ᠶᠠᠪᠤᠳᠠᠯ᠎ᠤᠨ ᠬᠤᠷᠠᠯ᠎ᠤᠨ ᠵᠣᠷᠢᠭ ᠰᠠᠨᠠᠭ᠎ᠠ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠪᠦᠬᠦ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠤᠨ ᠲᠦᠪᠰᠢᠨ ᠳᠡᠭᠡᠭᠰᠢᠯᠡᠭᠦᠯᠦᠨ ᠰᠢᠨ᠎ᠡ ᠰᠢᠪᠲᠤᠯᠤᠯᠲᠠ᠎ᠲᠠᠢ ᠪᠤᠯᠭ᠋ᠠᠵᠤ ᠰᠢᠨ᠎ᠡ ᠳᠡᠭᠲᠡᠷ᠎ᠲᠤ ᠭᠠᠷᠭ᠋ᠠᠬᠤ ᠵᠢᠨ ᠲᠦᠯᠤᠬᠡ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 10 ᠳ᠋ᠤᠭ᠋ᠠᠷ ᠰᠠᠷ᠎ᠠ ᠵᠢᠨ 29᠎ᠠᠴᠠ 11 ᠳ᠋ᠤᠬᠡᠷ ᠰᠠᠷ᠎ᠠ ᠵᠢᠨ 1᠎ᠳᠤ ᠲᠦᠩᠯᠢᠶᠣᠣ ᠬᠣᠲᠠ᠎ᠳᠤ ᠪᠥᠬᠥ ᠣᠷᠣᠨ᠎ᠤ ᠬᠥᠳᠡᠭᠡ ᠲᠣᠰᠬᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠲᠤᠷᠰᠢᠯᠭ᠎ᠠ ᠵᠢ ᠳᠡᠯᠭᠡᠷᠡᠭᠦᠯᠬᠦ ᠪᠠ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ ᠡᠷᠬᠢᠯᠡᠪᠡ᠃
ᠪᠣᠯᠪᠠᠰᠤᠷᠠᠯ ᠲᠡᠬᠡᠷ᠎ᠡ᠄ 《ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ ᠬᠥᠳᠡᠭᠡ ᠲᠣᠰᠬᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠥᠮᠥᠨ ᠠᠮᠠ ᠵᠢᠨ ᠨᠠᠰᠤᠵᠢᠯᠲᠠ ᠵᠢ ᠪᠦᠲᠦᠮᠵᠢᠲᠡᠶ ᠠᠷᠭ᠋ᠠᠴᠠᠭ᠋ᠠᠬᠤ᠂ ᠣᠯᠠᠨ ᠲᠠᠰ ᠳᠠᠪᠬᠤᠷᠭ᠎ᠠ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲᠸᠮ᠎ᠢ ᠪᠦᠷᠢᠨᠰᠢᠭᠦᠯᠬᠦ᠎ᠳᠤ ᠦᠵᠡᠭᠦᠯᠬᠦ ᠴᠢᠬᠤᠯᠠ ᠠᠴᠢ ᠬᠤᠯᠪᠤᠬᠳᠠᠯ᠎ᠢ ᠬᠦᠢ᠍ᠴᠡᠳ ᠲᠠᠨᠢᠬᠤ ᠬᠡᠷᠡᠭᠳᠡᠢ᠃ ᠪᠥᠬᠥ ᠣᠷᠣᠨ᠎ᠤ ᠪᠣᠳᠠᠲᠤ ᠪᠠᠢ᠌ᠳᠠᠯ᠎ᠳᠤ ᠰᠠᠭᠤᠷᠢᠯᠠᠨ ᠦᠢ᠍ᠯᠡᠴᠢᠯᠡᠭᠡᠨ᠎ᠤ ᠲᠤᠤᠷᠵᠢᠯ᠎ᠢ ᠲᠡᠭᠦᠯᠳᠡᠷᠵᠢᠭᠦᠯᠬᠦ᠂ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠯ᠎ᠤᠨ ᠰᠢᠨ᠎ᠡ ᠵᠢ ᠡᠭᠦᠳᠬᠦ᠂ ᠨᠠᠰᠤᠵᠢᠯ᠎ᠤᠨ ᠦᠢ᠍ᠯᠡᠴᠢᠯᠡᠭᠡᠨ᠎ᠤ ᠵᠠᠭᠪᠤᠷ᠎ᠢ ᠭᠦᠨᠵᠡᠭᠡᠢ᠌ᠷᠡᠭᠦᠯᠬᠦ ᠵᠡᠷᠭᠡ ᠨᠠᠰᠤᠵᠢᠯ᠎ᠤᠨ ᠦᠢ᠍ᠯᠡᠴᠢᠯᠡᠭᠡᠨ᠎ᠤ ᠡᠯ᠎ᠡ ᠭᠣᠣᠯᠳᠠᠯᠭ᠎ᠠ᠎ᠲᠠᠢ ᠠᠵᠢᠯ᠎ᠢ ᠯᠠᠪᠳᠠᠭᠤᠨ ᠬᠢᠬᠦ ᠬᠡᠷᠡᠭᠳᠡᠢ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠵᠢ ᠴᠢᠩᠭ᠋ᠠᠳᠬᠠᠵᠤ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠦᠷᠦᠯ ᠵᠦᠢ᠍ᠯ᠎ᠢ ᠪᠣᠳᠠᠲᠠᠢ ᠠᠳᠬᠤᠨ ᠨᠠᠷᠢᠯᠢᠭ ᠠᠳᠬᠤᠵᠤ ᠭᠡᠷ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡ ᠵᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠪᠠᠢ᠌ᠭᠤᠯᠤᠯᠲᠠ᠂ ᠨᠠᠰᠤᠵᠢᠯ᠎ᠤᠨ ᠦᠢ᠍ᠯᠡᠴᠢᠯᠡᠭᠡ ᠵᠢ ᠶᠡᠷᠦᠩᠬᠡᠢ᠌ᠯᠡᠨ ᠬᠢᠨᠠᠨ ᠬᠠᠮᠢᠶᠠᠷᠬᠤ᠂ ᠨᠠᠰᠤᠵᠢᠯ᠎ᠤᠨ ᠦᠢ᠍ᠯᠡᠴᠢᠯᠡᠭᠡ ᠵᠢᠨ ᠬᠦᠷᠢᠶ᠎ᠡ ᠴᠠᠷᠠᠭ᠎ᠠ᠎ᠳᠤ᠎ᠬᠢ ᠥᠭᠡᠷᠡᠴᠢᠯᠡᠯᠲᠡ ᠵᠡᠷᠭᠡ ᠭᠣᠣᠯᠳᠠᠯᠭ᠎ᠠ᠎ᠲᠠᠢ ᠡᠭᠦᠷᠭᠡ ᠵᠢ ᠨᠠᠢ᠌ᠳᠠᠪᠤᠷᠢᠵᠢᠭᠤᠯᠬᠤ ᠵᠢ ᠬᠦᠴᠦᠲᠡᠢ ᠠᠬᠢᠭᠤᠯᠵᠤ ᠪᠦᠬᠦ ᠨᠠᠰᠤᠲᠠᠢ᠌ᠴᠤᠳ᠎ᠤᠨ ᠬᠦᠷᠲᠡᠮᠵᠢ ᠵᠢᠨ ᠲᠥᠷᠥᠭᠳᠡᠯ᠎ᠢ ᠨᠡᠩ ᠲᠡᠭᠦᠯᠳᠡᠷ ᠪᠣᠯᠭ᠋ᠠᠵᠤ ᠵᠣᠯ ᠵᠢᠷᠭ᠋ᠠᠯᠲᠤ ᠲᠥᠷᠥᠭᠳᠡᠯ᠎ᠢ ᠨᠡᠩ ᠦᠷᠭᠦᠯᠵᠢᠯᠡᠭᠦᠯᠵᠦ ᠠᠮᠤᠷ ᠠᠮᠤᠭᠤᠯᠠᠡᠭ ᠲᠥᠷᠥᠭᠳᠡᠯ᠎ᠢ ᠨᠡᠩ ᠪᠠᠲᠤᠯᠠᠭ᠎ᠠ᠎ᠲᠠᠢ ᠪᠣᠯᠭ᠋ᠠᠬᠤ᠎ᠪᠠᠷ ᠴᠢᠷᠮᠠᠢ᠌ᠬᠤ ᠬᠡᠷᠡᠭᠲᠡᠢ》 ᠬᠡᠵᠡᠢ᠃
ᠲᠣᠰ ᠪᠣᠯᠪᠠᠰᠤᠷᠠᠯ᠎ᠳᠤ ᠯᠢᠶᠣᠤᠨᠢᠩ ᠮᠤᠵᠢ ᠵᠢᠨ ᠠᠷᠠᠳ᠎ᠤᠨ ᠶᠠᠪᠤᠳᠠᠯ᠎ᠤᠨ ᠲᠢᠩᠬᠢᠮ᠂ ᠵᠢᠶᠠᠩᠰᠤ ᠮᠤᠵᠢ ᠵᠢᠨ ᠲᠠᠶ᠋ᠢᠼᠠᠩ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠠᠮᠢᠶ᠎ᠠ ᠪᠦᠬᠦᠢ ᠤᠳᠤᠷᠢᠳᠤᠯᠭ᠎ᠠ ᠪᠠ ᠳᠤᠮᠳᠠᠳᠤ ᠤᠯᠤᠰ᠎ᠤᠨ ᠨᠠᠰᠤᠲᠠᠢ᠌ᠴᠤᠳ᠎ᠤᠨ ᠠᠵᠤ ᠦᠢ᠍ᠯᠡᠰ᠎ᠤᠨ ᠨᠡᠢ᠌ᠭᠡᠮᠯᠢᠭ᠂ ᠠᠷᠠᠳ᠎ᠤᠨ ᠶᠠᠪᠤᠳᠠᠯ᠎ᠤᠨ ᠶᠠᠮᠤᠨ᠎ᠤ ᠠᠰᠠᠷᠠᠮᠵᠢ ᠵᠢᠨ ᠲᠥᠪ᠂ ᠱᠠᠨᠳᠦ᠋ᠩ᠎ᠤᠨ ᠴᠢᠩ ᠶᠠᠨ ᠺᠣᠮᠫᠠᠨᠢ ᠵᠢᠨ ᠲᠤᠰᠬᠠᠢ ᠮᠡᠷᠭᠡᠵᠢᠯᠲᠡᠨ ᠡᠷᠳᠡᠮᠲᠡᠨ᠎ᠢ ᠤᠷᠢᠵᠤ ᠤᠷᠤᠭᠤᠯᠬᠤ᠎ᠳᠤ᠎ᠪᠠᠨ ᠭᠣᠣᠯᠳᠠᠭᠤ ᠮᠠᠨ᠎ᠤ ᠣᠷᠣᠨ᠎ᠤ ᠬᠥᠳᠡᠭᠡ ᠲᠣᠰᠬᠣᠨ᠎ᠤ ᠨᠠᠰᠤᠵᠢᠯ᠎ᠤᠨ ᠠᠰᠠᠷᠠᠮᠵᠢ ᠵᠢᠨ ᠠᠵᠢᠯ᠎ᠤᠨ ᠳᠤᠲᠠᠭᠤᠳᠠᠯ ᠪᠠ ᠪᠠᠭᠤᠷᠠᠢ ᠲᠠᠯ᠎ᠠ᠎ᠳᠤ ᠴᠢᠭᠯᠡᠭᠦᠯᠦᠨ᠂ ᠬᠥᠳᠡᠭᠡ ᠲᠣᠰᠬᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠲᠥᠷᠥ ᠵᠢᠨ ᠪᠣᠳᠣᠯᠭ᠎ᠠ᠂ ᠦᠨᠳᠦᠰᠦᠨ ᠨᠠᠰᠤᠵᠢᠯ᠎ᠤᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠢ᠌ᠭᠤᠯᠤᠯᠲᠠ᠂ ᠨᠠᠰᠤᠵᠢᠯ᠎ᠤᠨ ᠦᠢ᠍ᠯᠡᠴᠢᠯᠡᠭᠡᠨ᠎ᠤ ᠬᠢᠨᠠᠯᠲᠠ ᠬᠠᠮᠢᠶᠠᠷᠤᠯᠲᠠ᠂ ᠨᠠᠰᠤᠲᠠᠢ᠌ᠴᠤᠳ᠎ᠤᠨ ᠴᠢᠳᠠᠪᠤᠷᠢ ᠵᠢᠨ ᠦᠨᠡᠯᠡᠯᠲᠡ᠂ ᠮᠡᠳᠡᠭᠡ ᠵᠠᠩᠭᠢᠵᠢᠯᠲᠠ ᠵᠢᠨ ᠬᠠᠮᠢᠶᠠᠷᠤᠯᠲᠠ ᠵᠡᠷᠭᠡ ᠨᠠᠰᠤᠵᠢᠯ᠎ᠤᠨ ᠦᠢ᠍ᠯᠡᠴᠢᠯᠡᠭᠡᠨ᠎ᠤ ᠬᠦᠷᠢᠶ᠎ᠡ ᠴᠠᠷᠠᠭ᠎ᠠ᠎ᠳᠤ ᠬᠣᠯᠪᠣᠭᠳᠠᠬᠤ ᠡᠯ᠎ᠡ ᠭᠣᠣᠯᠳᠠᠯᠭ᠎ᠠ ᠲᠠᠢ ᠠᠵᠢᠯ᠎ᠢ ᠪᠠᠭᠰᠢ ᠨᠠᠷ ᠦᠢ᠍ᠯᠡᠳᠦᠯᠭᠡ ᠵᠢᠨ ᠲᠤᠷᠰᠢᠯᠭ᠎ᠠ ᠪᠠ ᠨᠡᠢ᠌ᠲᠡᠯᠢᠭ ᠵᠢᠱ᠌ᠢᠶ᠎ᠡ᠎ᠲᠠᠢ ᠤᠶᠠᠯᠳᠤᠭᠤᠯᠵᠤ ᠲᠠᠢ᠌ᠯᠪᠤᠷᠢᠯᠠᠬᠰᠠᠨ ᠶᠤᠮ᠃
ᠰᠤᠷᠤᠯᠴᠠᠬᠤ ᠬᠡᠯᠪᠡᠷᠢ ᠵᠢ ᠪᠠᠶᠠᠯᠢᠭᠵᠢᠭᠤᠯᠵᠤ᠂ ᠪᠣᠯᠪᠠᠰᠤᠷᠠᠯ᠎ᠤᠨ ᠪᠣᠳᠠᠲᠤ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢᠨ ᠲᠥᠯᠥᠭᠡ ᠲᠣᠰ ᠪᠣᠯᠪᠠᠰᠤᠷᠠᠯ ᠲᠡᠬᠡᠷ᠎ᠡ ᠪᠠᠰᠠ ᠲᠤᠬᠠᠢ ᠵᠢᠨ ᠲᠠᠯᠠᠪᠤᠷ᠎ᠤᠨ ᠵᠢᠭ᠋ᠠᠨ ᠰᠤᠷᠭ᠋ᠠᠯᠲᠠ᠂ ᠲᠤᠷᠰᠢᠯᠭ᠎ᠠ᠎ᠪᠠᠨ ᠬᠤᠪᠢᠶᠠᠯᠴᠠᠬᠤ ᠪᠠ ᠶᠠᠷᠢᠯᠴᠠᠨ ᠰᠣᠯᠢᠯᠴᠠᠬᠤ ᠠᠭᠤᠯᠭ᠎ᠠ ᠵᠢ ᠲᠣᠬᠢᠷᠠᠭᠤᠯᠤᠭᠰᠠᠨ ᠪᠠᠢ᠌ᠨ᠎ᠠ᠃ ᠪᠣᠯᠪᠠᠰᠤᠷᠠᠯ᠎ᠤᠨ ᠬᠤᠭᠤᠴᠠᠭ᠋ᠠᠨ᠎ᠳᠤ ᠲᠦᠩᠯᠢᠶᠣᠣ ᠬᠣᠲᠠ ᠵᠢᠨ ᠣᠶᠤᠨᠲᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠂ ᠯᠢᠶᠤᠤᠰᠢ ᠣᠷᠣᠨ ᠪᠦᠰᠡ ᠵᠢᠨ ᠵᠢᠱ᠌ᠢᠶ᠎ᠡ ᠦᠵᠡᠭᠦᠯᠬᠦ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠂ ᠬᠣᠷᠴᠢᠨ ᠲᠣᠭᠣᠷᠢᠭ᠎ᠤᠨ ᠹᠸᠩᠲ᠋ᠢᠶᠠᠨ ᠪᠠᠯᠭ᠋ᠠᠰᠤᠨ᠎ᠤ ᠰᠢᠪᠡᠭᠡ ᠠᠢ᠌ᠯ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠥᠷᠲᠡᠭᠡ᠂ ᠬᠣᠷᠴᠢᠨ ᠲᠣᠭᠣᠷᠢᠭ᠎ᠤᠨ ᠵᠡᠭᠦᠨ ᠲᠡᠭᠦᠷᠭᠡ ᠵᠢᠨ ᠵᠡᠭᠡᠯᠢ ᠭᠤᠳᠤᠮᠵᠢ ᠵᠢᠨ ᠬᠡᠷᠡᠭ ᠡᠷᠭᠢᠯᠡᠬᠦ ᠭᠠᠵᠠᠷ᠎ᠤᠨ ᠵᠢᠦᠢ ᠵᠢᠶᠠ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠎ᠤᠨ ᠠᠷᠠᠳ᠎ᠲᠤ ᠠᠰᠢᠭ ᠬᠦᠷᠲᠡᠭᠡᠬᠦ ᠬᠣᠭᠣᠯᠠᠨ ᠭᠡᠷ ᠵᠡᠷᠭᠡ ᠭᠠᠵᠠᠷ᠎ᠲᠤ ᠬᠦᠷᠴᠦ ᠲᠤᠬᠠᠢ ᠵᠢᠨ ᠲᠠᠯᠠᠪᠤᠷ᠎ᠤᠨ ᠵᠢᠭ᠋ᠠᠨ ᠰᠤᠷᠭ᠋ᠠᠯᠲᠠ᠎ᠪᠠᠷ ᠲᠦᠩᠯᠢᠶᠣᠣ ᠬᠣᠲᠠ ᠵᠢᠨ ᠣᠶᠤᠨᠲᠤ ᠨᠠᠰᠤᠵᠢᠯ᠎ᠤᠨ ᠦᠢ᠍ᠯᠡᠴᠢᠯᠡᠭᠡᠨ᠎ᠤ ᠮᠡᠳᠡᠭᠡ ᠵᠠᠩᠭᠢᠵᠢᠯᠲᠠ ᠵᠢᠨ ᠬᠠᠮᠢᠶᠠᠷᠤᠯᠲᠠ ᠵᠢᠨ ᠰᠢᠰᠲ᠋ᠧᠮ᠎ᠤᠨ ᠠᠵᠢᠯᠯᠠᠭ᠋ᠠᠨ᠎ᠤ ᠪᠠᠢ᠌ᠳᠠᠯ᠂ ᠰᠤᠮᠤ ᠰᠢᠶᠠᠩ ᠪᠠᠯᠭ᠋ᠠᠰᠤ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠲᠥᠪ ᠪᠠ ᠲᠣᠰᠬᠣᠨ᠎ᠤ ᠱᠠᠲᠤᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠥᠷᠲᠡᠭᠡ ᠵᠢᠨ ᠡᠳᠦᠷ ᠲᠤᠲᠤᠮ᠎ᠤᠨ ᠠᠵᠢᠯᠯᠠᠭᠤᠯᠵᠤ ᠪᠠᠲᠤᠯᠠᠬᠤ᠂ 《ᠲᠦᠩᠯᠢᠶᠣᠣ ᠵᠢᠨ ᠠᠷᠠᠳ᠎ᠤᠨ ᠶᠠᠪᠤᠳᠠᠯ᠎ᠤᠨ ᠨᠠᠰᠤᠵᠢᠯ᠎ᠤᠨ ᠬᠠᠮ ᠲᠡᠷᠭᠡ》 ᠵᠢᠨ ᠨᠡᠭᠦᠳᠡᠯ ᠦᠢ᠍ᠯᠡᠴᠢᠯᠡᠭᠡ ᠪᠠ ᠠᠷᠠᠳ᠎ᠲᠤ ᠠᠰᠢᠭ ᠬᠦᠷᠲᠡᠭᠡᠬᠦ ᠬᠣᠭᠣᠯᠠᠨ ᠲᠢᠩᠬᠢᠮ᠎ᠤᠨ ᠨᠠᠰᠤᠲᠠᠢ᠌ᠴᠤᠳ᠎ᠲᠤ ᠲᠤᠰᠠᠯᠠᠬᠤ ᠦᠢ᠍ᠯᠡᠴᠢᠯᠡᠭᠡᠨ᠎ᠤ ᠠᠵᠢᠯ᠎ᠢ ᠪᠥᠬᠥ ᠲᠠᠯ᠎ᠠ᠎ᠪᠠᠷ ᠭᠦᠨᠵᠡᠭᠡᠢ ᠤᠢ᠌ᠯᠠᠭ᠋ᠠᠪᠠ᠃ ᠶᠠᠷᠢᠯᠴᠠᠬᠤ ᠬᠤᠷᠠᠯ ᠳᠡᠭᠡᠷ᠎ᠡ ᠡᠯ᠎ᠡ ᠠᠢ᠌ᠮᠠᠭ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠠᠷᠢᠭᠤᠴᠠᠯᠭ᠋ᠠᠲᠠᠨ ᠪᠠ ᠨᠠᠰᠤᠵᠢᠯ᠎ᠤᠨ ᠠᠰᠠᠷᠠᠮᠵᠢ ᠵᠢᠨ ᠲᠤᠬᠠᠢ᠌ᠯᠠᠭᠰᠠᠨ ᠠᠵᠢᠯ᠎ᠤᠨ ᠰᠠᠯᠠᠭ᠎ᠠ ᠲᠠᠰᠤᠭ᠎ᠤᠨ ᠬᠠᠷᠢᠭᠤᠴᠠᠯᠭ᠋ᠠᠲᠠᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠬᠥᠭᠵᠢᠯᠲᠡ ᠵᠢᠨ ᠲᠥᠯᠦᠪᠵᠢᠭᠦᠯᠭᠡ ᠵᠢᠨ ᠡᠮᠦᠨᠡᠬᠢ ᠬᠤᠭᠤᠴᠠᠭ᠋ᠠᠨ᠎ᠤ ᠰᠡᠳᠬᠢᠴᠡ ᠵᠢᠨ ᠰᠤᠳᠤᠯᠤᠯ᠎ᠲᠠᠢ ᠤᠶᠠᠯᠳᠤᠭᠤᠯᠤᠨ ᠨᠠᠰᠤᠵᠢᠯ᠎ᠤᠨ ᠦᠢ᠍ᠯᠡᠴᠢᠯᠡᠭᠡᠨ᠎ᠤ ᠬᠦᠷᠢᠶ᠎ᠡ ᠴᠠᠷᠠᠭ᠎ᠠ᠎ᠳᠤ᠎ᠬᠢ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠠᠷᠭ᠎ᠠ ᠂ ᠠᠰᠠᠭᠤᠳᠠᠯ᠎ᠤᠨ ᠰᠠᠨᠠᠭᠤᠯᠭ᠎ᠠ ᠵᠢ ᠳᠤᠷᠠᠳᠴᠤ ᠪᠥᠬᠥ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠬᠦᠷᠢᠶ᠎ᠡ ᠴᠠᠷᠠᠭ᠎ᠠ᠎ᠳᠤ᠎ᠬᠢ ᠠᠵᠢᠯ᠎ᠤᠨ ᠴᠢᠨᠠᠷᠯᠢᠭ ᠬᠥᠭᠵᠢᠯᠲᠡ᠎ᠳᠤ ᠦᠨᠳᠦᠰᠦᠨ ᠱᠠᠲᠤᠨ᠎ᠤ ᠲᠤᠷᠰᠢᠯᠭ᠎ᠠ ᠪᠠ ᠠᠵᠢᠯ᠎ᠤᠨ ᠰᠠᠨᠠᠭᠤᠯᠭ᠎ᠠ ᠬᠠᠡᠭᠭ᠋ᠠᠯ᠎ᠠ᠃
ᠡᠯ᠎ᠡ ᠠᠢ᠌ᠮᠠᠭ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠠᠷᠢᠭᠤᠴᠠᠯᠭ᠋ᠠᠲᠠᠨ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠠᠯᠠᠭ᠎ᠠ ᠲᠠᠰᠤᠭ᠎ᠤᠨ ᠬᠠᠷᠢᠭᠤᠴᠠᠯᠭ᠋ᠠᠲᠠᠨ᠂ ᠲᠤᠷᠰᠢᠯᠲᠠ ᠵᠢᠨ ᠬᠣᠰᠢᠭᠤ ᠰᠢᠶᠠᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠠᠷᠢᠭᠤᠴᠠᠯᠭ᠋ᠠᠲᠠᠨ ᠪᠠ ᠨᠠᠰᠤᠵᠢᠯ᠎ᠤᠨ ᠠᠰᠠᠷᠠᠮᠵᠢ ᠵᠢᠨ ᠲᠤᠬᠠᠢ᠌ᠯᠠᠭᠰᠠᠨ ᠠᠵᠢᠯ᠎ᠤᠨ ᠭᠣᠣᠯᠯᠠᠭᠴᠢ 70 ᠭᠠᠷᠤᠢ ᠬᠥᠮᠥᠨ ᠪᠣᠯᠪᠠᠰᠤᠷᠠᠯ᠎ᠳᠤ ᠤᠷᠤᠯᠴᠠᠪᠠ᠃