ᠠᠷᠠᠳ᠎ᠤᠨ ᠶᠠᠪᠤᠳᠠᠯ᠎ᠤᠨ ᠶᠠᠮᠤᠨ
ᠠᠷᠠᠳ᠎ᠤᠨ ᠶᠠᠪᠤᠳᠠᠯ᠎ᠤᠨ ᠶᠠᠮᠤᠨ ᠵᠡᠷᠭᠡ 14 ᠰᠠᠯᠠᠭ᠎ᠠ ᠮᠥᠴᠢᠷ᠎ᠤᠨ᠎ᠬᠢᠨ ᠤᠷᠴᠢᠮ᠎ᠳᠤ ᠬᠠᠮᠲᠤᠷᠠᠨ 《ᠨᠠᠰᠤᠲᠠᠢ᠌ᠴᠤᠳ᠎ᠤᠨ ᠤᠩᠰᠢᠯᠭ᠎ᠠ ᠵᠢᠨ ᠠᠵᠢᠯ᠎ᠢ ᠠᠬᠢᠭᠤᠯᠬᠤ ᠲᠤᠬᠠᠢ ᠵᠢᠯᠤᠭᠣᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ 8 ᠵᠦᠢ᠍ᠯ᠎ᠤᠨ ᠪᠣᠳᠠᠲᠠᠢ ᠠᠵᠢᠯ᠎ᠤᠨ ᠠᠷᠭ᠎ᠠ ᠵᠢ ᠳᠤᠷᠠᠳᠴᠠᠢ᠂ ᠡᠭᠦᠨ᠎ᠳᠤ ᠨᠣᠮ ᠤᠩᠰᠢᠬᠤ ᠠᠵᠢᠯᠯᠠᠭ᠎ᠠ ᠵᠢ ᠪᠠᠶᠠᠯᠢᠭᠵᠢᠭᠤᠯᠬᠤ᠂ ᠨᠣᠮ ᠤᠩᠰᠢᠬᠤ ᠲᠦᠷᠦᠯ ᠲᠡᠮᠳᠡᠭ᠎ᠢ ᠪᠣᠢ᠌ᠵᠢᠭᠤᠯᠬᠤ᠂ ᠨᠠᠰᠤᠲᠠᠢ᠌ᠴᠤᠳ᠎ᠤᠨ ᠤᠩᠰᠢᠬᠤ ᠪᠢᠴᠢᠭ᠎ᠤᠨ ᠬᠠᠩᠭ᠋ᠠᠯᠭ᠎ᠠ ᠵᠢ ᠥᠷᠭᠡᠳᠬᠡᠬᠦ᠂ ᠲᠣᠭ᠋ᠠᠴᠢᠯᠠᠭᠰᠠᠨ ᠡᠬᠢ ᠪᠠᠶᠠᠯᠢᠭ᠎ᠤᠨ ᠪᠠᠢ᠌ᠭᠤᠯᠤᠯᠲᠠ ᠵᠢ ᠴᠢᠩᠭ᠋ᠠᠳᠬᠠᠬᠤ᠂ ᠨᠠᠰᠤᠲᠠᠢ᠌ᠴᠤᠳ᠎ᠤᠨ ᠤᠩᠰᠢᠯᠭ᠎ᠠ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠬᠦ᠂ ᠨᠠᠰᠤᠲᠠᠢ᠌ᠴᠤᠳ᠎ᠤᠨ ᠤᠩᠰᠢᠯᠭ᠎ᠠ ᠵᠢᠨ ᠲᠤᠰᠠᠯᠠᠬᠤ ᠴᠢᠳᠠᠪᠤᠷᠢᠲᠠᠨ᠎ᠢ ᠬᠥᠮᠥᠵᠢᠭᠦᠯᠬᠦ ᠵᠢ ᠴᠢᠩᠭ᠋ᠠᠳᠬᠠᠬᠤ᠂ ᠨᠠᠰᠤᠲᠠᠢ᠌ᠴᠤᠳ᠎ᠤᠨ ᠤᠩᠰᠢᠯᠭ᠎ᠠ ᠵᠢᠨ ᠪᠠᠷᠢᠮᠵᠢᠶᠠᠵᠢᠭᠤᠯᠤᠯᠲᠠ ᠵᠢᠨ ᠪᠠᠢ᠌ᠭᠤᠯᠤᠯᠲᠠ ᠵᠢ ᠠᠬᠢᠭᠤᠯᠬᠤ ᠪᠠ ᠨᠠᠰᠤᠲᠠᠢ᠌ᠴᠤᠳ᠎ᠤᠨ ᠰᠤᠷᠤᠯᠴᠠᠬᠤ᠎ᠳᠤ ᠬᠡᠷᠡᠭᠴᠡᠭᠡ᠎ᠲᠠᠢ ᠪᠠᠢ᠌ᠬᠤ ᠵᠢ ᠵᠣᠷᠢᠭᠵᠢᠭᠤᠯᠬᠤ ᠵᠡᠷᠭᠡ ᠪᠠᠭᠲᠠᠨ᠎ᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ᠎ᠬᠢᠨ ᠤᠷᠴᠢᠮ᠎ᠳᠤ 21 ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ 《ᠨᠡᠭᠦᠳᠡᠯ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯᠯᠠᠭ᠎ᠠ ᠵᠢ ᠴᠢᠩᠭ᠋ᠠᠳᠬᠠᠬᠤ ᠬᠡᠷᠡᠭᠵᠢᠭᠦᠯᠬᠦ ᠲᠥᠰᠥᠯ》 ᠪᠠ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠡᠭᠦᠳᠡᠯ ᠬᠡᠦᠬᠡᠳ᠎ᠢ ᠰᠠᠭᠤᠭ᠎ᠠ ᠭᠠᠵᠠᠷ᠎ᠲᠤᠨᠢ ᠬᠠᠯᠠᠮᠵᠢᠯᠠᠨ ᠦᠢ᠍ᠯᠡᠴᠢᠯᠡᠬᠦ ᠨᠠᠷᠢᠨ ᠲᠠᠩᠰᠠ ᠵᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠪᠠ᠃ ᠬᠡᠷᠡᠭᠵᠢᠭᠦᠯᠬᠦ ᠲᠥᠰᠥᠯ᠎ᠳᠤ ᠭᠣᠣᠯᠳᠠᠭᠤ ᠬᠢᠨᠠᠨ ᠬᠡᠮᠵᠢᠵᠦ ᠪᠠᠢ᠌ᠴᠠᠭ᠋ᠠᠨ ᠭᠠᠷᠭ᠋ᠠᠬᠤ᠂ ᠳᠦᠷᠢᠮ ᠪᠠ ᠠᠷᠭ᠎ᠠ ᠵᠢ ᠲᠡᠭᠦᠯᠳᠡᠷᠵᠢᠭᠦᠯᠬᠦ᠂ ᠬᠠᠯᠠᠮᠵᠢᠯᠠᠬᠤ ᠦᠢ᠍ᠯᠡᠴᠢᠯᠡᠭᠡ ᠵᠢ ᠴᠢᠩᠭ᠋ᠠᠳᠬᠠᠬᠤ ᠵᠡᠷᠭᠡ 3 ᠲᠠᠯ᠎ᠠ ᠵᠢᠨ ᠲᠣᠭᠣᠷᠢᠨ᠎ᠳᠤ 11 ᠵᠦᠢ᠍ᠯ᠎ᠤᠨ ᠬᠠᠯᠠᠮᠵᠢᠯᠠᠨ ᠬᠠᠮᠠᠭ᠋ᠠᠯᠠᠬᠤ ᠠᠷᠭ᠎ᠠ ᠵᠢ ᠲᠣᠳᠣᠷᠬᠠᠢ ᠲᠣᠭᠲᠠᠭ᠋ᠠᠪᠠ᠃ ᠦᠢ᠍ᠯᠡᠴᠢᠯᠡᠭᠡᠨ᠎ᠤ ᠨᠠᠷᠢᠨ ᠲᠠᠩᠰᠠ ᠵᠢ ᠨᠢᠯᠬ᠎ᠠ ᠪᠠᠭ᠎ᠠ᠎ᠠᠴᠠ᠎ᠪᠠᠨ ᠰᠠᠭᠤᠬᠤ ᠴᠡᠴᠡᠷᠯᠢᠭ᠎ᠲᠠᠢ᠂ ᠰᠤᠷᠤᠯᠴᠠᠬᠤ᠎ᠠᠴᠠ ᠰᠤᠷᠭ᠋ᠠᠨ ᠬᠥᠮᠦᠵᠢᠯ᠎ᠲᠠᠢ᠂ ᠡᠪᠡᠳᠴᠢᠯᠡᠪᠡᠯ ᠵᠠᠰᠠᠭᠤᠯᠬᠤ ᠡᠮᠨᠡᠯᠭᠡ᠎ᠲᠠᠢ᠂ ᠰᠠᠭᠤᠬᠤ᠎ᠠᠴᠠ ᠣᠷᠣᠨ ᠰᠠᠭᠤᠴᠠ᠎ᠲᠠᠢ᠂ ᠪᠠᠭᠣᠷᠠᠢ᠌ᠴᠤᠤᠯᠨᠢ ᠲᠡᠳᠬᠦᠮᠵᠢ᠎ᠲᠠᠢ᠂ ᠬᠥᠭᠵᠢᠯᠲᠡ ᠵᠢᠨ ᠪᠠᠲᠤᠯᠠᠭ᠎ᠠ᠎ᠲᠠᠢ ᠵᠡᠷᠭᠡ 6 ᠲᠠᠯ᠎ᠠ᠎ᠠᠴᠠ 21 ᠵᠦᠢ᠍ᠯ᠎ᠤᠨ ᠦᠢ᠍ᠯᠡᠴᠢᠯᠡᠭᠡᠨ᠎ᠤ ᠠᠭᠤᠯᠭ᠎ᠠ ᠵᠢ ᠲᠣᠭᠲᠠᠭ᠋ᠠᠪᠠ᠃
ᠣᠷᠣᠨ ᠬᠤᠪᠢᠶᠠᠷᠢᠯᠠᠯ ᠭᠠᠵᠠᠷ᠎ᠤᠨ ᠨᠡᠷᠡᠰ
ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠥᠷᠭᠡᠨ ᠤᠯᠠᠨ ᠬᠤᠳᠠ ᠵᠢᠨ ᠠᠷᠠᠳ᠎ᠢ ᠤᠷᠢᠵᠤ ᠬᠥᠳᠡᠭᠡ ᠲᠣᠰᠬᠣᠨ᠎ᠳᠤ 《ᠨᠡᠷ᠎ᠡ ᠠᠯᠳᠠᠷᠲᠠᠢ》 ᠪᠣᠯᠭ᠋ᠠᠵᠤ᠂ ᠳᠡᠷᠭᠡᠳᠡᠬᠢ 《ᠳᠤᠷ᠎ᠠ ᠰᠣᠨᠢᠷᠬᠠᠯ᠎ᠤᠨ ᠴᠡᠭ》 ᠢ᠎ᠨᠢ ᠭᠡᠷᠡᠯᠳᠦᠬᠦᠯᠵᠡᠢ᠃ ᠬᠦᠬᠡᠬᠤᠳᠠ ᠵᠢᠨ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠠᠯᠪᠠᠨ ᠰᠦᠯᠵᠢᠶ᠎ᠡ᠂ ᠸᠢᠴᠠᠲ ᠲᠠᠪᠴᠠᠡᠭ ᠵᠶ᠋ᠡᠷ ᠳᠠᠮᠵᠢᠭᠤᠯᠤᠨ 《ᠬᠥᠳᠡᠭᠡ ᠲᠣᠰᠬᠣᠨ᠎ᠤ ᠨᠠᠷᠠᠲᠤ ᠠᠵᠢᠯᠯᠠᠭ᠎ᠠ》 ᠵᠢ ᠨᠡᠢ᠌ᠲᠡᠯᠡᠵᠦ ᠸᠢᠴᠠᠲ᠎ᠤᠨ ᠵᠢᠵᠢᠭ ᠫᠷᠣᠭ᠌ᠷᠠᠮ᠎ᠢ ᠬᠡᠷᠡᠭᠯᠡᠬᠦ ᠠᠯᠬᠤᠮ ᠳᠠᠷᠠᠭ᠎ᠠ ᠵᠢ ᠴᠤᠭᠯᠠᠭᠤᠯᠵᠤ᠂ ᠣᠯᠠᠨ᠎ᠢ ᠵᠢᠯᠤᠭᠣᠳᠴᠤ ᠪᠠᠢ᠌ᠭ᠋ᠠᠳ ᠠᠮᠢᠳᠤᠷᠠᠯ᠎ᠤᠨ ᠡᠷᠬᠢᠨ ᠲᠣᠭᠣᠷᠢᠨ᠎ᠤ ᠲᠠᠷᠢᠶᠠᠴᠢᠨ ᠠᠢ᠌ᠯ᠎ᠤᠨ ᠵᠢᠭᠤᠯᠴᠢᠯᠠᠯ᠂ ᠬᠤᠳᠠᠯᠳᠤᠭ᠋ᠠᠨ᠎ᠤ ᠫᠦᠰᠡ᠂ ᠰᠢᠤᠳᠠᠨ ᠵᠶ᠋ᠠᠷ ᠢᠯᠡᠭᠡᠬᠦ ᠭᠠᠵᠠᠷ ᠵᠡᠷᠭᠡ ᠵᠢ ᠢᠳᠡᠪᠬᠢᠲᠡᠢ᠎ᠪᠠᠷ ᠳᠠᠮᠵᠢᠭᠤᠯᠵᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠪᠡ᠃ ᠣᠳᠣᠬᠠᠨ᠎ᠳᠤ ᠬᠥᠬᠡᠬᠣᠲᠠ ᠵᠢᠨ᠎ᠬᠢᠨ ᠵᠢᠷᠤᠭ᠎ᠤᠨ 6701 ᠵᠤᠷᠪᠤᠰ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢ ᠴᠤᠭᠯᠠᠭᠤᠯᠬᠤ ᠵᠢᠨ ᠬᠠᠮᠲᠤ ᠪᠠᠢ ᠳ᠋ᠦ᠋᠂ ᠲᠧᠩ ᠰᠢᠶᠦ᠋ᠨ᠂ ᠭᠣᠸ᠋ ᠳ᠋ᠧ ᠵᠢᠨ ᠭᠠᠵᠠᠷ᠎ᠤᠨ ᠵᠢᠷᠤᠭᠲᠤ ᠵᠡᠷᠭᠡ᠎ᠪᠠᠷ ᠳᠠᠮᠵᠢᠭᠤᠯᠵᠠᠢ᠃
ᠬᠥᠯᠥᠨ ᠪᠣᠶ᠋ᠢᠷ ᠬᠣᠲᠠ ᠵᠢᠨ᠎ᠬᠢᠨ ᠤᠷᠴᠢᠮ᠎ᠳᠤ 《ᠬᠥᠯᠥᠨ ᠪᠣᠶ᠋ᠢᠷ ᠬᠣᠲᠠ ᠵᠢᠨ ᠭᠠᠵᠠᠷ᠎ᠤᠨ ᠨᠡᠷᠡᠰ᠎ᠤᠨ ᠰᠣᠶᠣᠯ》 ᠨᠠᠢ᠌ᠷᠠᠭᠤᠯᠬᠤ ᠠᠵᠢᠯ᠎ᠢ ᠡᠬᠢᠯᠡᠭᠦᠯᠬᠦ ᠪᠣᠯᠪᠠᠰᠤᠷᠠᠯ᠎ᠤᠨ ᠸᠢᠳᠢᠤ᠋ ᠬᠤᠷᠠᠯ ᠬᠤᠷᠠᠯᠳᠤᠭᠤᠯᠵᠤ᠂ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠠᠴᠠ ᠨᠠᠢ᠌ᠷᠠᠭᠤᠯᠬᠤ ᠬᠥᠲᠥᠯᠪᠦᠷᠢ᠎ᠳᠤ ᠪᠣᠯᠪᠠᠰᠤᠷᠠᠯ᠎ᠤᠨ ᠲᠠᠢ᠌ᠯᠤᠮᠵᠢ ᠬᠢᠵᠦ᠂ ᠬᠠᠷᠠᠯᠲᠠ᠎ᠪᠠᠨ ᠤᠯᠠᠮ ᠨᠢᠭᠡ ᠠᠯᠬᠤᠮ ᠨᠢᠭᠡᠳᠬᠡᠨ᠂ ᠪᠠᠷᠢᠮᠵᠢᠶ᠎ᠠ᠎ᠪᠠᠨ ᠲᠣᠳᠣᠷᠬᠠᠢ᠌ᠯᠠᠵᠤ᠂ ᠬᠡᠪ ᠳᠦᠷᠢᠮ ᠵᠶ᠋ᠡᠨ ᠵᠢᠷᠤᠮᠵᠢᠭᠤᠯᠤᠭᠰᠠᠨ ᠪᠠᠢ᠌ᠨ᠎ᠠ᠃ 《ᠬᠥᠯᠥᠨ ᠪᠣᠶ᠋ᠢᠷ ᠬᠣᠲᠠ ᠵᠢᠨ ᠭᠠᠵᠠᠷ᠎ᠤᠨ ᠨᠡᠷᠡᠰ᠎ᠤᠨ ᠰᠣᠶᠣᠯ》᠎ᠨᠢ ᠤᠮᠠᠷᠠᠲᠤ ᠬᠢᠯᠢ ᠵᠢᠨ ᠰᠣᠶᠣᠯ᠎ᠤᠨ ᠡᠭᠦᠰᠦᠯ᠂ ᠬᠥᠭᠵᠢᠯᠲᠡ ᠪᠠ ᠢᠷᠡᠭᠡᠳᠦᠢ ᠵᠢ ᠰᠢᠰᠲ᠋ᠧᠮ᠎ᠲᠠᠢ ᠰᠤᠳᠤᠯᠵᠤ᠂ ᠬᠥᠯᠥᠨ ᠪᠣᠶ᠋ᠢᠷ ᠬᠣᠲᠠ ᠵᠢᠨ ᠰᠣᠶᠣᠯ᠎ᠤᠨ ᠤᠯᠠᠮᠵᠢᠯᠠᠯ᠂ ᠵᠢᠭᠤᠯᠴᠢᠯᠠᠯ᠎ᠤᠨ ᠨᠡᠭᠡᠭᠡᠨ ᠬᠥᠭᠵᠢᠭᠦᠯᠦᠯᠲᠡ᠂ ᠠᠵᠤ ᠦᠢ᠍ᠯᠡᠰ᠎ᠤᠨ ᠬᠥᠭᠵᠢᠯᠲᠡ ᠵᠡᠷᠭᠡ ᠵᠢ ᠠᠬᠢᠭᠤᠯᠬᠤ᠎ᠳᠤ ᠴᠢᠬᠤᠯᠠ ᠴᠣᠩᠬᠣ ᠬᠠᠩᠭ᠋ᠠᠬᠤ ᠵᠢᠨ ᠲᠥᠯᠥᠭᠡ ᠶᠤᠮ᠃
ᠨᠡᠢ᠌ᠭᠡᠮ᠎ᠤᠨ ᠬᠡᠷᠡᠭ
ᠤᠯᠠᠭ᠋ᠠᠨᠴᠠᠪ ᠬᠣᠲᠠ ᠵᠢᠨ᠎ᠬᠢᠨ ᠤᠷᠴᠢᠮ᠎ᠤᠨ ᠵᠢᠯ᠎ᠤᠳ᠎ᠲᠤ ᠤᠷᠤᠭ᠎ᠤᠨ ᠵᠠᠡᠭᠰᠢᠯ᠎ᠢ ᠥᠭᠡᠷᠡᠴᠢᠯᠡᠬᠦ ᠠᠵᠢᠯ᠎ᠢ ᠭᠦᠨᠵᠡᠭᠡᠢ ᠠᠬᠢᠭᠤᠯᠵᠤ᠂ ᠰᠢᠨ᠎ᠡ ᠮᠠᠶᠢᠭ᠎ᠤᠨ ᠣᠷᠣᠭ ᠬᠤᠷᠢᠮ᠎ᠤᠨ ᠦᠵᠡᠯᠲᠡ ᠵᠢ ᠪᠣᠶ ᠪᠣᠯᠭ᠋ᠠᠬᠤ ᠵᠢ ᠢᠳᠡᠪᠬᠢᠲᠡᠢ ᠰᠠᠨᠠᠭ᠋ᠠᠴᠢᠯᠠᠪᠠ᠃ ᠰᠢᠨ᠎ᠡ ᠬᠤᠤᠰ᠎ᠢ ᠵᠢᠯᠤᠭᠣᠳᠴᠤ ᠪᠠᠢ᠌ᠭ᠋ᠠᠳ ᠰᠢᠨ᠎ᠡ ᠡᠨᠧᠷᠭᠢ ᠵᠢᠨ ᠰᠤᠷᠪᠤᠯᠵᠢ ᠵᠢᠨ ᠨᠡᠶ᠋ᠢᠲᠡ ᠵᠢᠨ ᠮᠠᠰᠢᠨ ᠲᠡᠷᠭᠡ ᠵᠢ ᠬᠤᠷᠢᠮ᠎ᠤᠨ ᠲᠡᠷᠭᠡ ᠪᠣᠯᠭ᠋ᠠᠨ ᠰᠣᠩᠭᠣᠨ ᠬᠡᠷᠡᠭᠯᠡᠬᠦ᠂ ᠬᠥᠳᠡᠭᠡ ᠲᠣᠰᠬᠣᠨ᠎ᠤ ᠶᠣᠰᠣᠯᠠᠯ᠎ᠤᠨ ᠲᠠᠩᠬᠢᠮ ᠪᠠᠶ᠋ᠢᠭᠤᠯᠬᠤ ᠵᠡᠷᠭᠡ ᠵᠢ ᠵᠢᠯᠤᠭᠣᠳᠬᠤ᠎ᠪᠠᠷ ᠳᠠᠮᠵᠢᠭᠤᠯᠤᠨ᠂ ᠲᠠᠪᠴᠠᠩ᠎ᠤᠨ ᠪᠠᠢ᠌ᠭᠤᠯᠤᠯᠲᠠ᠎ᠪᠠᠷ ᠤᠷᠤᠭ ᠤᠨ ᠵᠠᠩᠰᠢᠯ᠎ᠤᠨ ᠥᠭᠡᠷᠡᠴᠢᠯᠡᠯᠲᠡ ᠵᠢᠨ ᠭᠦᠨᠵᠡᠭᠡᠢ᠌ᠷᠡᠨ ᠬᠥᠭᠵᠢᠬᠦ ᠵᠢ ᠠᠬᠢᠭᠤᠯᠪᠠ᠃ ᠣᠲᠣ ᠪᠣᠯᠲᠠᠯ᠎ᠠ ᠶᠣᠰᠣᠯᠠᠯ᠎ᠤᠨ ᠲᠠᠩᠬᠢᠮ᠎ᠳᠤ ᠨᠢᠭᠡᠨᠲᠡ 5 ᠲᠠᠯᠠᠪᠤᠷ ᠣᠷᠣᠭ ᠲᠣᠭᠲᠠᠬᠤ ᠶᠣᠰᠣᠯᠠᠯ᠂ 12 ᠲᠠᠯᠠᠪᠤᠷ ᠠᠯᠲᠠᠨ ᠣᠷᠣᠭ ᠮᠥᠩᠭᠥᠨ ᠣᠷᠣᠭ᠎ᠤᠨ ᠳᠤᠷᠠᠰᠬᠠᠯ᠎ᠤᠨ ᠡᠳᠦᠷ᠎ᠤᠨ ᠠᠵᠢᠯᠯᠠᠭ᠎ᠠ ᠵᠢ ᠠᠮᠵᠢᠯᠲᠠ᠎ᠲᠠᠢ ᠡᠷᠭᠢᠯᠡᠵᠦ᠂ ᠲᠣᠰᠬᠣᠨ᠎ᠤ ᠨᠠᠰᠤᠲᠠᠢ᠌ᠴᠤᠳ᠎ᠲᠤ 20 ᠭᠠᠷᠤᠢ ᠤᠳᠠᠭ᠋ᠠᠨ᠎ᠤ ᠬᠤᠷᠢᠮ᠎ᠤᠨ ᠰᠡᠭᠦᠳᠡᠷ ᠨᠥᠬᠥᠵᠦ ᠰᠡᠭᠦᠳᠡᠷᠯᠡᠨ ᠥᠭᠴᠡᠢ᠃