ᠠᠷᠠᠳ᠎ᠤᠨ ᠶᠠᠪᠤᠳᠠᠯ᠎ᠤᠨ ᠶᠠᠮᠤᠨ
ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ᠎ᠬᠢᠨ ᠤᠷᠴᠢᠮ᠎ᠳᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠬᠤᠷᠠᠯ ᠬᠤᠷᠠᠯᠳᠤᠭᠤᠯᠵᠤ ᠰᠢ ᠵᠢᠨ ᠫᠢᠩ ᠶᠡᠷᠦᠩᠬᠡᠢ ᠱᠦᠵᠢ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠪᠠ ᠠᠷᠪᠠᠨ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠷᠠᠳ᠎ᠤᠨ ᠶᠠᠪᠤᠳᠠᠯ᠎ᠤᠨ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵ᠊ ᠲᠤᠭᠤᠰᠢᠯᠠᠭᠤᠯᠪᠠ᠃ ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠶᠠᠮᠤᠨ᠎ᠤ ᠰᠠᠢ᠌ᠳ ᠯᠦ᠍ ᡁᠢ ᠶᠤᠸᠠᠨ ᠬᠤᠷᠠᠯ᠎ᠳᠤ ᠣᠷᠣᠯᠴᠠᠵᠤ ᠰᠤᠷᠤᠯᠴᠠᠨ ᠲᠤᠭᠤᠰᠢᠯᠠᠭᠤᠯᠬᠤ ᠠᠵᠢᠯ᠎ᠢ ᠪᠠᠢ᠌ᠷᠢᠯᠠᠭᠤᠯᠪᠠ᠃
ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ
ᠪᠤᠭᠤᠲᠤ ᠬᠤᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠢᠳᠡᠪᠬᠢᠲᠡᠢ ᠵᠢᠯᠤᠭᠣᠳᠴᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦ ᠨᠡᠮᠡᠷᠢᠯᠡᠵᠦ 《ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠵᠢᠯᠤᠭᠣᠳᠴᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠣᠷᠣᠯᠴᠠᠭᠤᠯᠬᠤ ᠲᠤᠬᠠᠢ ᠬᠡᠷᠡᠭᠵᠢᠭᠦᠯᠬᠦ ᠲᠥᠰᠥᠯ》᠎ᠢ ᠲᠣᠭᠲᠠᠭ᠋ᠠᠵᠤ ᠬᠠᠮᠢᠶ᠎ᠠ ᠪᠦᠬᠦᠢ ᠠᠵᠢᠯᠯᠠᠭ᠎ᠠ ᠥᠷᠨᠢᠭᠦᠯᠬᠦ ᠵᠡᠷᠭᠡ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠳᠠᠢ᠍ᠢ᠍ᠴᠢᠯᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠥᠷᠭᠡᠨ ᠠᠭᠤᠳᠠᠮ ᠲᠠᠪᠴᠠᠩ᠎ᠳᠤ ᠣᠷᠣᠯᠴᠠᠭᠤᠯᠪᠠ᠃ 2022 ᠣᠨ᠎ᠠᠴᠠ ᠨᠠᠭ᠋ᠠᠰᠢ 200 ᠭᠠᠷᠤᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ 220 ᠲᠦᠷᠦᠯ ᠵᠦᠢ᠍ᠯ᠎ᠳᠤ ᠭᠦᠨᠵᠡᠭᠡᠢ ᠣᠷᠣᠯᠴᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢ᠍ᠯ᠎ᠢ ᠬᠦᠯᠢᠶᠡᠨ ᠠᠪᠴᠤ ᠬᠡᠷᠡᠭᠵᠢᠭᠦᠯᠦᠨ᠂ 4249.17 ᠲᠦᠮᠡᠨ ᠲᠥᠭᠥᠷᠢᠭ᠎ᠤᠨ ᠪᠡᠯᠡ ᠮᠥᠩᠭᠥ ᠣᠷᠣᠭᠤᠯᠵᠤ20 ᠲᠦᠮᠡ ᠰᠢᠬᠠᠮ ᠬ ᠤᠳᠠᠭ᠎ᠠ᠎ᠳᠤ ᠰᠢᠭᠤᠳ ᠠᠰᠢᠭ ᠬᠦᠷᠲᠡᠭᠡᠵᠡᠢ᠃
ᠨᠠᠰᠤᠵᠢᠯ᠎ᠤᠨ ᠦᠢ᠍ᠯᠡᠴᠢᠯᠡᠭᠡ
ᠣᠷᠳᠣᠰ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠤᠷᠳᠤᠰ ᠬᠣᠲᠠ ᠵᠢᠨ ᠨᠠᠰᠤᠲᠠᠢ᠌ᠴᠤᠳ᠎ᠤᠨ ᠠᠵᠢᠯ᠎ᠤᠨ ᠵᠢᠯᠤᠭᠣᠳᠬᠤ ᠲᠥᠪ᠎ᠤᠨ᠎ᠬᠢᠨ᠎ᠨᠢ ᠤᠷᠴᠢᠮ᠎ᠳᠤ ᠦᠳᠡᠬᠦᠰ᠂ ᠭᠠᠭᠴᠠ ᠬᠡᠦᠬᠡᠳ ᠵᠶ᠋ᠡᠨ ᠠᠯᠳᠠᠭᠰᠠᠨ᠂ ᠭᠡᠷ ᠲᠤ᠎ᠪᠠᠨ ᠬᠣᠴᠣᠷᠤᠭᠰᠠᠨ ᠨᠠᠰᠤᠲᠠᠢ᠌ᠴᠤᠳ᠎ᠢ ᠲᠣᠬᠣᠨᠢᠭᠤᠯᠬᠤ ᠵᠡᠷᠭᠡ ᠠᠯᠢ ᠣᠯᠠᠨ ᠡᠯᠪᠡᠭ ᠪᠠᠶᠠᠯᠢᠭ 《ᠨᠠᠰᠤᠲᠠᠢ᠌ᠴᠤᠳ᠎ᠢ ᠬᠦᠨᠳᠦᠯᠡᠬᠦ ᠰᠠᠷ᠎ᠠ》 ᠵᠢᠨ ᠠᠵᠢᠯᠯᠠᠭ᠎ᠠ ᠵᠢ ᠥᠷᠨᠢᠭᠦᠯᠬᠦ᠎ᠪᠠᠷ ᠳᠠᠮᠵᠢᠭᠤᠯᠤᠨ ᠨᠠᠰᠤᠲᠠᠢ᠌ᠴᠤᠳ᠎ᠤᠨ ᠦᠢ᠍ᠯᠡᠴᠢᠯᠡᠭᠡᠨ᠎ᠤ ᠰᠢᠰᠲᠸᠮ᠎ᠤᠨ ᠪᠠᠢ᠌ᠭᠤᠯᠤᠯᠲᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠥᠬᠥ ᠬᠣᠲᠠ ᠵᠢᠨ ᠨᠠᠰᠤᠲᠠᠢ᠌ᠴᠤᠳ᠎ᠲᠤ ᠦᠢ᠍ᠯᠡᠴᠢᠯᠡᠬᠦ ᠣᠷᠴᠢᠨ ᠲᠣᠭᠣᠷᠢᠨ᠎ᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ 《ᠨᠠᠰᠤᠲᠠᠢ᠌ᠴᠤᠳ᠎ᠢ ᠬᠦᠨᠳᠦᠯᠡᠬᠦ ᠰᠠᠷ᠎ᠠ》 ᠵᠢᠨ ᠬᠤᠭᠤᠴᠠᠭ᠋ᠠᠨ᠎ᠳᠤ᠂ ᠨᠠᠰᠤᠲᠠᠢ᠌ᠴᠤᠳ᠎ᠲᠤ ᠡᠷᠡᠭᠦᠯ ᠮᠡᠨᠳᠦ ᠵᠢᠨ ᠵᠥᠪᠯᠡᠯᠭᠡ ᠬᠠᠩᠭ᠋ᠠᠬᠤ᠂ ᠰᠢᠯᠢᠳᠡᠭ ᠨᠠᠰᠤᠲᠠᠢ᠌ᠴᠤᠳ᠎ᠤᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠩᠭᠢ ᠪᠠ ᠤᠷᠠᠨ ᠰᠠᠢ᠌ᠬᠠᠨ᠎ᠤ ᠲᠣᠭᠯᠠᠯᠲᠠ ᠵᠢ ᠬᠥᠬᠢᠭᠦᠯᠦᠨ ᠰᠠᠢ᠌ᠰᠢᠶᠠᠬᠤ᠂ ᠡᠯ᠎ᠡ ᠵᠦᠢ᠍ᠯ᠎ᠤᠨ ᠬᠡᠯᠪᠡᠷᠢ ᠮᠠᠶᠢᠭ ᠣᠯᠠᠨ ᠶᠠᠩᠵᠤ ᠵᠢᠨ᠂ ᠠᠭᠤᠯᠭ᠎ᠠ ᠪᠠᠶᠠᠯᠢᠭ ᠰᠣᠶᠣᠯ ᠪᠡᠶ᠎ᠡ ᠵᠢᠨ ᠲᠠᠮᠢᠷ᠎ᠤᠨ ᠠᠵᠢᠯᠯᠠᠭ᠎ᠠ ᠵᠡᠷᠭᠡ ᠵᠢ ᠵᠣᠬᠢᠶᠠᠨ ᠪᠠᠢ᠌ᠭᠤᠯᠤᠨ ᠥᠷᠨᠢᠭᠦᠯᠬᠦ᠎ᠪᠠᠷ ᠳᠠᠮᠵᠢᠭᠤᠯᠤᠨ 1.15 ᠲᠦᠮᠡᠨ ᠨᠠᠰᠤᠲᠠᠢ᠌ᠴᠤᠳ᠎ᠲᠤ ᠠᠰᠢᠭ ᠬᠦᠷᠲᠡᠭᠡᠪᠡ᠃
ᠦᠬᠠᠢ ᠬᠤᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠠᠬᠠᠮᠠᠳ ᠬᠥᠮᠥᠰ᠎ᠤᠨ ᠳᠠᠩᠰᠠ ᠡᠪᠬᠡᠮᠡᠯ᠎ᠤᠨ ᠬᠠᠮᠢᠶᠠᠷᠤᠯᠲᠠ ᠪᠣᠯᠣᠨ ᠲᠣᠭ᠎ᠠ ᠪᠠᠷᠢᠮᠲᠠ ᠵᠢ ᠴᠤᠭᠯᠠᠭᠤᠯᠤᠨ ᠵᠠᠳᠠᠯᠬᠤ ᠡᠭᠦᠯᠡᠨ ᠲᠠᠪᠴᠠᠩ᠎ᠢ ᠪᠠᠢ᠌ᠭᠤᠯᠵᠤ ᠪᠦᠬᠦ ᠬᠤᠲᠠ ᠵᠢᠨ ᠨᠠᠰᠤᠲᠠᠢ᠌ᠴᠤᠳ᠎ᠤᠨ ᠮᠡᠳᠡᠭᠡ ᠵᠠᠩᠭᠢ ᠵᠢ ᠪᠦᠬᠦ ᠲᠠᠯ᠎ᠠ᠎ᠪᠠᠷ ᠲᠦᠷᠦᠯ ᠬᠤᠪᠢᠶᠠᠨ ᠴᠤᠭᠯᠠᠭᠤᠯᠵᠤ᠂ 《ᠨᠢᠭᠡ ᠬᠥᠮᠥᠨ᠎ᠳᠤ ᠨᠢᠭᠡ ᠳᠠᠩᠰᠠ ᠡᠪᠬᠡᠮᠡᠯ》 ᠬᠡᠯᠪᠡᠷᠢ ᠵᠢᠨ ᠨᠠᠰᠤᠳᠠᠢ᠌ᠴᠤᠳ᠎ᠤᠨ ᠳᠠᠩᠰᠠ ᠡᠪᠬᠡᠮᠡᠯ᠎ᠢ ᠪᠦᠷᠢᠯᠳᠦᠭᠦᠯᠵᠦ ᠬᠠᠨᠳᠤᠯᠭ᠋ᠠᠲᠤ ᠴᠢᠨᠠᠷᠲᠠᠢ᠎ᠪᠠᠷ ᠡᠮ ᠡᠮᠨᠡᠯᠭᠡ ᠵᠢ ᠲᠤᠰᠠᠯᠠᠬᠤ᠂ ᠬᠥᠭᠵᠢᠮ᠎ᠢ ᠲᠤᠰᠠᠯᠠᠬᠤ᠂ ᠨᠠᠶ᠋ᠢᠳᠠᠯᠭ᠎ᠠ ᠵᠢ ᠲᠤᠰᠠᠯᠠᠬᠤ ᠵᠡᠷᠭᠡ 《ᠠᠷᠪᠠ᠎ᠳᠤ ᠲᠤᠰᠠᠯᠠᠬᠤ》 ᠦᠢ᠍ᠯᠡᠴᠢᠯᠡᠭᠡ ᠵᠢ ᠬᠠᠩᠭ᠋ᠠᠵᠤ᠂ ᠭᠡᠷ᠎ᠲᠤ᠎ᠪᠠᠨ ᠰᠠᠭᠤᠵᠤ ᠪᠠᠢ᠌ᠭ᠎ᠠ ᠨᠠᠰᠤᠲᠠᠢ᠌ᠴᠤᠳ᠎ᠢ ᠠᠰᠠᠷᠠᠬᠤ ᠦᠢ᠍ᠯᠡᠴᠢᠯᠡᠭᠡᠨ᠎ᠤ ᠤᠨᠢᠨ ᠳᠡᠭᠡᠷ᠎ᠡ᠎ᠨᠢ ᠬᠦᠷᠴᠦ ᠳᠡᠶ᠋ᠢᠯᠬᠦ ᠵᠢ ᠪᠦᠬᠦ ᠬᠦᠴᠦᠨ ᠵᠶ᠋ᠡᠷ ᠠᠬᠢᠭᠤᠯᠪᠠ᠃ ᠣᠳᠣᠬᠠᠨ᠎ᠳᠤ 11.8 ᠲᠦᠮᠡ ᠭᠠᠷᠤᠢ ᠨᠠᠰᠤᠲᠠᠢ᠌ᠴᠤᠳ᠎ᠤᠨ ᠮᠡᠳᠡᠭᠡ ᠵᠠᠩᠭᠢ ᠵᠢ ᠣᠷᠣᠭᠤᠯᠵᠤ ᠨᠠᠰᠤᠲᠠᠢ᠌ᠴᠤᠳ᠎ᠲᠤ ᠨᠡᠶ᠋ᠢᠲᠡ 37 ᠲᠦᠮᠡᠨ ᠤᠳᠠᠭ᠎ᠠ ᠵᠢᠨ ᠭᠡᠷ᠎ᠲᠤ᠎ᠪᠠᠨ ᠰᠠᠭᠤᠵᠤ ᠠᠰᠠᠷᠠᠭᠤᠯᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ ᠬᠠᠩᠭ᠋ᠠᠭᠰᠠᠨ ᠪᠠᠢ᠌ᠨ᠎ᠠ᠃
ᠬᠡᠦᠬᠡᠳ᠎ᠤᠨ ᠠᠰᠠᠷᠠᠮᠵᠢ
ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠰᠡᠳᠬᠢᠯ ᠵᠶ᠋ᠡᠨ ᠨᠢᠭᠡᠳᠬᠡᠨ ᠬᠦᠴᠦᠨ ᠵᠶ᠋ᠡᠨ ᠢᠷᠡᠬᠡᠳᠤᠢ᠎ᠪᠠᠨ ᠬᠠᠢ᠌ᠷ᠎ᠠ᠎ᠪᠠᠷ ᠬᠠᠯᠠᠮᠵᠢᠯᠠᠬᠤᠤ ᠰᠠᠨᠠᠭ᠋ᠠᠴᠢᠯᠠᠭ᠎ᠠ ᠵᠢᠨ ᠪᠢᠴᠢᠭ》᠎ᠢ ᠨᠡᠢ᠌ᠳᠡᠯᠡᠵᠤ ᠨᠡᠢ᠌ᠭᠡᠮ᠎ᠤᠨ ᠡᠯ᠎ᠡ ᠡᠲᠡᠭᠡᠳ᠎ᠤᠨ ᠪᠤᠶᠠᠨᠰᠠᠭ ᠠᠵᠤ ᠠᠬᠤᠢ᠌ᠯᠠᠯ᠂ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠩᠭᠢ᠂ ᠪᠤᠶᠠᠨᠰᠠᠭ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠶᠡᠬᠡ ᠳᠡᠭᠡᠳᠦ ᠰᠤᠷᠭ᠋ᠠᠭᠤᠯᠢ ᠵᠢᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠩᠭᠢ᠂ ᠪᠤᠶᠠᠨᠰᠠᠭ ᠬᠦᠮᠦᠰ᠎ᠢ ᠤᠷᠢᠵᠤ ᠬᠠᠮᠲᠤ᠎ᠪᠠᠷ ᠬᠥᠬᠡᠬᠣᠲᠠ ᠵᠢᠨ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠲᠥᠪ᠎ᠤᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠩᠭᠢ ᠵᠢ ᠪᠠᠢ᠌ᠭᠤᠯᠵᠤ ᠪᠥᠬᠥ ᠬᠣᠲᠠ ᠵᠢᠨ ᠨᠠᠰᠤᠨ᠎ᠳᠤ ᠥᠯᠥ ᠭᠦᠷᠦᠭᠰᠡᠳ᠎ᠢ ᠬᠠᠯᠠᠮᠵᠢᠯᠠᠨ ᠬᠠᠢ᠌ᠷᠠᠯᠠᠵᠤ ᠬᠠᠮᠠᠭ᠋ᠠᠯᠠᠬᠤ ᠦᠢ᠍ᠯᠡᠴᠢᠯᠡᠭᠡᠨ᠎ᠤ ᠪᠦᠯᠬᠦᠮ᠎ᠳᠤ ᠠᠭᠤᠰᠤᠯᠴᠠᠭᠤᠯᠪᠠ᠃ ᠡᠬᠦᠨ᠎ᠤ ᠵᠣᠷᠢᠯᠭ᠎ᠠ᠎ᠨᠢ ᠣᠯᠠᠨ ᠲᠠᠯ᠎ᠠ ᠵᠢᠨ ᠡᠬᠢ ᠪᠠᠶᠠᠯᠢᠭ᠎ᠢ ᠥᠷᠭᠡᠨ ᠵᠶ᠋ᠡᠷ ᠬᠣᠯᠪᠣᠵᠤ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠨᠡᠢ᠌ᠭᠡᠮ᠎ᠤᠨ ᠲᠠᠷᠠᠬᠠᠢ ᠰᠠᠭᠤᠵᠤ ᠪᠠᠢ᠌ᠭ᠎ᠠ ᠥᠨᠥᠴᠢᠨ ᠬᠡᠦᠬᠡᠳ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠂ ᠭᠡᠷ᠎ᠲᠤ᠎ᠪᠠᠨ ᠬᠣᠴᠣᠷᠤᠭᠰᠠᠨ ᠬᠡᠦᠬᠡᠳ ᠵᠡᠷᠭᠡ ᠣᠨᠴᠠᠭ᠋ᠠᠶ ᠬᠦᠮᠦᠰ ᠵᠡᠷᠬᠡ ᠨᠠᠰᠤᠨ᠎ᠳᠤ ᠥᠯᠥ ᠭᠦᠷᠦᠭᠰᠡᠳ᠎ᠲᠤ ᠣᠯᠠᠨ ᠡᠰᠢᠲᠦ ᠬᠠᠪᠰᠤᠷᠤᠯᠭ᠎ᠠ ᠳᠡᠮᠵᠢᠯᠭᠡ ᠬᠠᠩᠭ᠋ᠠᠵᠤ ᠪᠣᠳᠠᠲᠠᠢ ᠬᠡᠷᠡᠭᠴᠡᠭᠡ ᠵᠢ ᠨᠠᠷᠢᠯᠢᠭ ᠣᠨᠣᠴᠠᠲᠠᠢ᠎ᠪᠠᠷ ᠬᠠᠩᠭ᠋ᠠᠬᠤ ᠵᠢᠨ ᠲᠥᠯᠥᠭᠡ ᠶᠤᠮ᠃