ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ 《ᠲᠣᠭ᠋ᠠᠴᠢᠯᠠᠭᠰᠠᠨ ᠠᠷᠠᠳ᠎ᠤᠨ ᠶᠠᠪᠤᠳᠠᠯ》᠎ᠤᠨ ᠣᠷᠣᠭ ᠲᠠᠡᠭᠰᠠᠯᠠᠬᠤ ᠬᠠᠮᠢᠶᠠᠷᠤᠯᠲᠠ ᠵᠢᠨ ᠰᠢᠰᠲ᠋ᠧᠮ᠎ᠢ ᠰᠦᠯᠵᠢᠶᠡᠨ ᠲᠡᠬᠡᠷ᠎ᠡ ᠠᠵᠢᠯᠯᠠᠭᠤᠯᠪᠠ
ᠨᠡᠶᠢᠲᠡᠯᠡᠭᠰᠡᠨ ᠴᠠᠭ᠄ 2024-11-25

    《〈ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ〉 ᠵᠢ ᠤᠯᠠᠮ ᠭᠦᠨᠵᠡᠭᠡᠢ᠌ᠷᠡᠭᠦᠯᠵᠦ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠠᠬᠢᠭᠤᠯᠬᠤ 〈ᠨᠢᠭᠡ ᠰᠦᠯᠵᠢᠶ᠎ᠡ᠂ ᠨᠢᠭᠡ ᠰᠠᠯᠠᠭ᠎ᠠ᠂ ᠨᠢᠭᠡ ᠤᠳᠠᠭ᠎ᠠ〉 ᠵᠢᠨ ᠥᠭᠡᠷᠡᠴᠢᠯᠡᠯᠲᠡ ᠵᠢ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠲᠠᠷᠬᠠᠭ᠋ᠠᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 ᠪᠠ 《ᠲᠣᠭ᠋ᠠᠴᠢᠯᠠᠭᠰᠠᠨ ᠠᠷᠠᠳ᠎ᠤᠨ ᠶᠠᠪᠤᠳᠠᠯ》᠎ᠤᠨ ᠪᠠᠢ᠌ᠭᠤᠯᠤᠯᠲᠠ ᠵᠢᠨ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠠᠯᠬᠤᠮ ᠠᠯᠬᠤᠮ ᠵᠶ᠋ᠠᠷ ᠨᠠᠢ᠌ᠳᠠᠪᠤᠷᠢᠵᠢᠭᠤᠯᠵᠤ᠂ ᠣᠷᠣᠭ᠎ᠤᠨ ᠬᠠᠮᠢᠶᠠᠷᠤᠯᠲᠠ ᠬᠢᠭᠡᠳ ᠢᠨᠲ᠋ᠧᠷ ᠰᠦᠯᠵᠢᠶ᠎ᠡ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠰᠢᠨ᠎ᠡ ᠴᠠᠭ ᠦᠶ᠎ᠡ ᠵᠢᠨ ᠣᠷᠣᠭ᠎ᠤᠨ ᠬᠠᠮᠢᠶᠠᠷᠤᠯᠲᠠ ᠵᠢᠨ ᠠᠵᠢᠯ᠎ᠤᠨ ᠨᠢᠭᠡ ᠴᠣᠭᠴᠠᠵᠢᠯᠲᠠ᠂ ᠣᠶᠤᠨᠴᠢᠯᠠᠯᠲᠠ ᠵᠢᠨ ᠰᠢᠨ᠎ᠡ ᠵᠢ ᠡᠭᠦᠳᠦᠨ ᠬᠥᠭᠵᠢᠬᠦ ᠵᠢ ᠪᠡᠶᠡᠯᠡᠭᠦᠯᠦᠨ᠎ᠡ᠃ 2024 ᠣᠨ᠎ᠤ 3 ᠳ᠋ᠤᠭ᠋ᠠᠷ ᠰᠠᠷ᠎ᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠣᠷᠣᠭ ᠲᠠᠡᠭᠰᠠᠯᠠᠬᠤ ᠬᠠᠮᠢᠶᠠᠷᠤᠯᠲᠠ ᠵᠢᠨ ᠰᠢᠨ᠎ᠡ ᠰᠢᠰᠲ᠋ᠧᠮ᠎ᠢ ᠪᠠᠶ᠋ᠢᠭᠤᠯᠬᠤ᠎ᠪᠠᠷ ᠢᠳᠡᠪᠬᠢᠲᠡᠢ ᠪᠡᠯᠡᠳᠬᠡᠵᠦ᠂ 2024 ᠣᠨ᠎ᠤ 11 ᠳ᠋ᠤᠬᠡᠷ ᠰᠠᠷ᠎ᠠ ᠵᠢᠨ 25᠎ᠤ ᠡᠳᠦᠷ 《ᠲᠣᠭ᠋ᠠᠴᠢᠯᠠᠭᠰᠠᠨ ᠠᠷᠠᠳ᠎ᠤᠨ ᠶᠠᠪᠤᠳᠠᠯ》᠎ᠤᠨ ᠪᠥᠬᠥ ᠣᠷᠣᠨ᠎ᠤ ᠣᠷᠣᠭ ᠲᠠᠡᠭᠰᠠᠯᠠᠬᠤ ᠬᠠᠮᠢᠶᠠᠷᠤᠯᠲᠠ ᠵᠢᠨ ᠰᠢᠰᠲ᠋ᠧᠮ᠎ᠢ ᠰᠦᠯᠵᠢᠶᠡᠨ ᠲᠡᠬᠡᠷ᠎ᠡ ᠠᠵᠢᠯᠯᠠᠭᠤᠯᠵᠤ ᠡᠬᠢᠯᠡᠪᠡ᠃
    ᠰᠢᠨ᠎ᠡ ᠬᠡᠪᠯᠡᠯ᠎ᠤᠨ ᠣᠷᠣᠭ ᠲᠠᠡᠭᠰᠠᠯᠠᠬᠤ ᠬᠠᠮᠢᠶᠠᠷᠤᠯᠲᠠ ᠵᠢᠨ ᠰᠢᠰᠲ᠋ᠧᠮ᠎ᠨᠢ ᠤᠷᠤᠬ᠍ᠴᠠᠭ᠋ᠠᠬᠤ (ᠣᠷᠣᠭ ᠰᠠᠯᠬᠤ) ᠳᠠᠩᠰᠠᠯᠠᠯᠲᠠ ᠵᠢᠨ ᠦᠨᠳᠦᠰᠦᠨ ᠲᠤᠬᠠᠢ᠌ᠯᠠᠭᠰᠠᠨ ᠠᠵᠢᠯ᠂ ᠣᠷᠣᠭ᠎ᠤᠨ ᠲᠠᠡᠭᠰᠠᠯᠠᠯᠳᠠ ᠵᠢ ᠪᠥᠬᠥ ᠤᠯᠤᠰ᠎ᠲᠤ ᠰᠦᠯᠵᠢᠶᠡᠵᠢᠭᠦᠯᠦᠨ ᠬᠢᠨᠠᠨ ᠪᠠᠢ᠌ᠴᠠᠭ᠋ᠠᠬᠤ᠂ ᠬᠥᠮᠥᠨ ᠪᠠ ᠭᠡᠷᠡᠴᠢ ᠵᠢ ᠨᠢᠭᠡᠳᠬᠡᠨ ᠬᠠᠷᠭᠤᠭᠤᠯᠤᠨ ᠪᠠᠢ᠌ᠴᠠᠭ᠋ᠠᠬᠤ᠂ ᠮᠤᠵᠢ ᠠᠯᠤᠰᠯᠠᠨ ᠲᠤᠭᠤᠰᠢᠳᠠᠢ ᠭᠦᠢ᠍ᠴᠡᠳᠬᠡᠬᠦ᠂ ᠡᠯᠧᠺᠲᠷᠣᠨ ᠲᠠᠩᠰᠠ ᠡᠪᠬᠡᠮᠡᠯ᠎ᠤᠨ ᠬᠠᠮᠢᠶᠠᠷᠤᠯᠲᠠ ᠪᠠ ᠡᠯᠧᠺᠲᠷᠣᠨ ᠪᠠᠳᠤᠯᠠᠪᠤᠷᠢ ᠵᠢ ᠭᠠᠷ᠎ᠤᠨ ᠥᠰᠥᠭ ᠵᠢᠷᠤᠵᠤ ᠣᠯᠭᠣᠬᠤ ᠵᠡᠷᠭᠡ ᠴᠢᠳᠠᠮᠵᠢ ᠵᠢ ᠭᠦᠢ᠍ᠴᠡᠳᠬᠡᠭᠰᠡᠨ ᠰᠠᠭᠤᠷᠢᠨ ᠳᠡᠭᠡᠷ᠎ᠡ᠂ ᠣᠷᠣᠭ ᠭᠡᠷ ᠪᠦᠯᠢ ᠵᠢᠨ ᠵᠢᠯᠤᠭᠣᠳᠬᠤ ᠬᠠᠮᠢᠶᠠᠷᠤᠯᠲᠠ᠂ ᠣᠷᠣᠭ᠎ᠤᠨ ᠠᠵᠢᠯᠯᠠᠭ᠎ᠠ ᠵᠢᠨ ᠤᠬᠠᠭᠤᠯᠭ᠎ᠠ᠂ ᠣᠷᠣᠭ ᠲᠠᠨᠢᠯᠴᠠᠭᠤᠯᠬᠤ ᠪᠠᠢ᠌ᠭᠤᠯᠤᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠡᠷᠭᠡ ᠥᠪᠡᠷᠮᠢᠴᠡ᠂ ᠣᠶᠤᠨᠴᠢᠯᠠᠭᠰᠠᠨ ᠴᠢᠳᠠᠮᠵᠢ ᠵᠢ ᠦᠷᠬᠡᠳᠬᠡᠪᠡ᠃ ᠣᠯᠠᠨ ᠲᠦᠮᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠠᠯᠪᠠᠨ ᠰᠦᠯᠵᠢᠶ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶ᠎ᠡ᠂ 《  ᠦᠪᠤᠷ ᠮᠤᠡᠭᠭᠤᠯ᠎ᠤᠨ ᠮᠦᠡᠭᠭᠡ ᠰᠤᠹᠲ》᠎ᠤᠨ APP᠎ᠪᠠᠷ ᠳᠠᠮᠵᠢᠭᠤᠯᠤᠨ ᠡᠯ᠎ᠡ ᠭᠠᠵᠠᠷ᠎ᠤᠨ ᠣᠷᠣᠭ ᠲᠠᠡᠭᠰᠠᠯᠠᠬᠤ ᠪᠠᠢ᠌ᠭᠤᠯᠭ᠎ᠠ ᠵᠢᠨ ᠨᠡᠢ᠌ᠲᠡᠯᠡᠭᠰᠡᠨ ᠬᠠᠮᠲᠤ ᠵᠢᠨ ᠬᠤᠷᠢᠮ᠎ᠤᠨ ᠶᠣᠰᠣᠯᠠᠯ᠂ ᠬᠠᠮᠲᠤ ᠵᠢᠨ ᠦᠨᠡᠮᠯᠡᠯ ᠣᠯᠭᠣᠬᠤ᠂ ᠨᠠᠢ᠌ᠵᠠᠯᠠᠵᠤ ᠨᠥᠬᠥᠷᠯᠡᠬᠦ ᠵᠡᠷᠭᠡ ᠠᠵᠢᠯᠯᠠᠭ᠎ᠠ ᠵᠢ ᠪᠥᠬᠥ ᠲᠠᠯ᠎ᠠ᠎ᠪᠠᠷ ᠣᠢ᠌ᠯᠠᠭ᠋ᠠᠵᠤ ᠪᠣᠯᠣᠨ᠎ᠠ᠃
    ᠣᠷᠣᠭ ᠲᠠᠡᠭᠰᠠᠯᠠᠬᠤ ᠬᠠᠮᠢᠶᠠᠷᠤᠯᠲᠠ ᠵᠢᠨ ᠰᠢᠰᠲ᠋ᠧᠮ᠎ᠢ ᠰᠦᠯᠵᠢᠶᠡᠨ ᠲᠡᠬᠡᠷ᠎ᠡ ᠠᠵᠢᠯᠯᠠᠭᠤᠯᠤᠬᠰᠠᠨ᠎ᠨᠢ ᠪᠥᠬᠥ ᠣᠷᠣᠨ᠎ᠤ ᠣᠷᠣᠭ ᠲᠠᠡᠭᠰᠠᠯᠠᠬᠤ ᠬᠠᠮᠢᠶᠠᠷᠤᠯᠲᠠ ᠵᠢᠨ ᠰᠢᠰᠲ᠋ᠧᠮ᠎ᠢ ᠲᠠᠰ ᠳᠡᠪᠰᠢᠭᠦᠯᠵᠦ᠂ ᠠᠷᠠᠳ᠎ᠲᠤ ᠲᠥᠬᠥᠮ ᠦᠵᠡᠭᠦᠯᠬᠦ᠂ ᠠᠷᠠᠳ᠎ᠲᠤ ᠠᠰᠢᠭ ᠬᠦᠷᠲᠡᠭᠡᠬᠦ᠂ ᠠᠷᠠᠳ᠎ᠲᠤ ᠠᠰᠢᠭ ᠬᠦᠷᠲᠡᠭᠡᠬᠦ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶᠡᠨ᠎ᠤ ᠲᠠᠪᠴᠠᠩ᠎ᠢ ᠪᠥᠬᠥ ᠲᠠᠯ᠎ᠠ᠎ᠪᠠᠷ ᠪᠣᠶ ᠪᠣᠯᠭ᠋ᠠᠵᠤ᠂ ᠥᠷᠭᠡᠨ ᠲᠦᠮᠡᠨ᠎ᠳᠤ ᠨᠠᠩ ᠳᠥᠭᠥᠮ ᠳᠥᠲᠡ ᠦᠢ᠍ᠯᠡᠴᠢᠯᠡᠭᠡᠨ᠎ᠤ ᠠᠷᠭ᠎ᠠ ᠵᠠᠮ ᠬᠠᠩᠭ᠋ᠠᠵᠤ᠂ ᠪᠥᠬᠥ ᠣᠷᠣᠨ᠎ᠤ ᠣᠷᠣᠭ᠎ᠤᠨ ᠳᠠᠩᠰᠠᠯᠠᠯᠲᠠ ᠵᠢᠨ 《ᠢᠨᠲ᠋ᠧᠷ ᠰᠦᠯᠵᠢᠶ᠎ᠡ +》 ᠵᠢᠨ ᠴᠠᠭ ᠦᠶ᠎ᠡ᠎ᠳᠤ ᠪᠥᠬᠥ ᠲᠠᠯ᠎ᠠ᠎ᠪᠠᠷ ᠣᠷᠣᠬᠤ ᠵᠢ ᠠᠬᠢᠭᠤᠯᠪᠠ᠃





 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《ᠲᠣᠭ᠋ᠠᠴᠢᠯᠠᠭᠰᠠᠨ ᠠᠷᠠᠳ᠎ᠤᠨ ᠶᠠᠪᠤᠳᠠᠯ》᠎ᠤᠨ ᠲᠥᠷᠥᠯ ᠵᠦᠢ᠍ᠯ᠎ᠤᠨ ᠱᠠᠳᠤᠴᠢ ᠰᠢᠯᠭ᠋ᠠᠨ ᠠᠪᠤᠯᠳᠠ ᠵᠢᠨ ᠬᠤᠷᠠᠯ ᠬᠢᠪᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.2
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ12.3
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.5
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.4
 
            