ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 11.22
ᠨᠡᠶᠢᠲᠡᠯᠡᠭᠰᠡᠨ ᠴᠠᠭ᠄ 2024-11-25

  ᠠᠷᠠᠳ᠎ᠤᠨ ᠶᠠᠪᠤᠳᠠᠯ᠎ᠤᠨ ᠶᠠᠮᠤᠨ


   ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ 11 ᠳ᠋ᠤᠬᠡᠷ ᠰᠠᠷ᠎ᠠ ᠵᠢᠨ 20᠎ᠤ ᠡᠳᠦᠷ  2024 ᠣᠨ᠎ᠤ ᠳᠥᠷᠪᠡᠳᠦᠭᠡᠷ ᠤᠯᠠᠷᠢᠯ᠎ᠤᠨ ᠲᠣᠭᠲᠠᠮᠠᠯ ᠬᠤᠭᠤᠴᠠᠭ᠋ᠠᠲᠤ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠵᠦ᠂ ᠭᠤᠷᠪᠠᠳᠤᠭ᠋ᠠᠷ ᠤᠯᠠᠷᠢᠯ᠎ᠠᠴᠠ ᠨᠠᠭ᠋ᠠᠰᠢᠬᠢ ᠠᠷᠠᠳ᠎ᠤᠨ ᠶᠠᠪᠤᠳᠠᠯ᠎ᠤᠨ ᠭᠣᠣᠯᠳᠠᠯᠭ᠎ᠠ᠎ᠲᠠᠢ ᠠᠵᠢᠯ᠎ᠤᠨ ᠠᠬᠢᠴᠠ ᠪᠠ ᠲᠠᠷᠠᠭ᠋ᠠᠴᠢ ᠠᠵᠢᠯ᠎ᠤᠨ ᠲᠣᠬᠢᠷᠠᠭᠤᠯᠤᠯᠲᠠ ᠵᠢ ᠵᠠᠷᠯᠠᠬᠰᠠᠨ ᠪᠥᠭᠡᠳ ᠰᠢᠨ᠎ᠡ ᠴᠠᠭ ᠦᠶ᠎ᠡ ᠵᠢᠨ 《  ᠪᠤᠭᠤᠷᠤᠯᠴᠤᠳ᠎ᠤᠨ ᠣᠨ᠎ᠤ ᠠᠵᠢᠯᠯᠠᠭ᠎ᠠ》᠂ ᠪᠥᠬᠥ ᠤᠯᠤᠰ᠎ᠤᠨ 《ᠪᠤᠭᠤᠷᠤᠯᠴᠤᠳ᠎ᠤᠨ ᠣᠨ᠎ᠤ ᠠᠵᠢᠯᠯᠠᠭ᠎ᠠ》 ᠵᠢᠨ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠲᠠᠪᠴᠠᠩ ᠪᠠ ᠪᠥᠬᠥ ᠤᠯᠤᠰ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠮᠡᠳᠡᠭᠡ ᠵᠠᠩᠭᠢ ᠵᠢᠨ ᠲᠠᠪᠴᠠᠩ᠎ᠤᠨ ᠬᠣᠯᠪᠣᠭᠳᠠᠯ ᠪᠦᠬᠦᠢ ᠪᠠᠢ᠌ᠳᠠᠯ᠎ᠢ ᠨᠠᠷᠢᠨ ᠲᠠᠨᠢᠯᠴᠠᠭᠤᠯᠪᠠ᠃ ᠠᠷᠠᠳ᠎ᠤᠨ ᠶᠠᠪᠤᠳᠠᠯ᠎ᠤᠨ ᠶᠠᠮᠤᠨ᠎ᠤ ᠨᠠᠰᠤᠲᠠᠢ᠌ᠴᠤᠳ᠎ᠤᠨ ᠠᠵᠢᠯ᠎ᠤᠨ ᠵᠤᠷᠭ᠋ᠠᠨ᠎ᠤ ᠳᠡᠳ᠋ ᠳᠠᠷᠤᠭ᠎ᠠ ᠵᠠᠩ ᠰᠢᠶᠣᠣ ᠹᠧᠩ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠵᠤᠷᠭ᠋ᠠᠨ᠎ᠤ ᠳᠡᠳ᠋ ᠳᠠᠷᠤᠭ᠎ᠠ ᠯᠢ ᠪᠠᠩ ᠬᠤᠸᠠ᠂ ᠳᠤᠮᠳᠠᠳᠤ ᠤᠯᠤᠰ᠎ᠤᠨ ᠨᠠᠰᠤᠲᠠᠢ᠌ᠴᠤᠳ᠎ᠤᠨ ᠨᠡᠢ᠌ᠭᠡᠮᠯᠢᠭ᠎ᠤᠨ ᠡᠷᠬᠡ ᠠᠰᠢᠭ᠎ᠢ ᠬᠠᠮᠠᠭ᠋ᠠᠯᠠᠬᠤ ᠬᠡᠯᠲᠡᠰ᠎ᠤᠨ ᠡᠷᠬᠢᠯᠡᠭᠴᠢ᠂ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠯᠢᠦ ᠽᠧᠩ ᠷᠦᠢ ᠰᠣᠨᠢᠨ ᠮᠡᠳᠡᠭᠡ ᠨᠡᠢ᠌ᠲᠡᠯᠡᠬᠦ ᠬᠤᠷᠠᠯ᠎ᠳᠤ ᠣᠷᠣᠯᠴᠠᠵᠤ᠂ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃ ᠠᠷᠠᠳ᠎ᠤᠨ ᠶᠠᠪᠤᠳᠠᠯ᠎ᠤᠨ ᠶᠠᠮᠤᠨ᠎ᠤ ᠰᠣᠨᠢᠨ ᠮᠡᠳᠡᠭᠡᠨ᠎ᠤ ᠥᠭᠦᠯᠡᠭᠴᠢ᠂ ᠠᠯᠪᠠᠨ ᠲᠢᠩᠬᠢᠮ (ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠵᠤᠷᠭ᠋ᠠᠨ)᠎ᠤᠨ ᠳᠡᠳ᠋ ᠡᠷᠬᠢᠯᠡᠭᠴᠢ ᠯᠢ ᠸᠠᠨ ᠯᠢ ᠰᠣᠨᠢᠨ ᠮᠡᠳᠡᠭᠡ ᠨᠡᠢ᠌ᠲᠡᠯᠡᠬᠦ ᠬᠤᠷᠠᠯ᠎ᠢ ᠡᠷᠭᠢᠯᠡᠪᠡ᠃


ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ


   ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠬᠥᠬᠡᠬᠣᠲᠠ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ  ᠪᠠ ᠭᠡᠰᠢᠭᠦᠨ ᠠᠵᠤ ᠠᠬᠤᠢ᠌ᠯᠠᠯ᠎ᠤᠨ ᠳᠡᠭᠡᠳᠦ ᠰᠤᠷᠭ᠋ᠠᠭᠤᠯᠢ ᠲᠡᠭᠦᠰᠦᠭᠰᠡᠳ᠎ᠢ ᠡᠯᠰᠡᠬᠦ ᠠᠵᠢᠯ᠎ᠤᠨ ᠪᠠᠢ᠌ᠷᠢ ᠵᠢᠨ ᠬᠡᠷᠡᠭᠴᠡᠭᠡ ᠵᠢᠨ ᠲᠤᠬᠠᠢ ᠠᠯᠪᠠᠨ ᠵᠠᠷ》᠎ᠢ ᠳᠠᠷᠤᠮᠠᠯᠯᠠᠨ ᠲᠠᠷᠬᠠᠭ᠋ᠠᠪᠠ᠂ ᠡᠭᠦᠨ᠎ᠤ ᠵᠣᠷᠢᠯᠭ᠎ᠠ᠎ᠨᠢ ᠪᠥᠬᠥ ᠬᠣᠲᠠ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠠᠵᠢᠯ ᠣᠯᠭᠣᠬᠤ ᠠᠵᠢᠯ᠎ᠳᠤ ᠢᠳᠡᠪᠬᠢᠲᠡᠢ ᠦᠢ᠍ᠯᠡᠳᠦᠯ ᠵᠶ᠋ᠡᠨ ᠦᠷᠭᠦᠯᠵᠢᠯᠡᠨ ᠪᠠᠳᠠᠷᠠᠭᠤᠯᠬᠤ ᠠᠵᠢᠯ᠎ᠢ ᠠᠬᠢᠭᠤᠯᠵᠤ᠂ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠨᠠᠩ ᠣᠯᠠᠨ ᠠᠵᠢᠯ ᠣᠯᠬᠤ ᠲᠣᠬᠢᠶᠠᠯ ᠣᠯᠭᠣᠬᠤ ᠵᠢᠨ ᠲᠥᠯᠥᠭᠡ ᠶᠤᠮ᠃ ᠲᠣᠰ ᠤᠳᠠᠭ᠎ᠠ 40 ᠠᠵᠢᠯ᠎ᠤᠨ ᠪᠠᠢ᠌ᠷᠢ᠎ᠳᠤ 200 ᠳᠡᠭᠡᠳᠦ ᠰᠤᠷᠭ᠋ᠠᠭᠤᠯᠢ ᠲᠡᠭᠦᠰᠦᠭᠰᠡᠳ᠎ᠢ ᠡᠯᠰᠡᠪᠡ᠃ ᠪᠣᠳᠠᠲᠠᠢ ᠮᠡᠳᠡᠭᠡ ᠵᠠᠩᠭᠢ ᠵᠢ ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠠᠯᠪᠠᠨ᠎ᠤ ᠰᠦᠯᠵᠢᠶ᠎ᠡ᠎ᠪᠠᠷ ᠯᠠᠪᠯᠠᠵᠤ ᠪᠣᠯᠣᠨ᠎ᠠ᠃

ᠨᠡᠢ᠌ᠭᠡᠮ᠎ᠤᠨ ᠲᠤᠰᠠᠯᠠᠮᠵᠢ

     ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠪᠦᠬᠦ ᠬᠣᠲᠠ ᠵᠢᠨ ᠨᠡᠢ᠌ᠭᠡᠮ᠎ᠤᠨ  ᠲᠤᠰᠠᠯᠠᠮᠵᠢ ᠪᠠ ᠬᠡᠦᠬᠡᠳ᠎ᠤᠨ ᠠᠰᠠᠷᠠᠮᠵᠢ ᠵᠢᠨ ᠠᠵᠢᠯ᠎ᠤᠨ ᠲᠤᠬᠠᠢ᠌ᠯᠠᠭᠰᠠᠨ ᠠᠵᠢᠯ᠎ᠤᠨ ᠵᠢᠱ᠌ᠢᠶ᠎ᠡ ᠦᠵᠡᠭᠦᠯᠬᠦ ᠪᠣᠯᠪᠠᠰᠤᠷᠠᠯ᠎ᠤᠨ ᠠᠩᠭᠢ ᠡᠷᠬᠢᠯᠡᠵᠦ᠂ ᠬᠦᠨᠳᠡᠯᠡᠨ᠎ᠤ ᠲᠠᠪᠴᠠᠩ᠎ᠤᠨ ᠯᠧᠺᠲ᠋ᠣᠷ ᠪᠠ ᠰᠡᠳᠬᠢᠴᠡ ᠵᠢᠨ ᠵᠦᠢ ᠵᠢᠨ ᠪᠠᠭᠰᠢ ᠵᠢ ᠤᠷᠢᠵᠤ ᠲᠤᠬᠠᠢ ᠵᠢᠨ ᠲᠠᠯᠠᠪᠤᠷ᠎ᠲᠤ᠎ᠨᠢ ᠬᠢᠴᠢᠶᠡᠯᠯᠡᠭᠦᠯᠵᠦ᠂ ᠭᠣᠣᠯᠳᠠᠭᠤ ᠲᠠᠰ ᠳᠠᠪᠬᠤᠷᠭ᠎ᠠ ᠲᠥᠷᠥᠯ ᠬᠤᠪᠢᠶᠠᠭᠰᠠᠨ ᠨᠡᠢ᠌ᠭᠡᠮ᠎ᠤᠨ  ᠲᠤᠰᠠᠯᠠᠮᠵᠢ ᠵᠢᠨ ᠰᠢᠰᠲᠸᠮ᠂ 《ᠥᠪᠥᠷ ᠮᠣᠩᠭᠣᠯ᠎ᠤᠨ ᠲᠣᠭ᠋ᠠᠴᠢᠯᠠᠭᠰᠠᠨ ᠠᠷᠠᠳ᠎ᠤᠨ ᠶᠠᠪᠤᠳᠠᠯ᠎ᠤᠨ ᠠᠵᠢᠯ᠎ᠤᠨ ᠠᠯᠪᠠᠨ ᠰᠦᠯᠵᠢᠶ᠎ᠠ》 ᠵᠢ ᠪᠠᠢ᠌ᠭᠤᠯᠤᠨ ᠠᠵᠢᠯᠯᠠᠭᠤᠯᠵᠤ ᠬᠡᠷᠡᠭᠯᠡᠬᠦ ᠪᠠ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠵᠡᠷᠭᠡ ᠠᠭᠤᠯᠭ᠎ᠠ ᠵᠢᠨ ᠲᠣᠭᠣᠷᠢᠨ᠎ᠳᠤ ᠪᠥᠬᠥ ᠬᠣᠲᠠ ᠵᠢᠨ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠠᠵᠢᠯᠲᠠᠨ᠎ᠤ ᠲᠤᠬᠠᠢ᠌ᠯᠠᠭᠰᠠᠨ ᠠᠵᠢᠯ᠎ᠤᠨ ᠬᠡᠪ ᠴᠢᠨᠠᠷ ᠪᠠ ᠠᠵᠢᠯ᠎ᠤᠨ ᠴᠢᠳᠠᠪᠤᠷᠢ ᠵᠢ ᠤᠯᠠᠮ   ᠲᠡᠭᠡᠭᠰᠢᠯᠡᠬᠦᠯᠦᠭᠰᠡᠨ ᠪᠠᠢ᠌ᠨ᠎ᠠ᠃


ᠨᠠᠰᠤᠵᠢᠯ᠎ᠤᠨ ᠦᠢ᠍ᠯᠡᠴᠢᠯᠡᠭᠡ


     ᠣᠷᠳᠣᠰ ᠬᠣᠲᠠ ᠵᠢᠨ ᠳ᠋ᠦᠩᠱ᠌ᠧᠩ ᠲᠣᠭᠣᠷᠢᠭ᠎ᠤᠨ ᠠᠩᠬᠠᠳᠠᠭᠴᠢ᠎ᠤᠨ᠎ᠬᠢᠨ ᠤᠷᠴᠢᠮ᠎ᠳᠤ 《ᠲᠥᠪ ᠲᠣᠭᠣᠭ᠋ᠠᠨ ᠭᠡᠷ + ᠨᠠᠰᠤᠲᠠᠢ᠌ᠴᠤᠳ᠎ᠤᠨ ᠬᠣᠭᠣᠯᠠᠨ ᠭᠡᠷ》᠎ᠢ ᠠᠰᠢᠭᠯᠠᠯᠲᠠ᠎ᠳᠤ ᠣᠷᠣᠭᠤᠯᠵᠤ᠂ ᠲᠤᠰ ᠬᠣᠭᠣᠯᠠᠨ ᠭᠡᠷ᠎ᠨᠢ ᠨᠢᠭᠡ ᠥᠷᠲᠡᠭᠡᠨ᠎ᠤ ᠮᠠᠶᠢᠭ᠎ᠤᠨ ᠨᠡᠢ᠌ᠭᠡᠮ ᠲᠣᠭᠣᠷᠢᠭ᠎ᠤᠨ ᠰᠢᠭᠢᠳᠬᠡᠯ ᠮᠠᠶᠢᠭ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠰᠢᠰᠲ᠋ᠧᠮ᠎ᠢ ᠪᠠᠶ᠋ᠢᠭᠤᠯᠬᠤ᠎ᠪᠠᠷ ᠴᠢᠷᠮᠠᠢ᠌ᠵᠤ᠂ ᠡᠷᠬᠢᠨ ᠲᠣᠭᠣᠷᠢᠨ᠎ᠤ 6 ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠂ 12 ᠨᠠᠰᠤᠲᠠᠢ᠌ᠴᠤᠳ᠎ᠤᠨ ᠬᠣᠭᠣᠯᠠ ᠤᠮᠳᠠ᠎ᠳᠤ ᠲᠤᠰᠠᠯᠠᠬᠤ ᠭᠠᠵᠠᠷ ᠪᠠ 60 ᠨᠠᠰᠤᠨ᠎ᠠᠴᠠ ᠳᠡᠭᠡᠭᠰᠢᠬᠢ 3 ᠲᠦᠮᠡ ᠰᠢᠬᠠᠮ ᠨᠠᠰᠤᠲᠠᠢ᠌ᠴᠤᠳ᠎ᠢ ᠬᠠᠮᠤᠷᠤᠭᠰᠠᠨ ᠳᠥᠭᠥᠮ ᠳᠥᠲᠡ ᠨᠠᠰᠤᠲᠠᠢ᠌ᠴᠤᠳ᠎ᠤᠨ ᠬᠣᠭᠣᠯᠠ ᠤᠮᠳᠠ᠎ᠳᠤ ᠲᠤᠰᠠᠯᠠᠬᠤ ᠦᠢ᠍ᠯᠡᠴᠢᠯᠡᠭᠡᠨ᠎ᠤ ᠲᠤᠤᠷᠵᠢᠯ᠎ᠢ ᠪᠠᠢ᠌ᠭᠤᠯᠤᠭ᠋ᠠᠳ ᠡᠷᠬᠢᠨ ᠲᠣᠭᠣᠷᠢᠨ᠎ᠤ ᠡᠯ᠎ᠡ ᠬᠣᠭᠣᠯᠠ ᠤᠮᠳᠠ᠎ᠳᠤ ᠲᠤᠰᠠᠯᠠᠬᠤ ᠭᠠᠵᠠᠷ᠎ᠤᠨ ᠡᠵᠡᠩᠨᠡᠯᠲᠡ ᠵᠢᠨ ᠥᠪᠡᠷ᠎ᠤᠨ ᠥᠷᠲᠡᠭ᠎ᠢ ᠶᠡᠬᠡᠪᠡᠷ ᠪᠠᠭᠤᠷᠠᠭᠤᠯᠤᠨ᠂ ᠦᠢ᠍ᠯᠡᠴᠢᠯᠡᠭᠡᠨ᠎ᠤ ᠬᠠᠮᠤᠷᠬᠤ ᠬᠡᠪᠴᠢᠶ᠎ᠡ᠂ ᠪᠣᠯᠣᠮᠵᠢᠲᠤ ᠴᠢᠨᠠᠷ ᠪᠠ ᠦᠢ᠍ᠯᠡᠴᠢᠯᠡᠭᠡᠨ᠎ᠤ ᠶᠠᠰᠤ ᠴᠢᠨᠠᠷ᠎ᠢ ᠵᠢ ᠳᠡᠭᠡᠭᠰᠢᠯᠡᠭᠦᠯᠵᠦ ᠨᠠᠰᠤᠲᠠᠢ᠌ᠴᠤᠳ᠎ᠤᠨ ᠬᠣᠭᠣᠯᠠ ᠤᠮᠳᠠ ᠵᠢᠨ ᠬᠡᠷᠡᠭᠴᠡᠭᠡ ᠵᠢ  ᠬᠠᠡᠭᠭ᠋ᠠᠵᠤ ᠪᠠᠢ᠌ᠨ᠎ᠠ ᠃


ᠬᠡᠦᠬᠡᠳ᠎ᠤᠨ ᠠᠰᠠᠷᠠᠮᠵᠢ


    ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠨᠠᠰᠤᠨ᠎ᠳᠤ ᠦᠯᠤ ᠬᠦᠷᠦᠭᠰᠡᠳ᠎ᠢ ᠲᠤᠰᠠᠯᠠᠬᠤ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠵᠦ᠂ ᠬᠡᠦᠬᠡᠳ᠎ᠤᠨ ᠡᠷᠬᠢᠯᠡᠭᠴᠢ ᠵᠢᠨ ᠴᠢᠳᠠᠪᠤᠷᠢ ᠵᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠠᠵᠢᠯᠯᠠᠭ᠎ᠠ ᠵᠢ ᠬᠡᠷᠡᠭᠵᠢᠬᠦᠯᠤᠬᠡᠳ ᠲᠥᠷᠥᠯ ᠬᠤᠪᠢᠶᠠᠨ ᠪᠣᠯᠪᠠᠰᠤᠷᠠᠭᠤᠯᠬᠤ ᠵᠠᠷᠴᠢᠮ ᠵᠶ᠋ᠡᠷ ᠠᠵᠢᠯ᠎ᠤᠨ ᠡᠭᠦᠷᠭᠡ ᠬᠠᠷᠢᠭᠤᠴᠠᠯᠭ᠎ᠠ᠂ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠬᠡᠦᠬᠡᠳ᠎ᠤᠨ ᠠᠰᠠᠷᠠᠮᠵᠢ ᠵᠢᠨ ᠲᠥᠷᠥ ᠵᠢᠨ ᠪᠣᠳᠣᠯᠭ᠎ᠠ᠂ ᠰᠡᠳᠬᠢᠴᠡ ᠵᠢᠨ ᠡᠷᠡᠭᠦᠯ ᠮᠡᠨᠳᠦ ᠵᠢᠨ ᠬᠠᠯᠠᠮᠵᠢ᠂ ᠨᠡᠢ᠌ᠭᠡᠮ᠎ᠤᠨ ᠠᠵᠢᠯ᠎ᠤᠨ ᠪᠣᠳᠠᠲᠤ ᠶᠠᠪᠤᠳᠠᠯ ᠵᠡᠷᠭᠡ ᠵᠢᠨ ᠲᠣᠭᠣᠷᠢᠨ᠎ᠳᠤ ᠪᠥᠬᠥ ᠠᠵᠢᠯᠲᠠᠨ᠎ᠤ ᠪᠣᠯᠪᠠᠰᠤᠷᠠᠯ᠎ᠢ ᠭᠣᠣᠯᠳᠠᠯᠭ᠎ᠠ᠎ᠲᠠᠢ ᠬᠢᠵᠦ᠂ ᠲᠤᠰᠠᠯᠠᠵᠤ ᠲᠡᠳᠬᠦᠬᠦ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ᠂ ᠠᠮᠤᠷ ᠲᠦᠪᠰᠢᠨ᠎ᠤ ᠥᠪᠡᠷ᠎ᠢ᠎ᠪᠠᠨ ᠬᠠᠮᠠᠭ᠋ᠠᠯᠠᠬᠤ ᠬᠥᠮᠦᠵᠢᠯ᠂ ᠰᠡᠳᠬᠢᠴᠡ ᠵᠢᠨ  ᠬᠠᠯᠠᠮᠵᠢ ᠵᠡᠷᠭᠡ ᠲᠠᠯ᠎ᠠ᠎ᠪᠠᠷ ᠨᠠᠰᠤᠨ᠎ᠳᠤ ᠥᠯᠥ ᠭᠦᠷᠦᠭᠰᠡᠳ᠎ᠲᠤ ᠴᠢᠨᠠᠷ ᠰᠠᠢ᠌ᠲᠠᠢ ᠦᠢ᠍ᠯᠡᠴᠢᠯᠡᠭᠡ ᠬᠠᠡᠭᠭ᠋ᠠᠭ᠋ᠠᠳ ᠪᠥᠬᠥ ᠬᠣᠲᠠ᠎ᠳᠤ  87 ᠬᠡᠦᠬᠡᠳ᠎ᠤᠨ ᠬᠢᠨᠠᠨ ᠵᠢᠯᠣᠭᠣᠳᠤᠭᠴᠢ ᠪᠠ 823 ᠬᠡᠦᠬᠡᠳ᠎ᠤᠨ ᠡᠷᠬᠢᠯᠡᠭᠴᠢ ᠲᠣᠬᠢᠷᠠᠭᠤᠯᠪᠠ᠃






 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 11.25
ᠥᠪᠥᠷ ᠮᠣᠩᠭᠣᠯ᠎ᠤᠨ 《ᠲᠣᠭ᠋ᠠᠴᠢᠯᠠᠭᠰᠠᠨ ᠠᠷᠠᠳ᠎ᠤᠨ ᠶᠠᠪᠤᠳᠠᠯ》᠎ᠤᠨ ᠣᠷᠣᠭ ᠲᠠᠡᠭᠰᠠᠯᠠᠬᠤ ᠬᠠᠮᠢᠶᠠᠷᠤᠯᠲᠠ ᠵᠢᠨ ᠰᠢᠰᠲ᠋ᠧᠮ᠎ᠢ ᠰᠦᠯᠵᠢᠶᠡᠨ ᠲᠡᠬᠡᠷ᠎ᠡ ᠠᠵᠢᠯᠯᠠᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《ᠲᠣᠭ᠋ᠠᠴᠢᠯᠠᠭᠰᠠᠨ ᠠᠷᠠᠳ᠎ᠤᠨ ᠶᠠᠪᠤᠳᠠᠯ》᠎ᠤᠨ ᠲᠥᠷᠥᠯ ᠵᠦᠢ᠍ᠯ᠎ᠤᠨ ᠱᠠᠳᠤᠴᠢ ᠰᠢᠯᠭ᠋ᠠᠨ ᠠᠪᠤᠯᠳᠠ ᠵᠢᠨ ᠬᠤᠷᠠᠯ ᠬᠢᠪᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.2
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ12.3
 
            