ᠠᠷᠠᠳ᠎ᠤᠨ ᠶᠠᠪᠤᠳᠠᠯ᠎ᠤᠨ ᠶᠠᠮᠤᠨ
ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ ᠤᠷᠴᠢᠮ᠎ᠳᠤ ᠪᠥᠬᠥ ᠤᠯᠤᠰ᠎ᠤᠨ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠲᠤᠷᠰᠢᠯᠲᠠ ᠵᠢᠨ ᠣᠷᠣᠨ᠎ᠤ ᠪᠦᠲᠦᠭᠡᠨ ᠪᠠᠢ᠌ᠭᠤᠯᠤᠯᠲᠠ ᠵᠢᠨ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠲᠡᠬᠡᠷ᠎ᠡ ᠄》 《ᠤᠷᠲᠤ ᠬᠤᠭᠤᠴᠠᠭ᠋ᠠᠨ᠎ᠤ ᠪᠦᠲᠦᠮᠵᠢᠲᠡᠶ ᠠᠬᠢᠭᠤᠯᠬᠤ ᠲᠣᠭᠲᠠᠴᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠠᠯᠠᠭ᠎ᠠ ᠮᠥᠴᠢᠷ᠎ᠤᠨ ᠬᠣᠭᠣᠷᠣᠨᠳᠤ᠎ᠪᠠᠨ ᠬᠠᠮᠵᠢᠯᠴᠠᠨ ᠬᠠᠮᠲᠤᠷᠠᠯᠴᠠᠬᠤ ᠠᠵᠢᠯ᠎ᠢ ᠴᠢᠩᠭ᠋ᠠᠳᠬᠠᠵᠤ᠂ ᠣᠷᠣᠭ ᠭᠡᠷ ᠪᠦᠯᠢ ᠵᠢᠨ ᠵᠢᠯᠤᠭᠤᠳᠤᠮᠵᠢ ᠵᠢᠨ ᠦᠢ᠍ᠯᠡᠴᠢᠯᠡᠭᠡ ᠵᠢ ᠪᠥᠬᠥ ᠲᠠᠯ᠎ᠠ᠎ᠪᠠᠷ ᠬᠠᠩᠭ᠋ᠠᠵᠤ᠂ 〈ᠣᠷᠣᠭ᠎ᠤᠨ ᠦᠢ᠍ᠯᠡᠴᠢᠯᠡᠭᠡ +〉 ᠬᠥᠭᠵᠢᠯᠲᠡ ᠵᠢᠨ ᠰᠢᠨ᠎ᠡ ᠵᠠᠭᠪᠤᠷ᠎ᠢ ᠰᠦᠪᠡᠭᠴᠢᠯᠡᠵᠦ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠢ ᠢᠳᠡᠪᠬᠢᠲᠡᠢ ᠪᠠᠢ᠌ᠭᠤᠯᠤᠨ᠂ ᠣᠷᠣᠭ ᠲᠠᠡᠭᠰᠠᠯᠠᠬᠤ ᠠᠵᠢᠯ᠎ᠢ ᠤᠯᠠᠮ ᠲᠦᠬᠦᠮᠴᠢᠯᠡᠨ᠂ ᠨᠡᠢ᠌ᠭᠡᠮ᠎ᠤᠨ᠎ᠬᠢᠨ᠎ᠤ ᠣᠷᠣᠯᠴᠠᠬᠤ ᠵᠢ ᠪᠦᠲᠦᠮᠵᠢᠲᠡᠶ᠎ᠪᠠᠷ ᠵᠢᠯᠤᠭᠣᠳᠴᠤ ᠳᠠᠶ᠋ᠢᠴᠢᠯᠠᠨ᠂ 〈ᠤᠷᠤᠭ ᠬᠤᠷᠢᠮ᠎ᠤᠨ ᠠᠵᠤ ᠠᠬᠤᠢ〉 ᠵᠢ ᠶᠡᠬᠡ᠎ᠪᠠᠷ ᠬᠥᠭᠵᠢᠭᠦᠯᠵᠦ᠂ ᠴᠢᠡᠭ ᠦᠨᠡᠨ ᠰᠡᠳᠬᠢᠯ ᠵᠶ᠋ᠡᠷ ᠵᠶ᠋ᠡᠨ ᠠᠷᠠᠳ ᠣᠯᠠᠨ᠎ᠳᠤ ᠰᠠᠢ᠌ᠨ ᠶᠠᠪᠤᠳᠠᠯ᠂ ᠪᠣᠳᠠᠲᠠᠢ ᠶᠠᠪᠤᠳᠠᠯ ᠬᠢᠵᠦ᠂ ᠬᠦᠴᠢᠷ ᠶᠠᠪᠤᠳᠠᠯ᠎ᠢ ᠰᠠᠨᠠᠭ᠋ᠠᠴᠢᠯᠠᠭ᠎ᠠ᠎ᠲᠠᠢ᠎ᠪᠠᠷ ᠬᠢᠬᠦ ᠬᠡᠷᠡᠭᠳᠡᠢ》 ᠬᠡᠰᠡᠨ ᠪᠠᠢ᠌ᠨ᠎ᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠨᠠᠨ ᠵᠢᠯᠤᠭᠣᠳᠴᠤ ᠪᠠᠢ᠌ᠴᠠᠭ᠋ᠠᠬᠤ ᠳᠤᠭᠤᠢ᠌ᠯᠠᠩ᠎ᠤᠨ᠎ᠬᠢᠨ 12 ᠳ᠋ᠤᠭ᠋ᠠᠷ ᠰᠠᠷ᠎ᠠ ᠵᠢᠨ 4᠎ᠠᠴᠠ 6᠎ᠳᠤ ᠰᠢᠯᠢ ᠵᠢᠨ ᠭᠣᠣᠯ ᠠᠢ᠌ᠮᠠᠭ᠎ᠤᠨ ᠦᠵᠦᠮᠦᠴᠢᠨ ᠪᠠᠷᠠᠭᠤᠨ ᠬᠣᠰᠢᠭᠤ ᠪᠣᠯᠣᠨ ᠦᠵᠦᠮᠦᠴᠢᠨ ᠵᠡᠭᠦᠨ ᠬᠣᠰᠢᠭᠤᠨ᠎ᠳᠤ ᠭᠦᠨᠵᠡᠭᠡᠢ᠌ᠷᠡᠵᠦ᠂ ᠨᠡᠢ᠌ᠭᠡᠮ ᠲᠣᠭᠣᠷᠢᠭ᠎ᠤᠨ ᠰᠠᠭᠤᠷᠢ ᠮᠥᠩᠭᠥᠨ᠎ᠤ ᠦᠢ᠍ᠯᠡᠴᠢᠯᠡᠭᠡᠨ᠎ᠤ ᠲᠤᠷᠰᠢᠯᠲᠠ᠂ ᠵᠠᠰᠠᠭ᠎ᠤᠨ ᠣᠷᠳᠣᠨ᠎ᠤ ᠲᠤᠰᠠᠯᠠᠮᠵᠢ ᠪᠠ ᠨᠢᠭᠦᠯᠡᠰᠦᠩᠭᠦᠢ ᠵᠢᠨ ᠲᠡᠳᠬᠦᠮᠵᠢ ᠵᠢ ᠪᠦᠲᠦᠮᠵᠢᠲᠡᠶ ᠵᠣᠯᠭ᠋ᠠᠭᠤᠯᠬᠤ ᠲᠤᠷᠰᠢᠯᠲᠠ ᠵᠢᠨ ᠠᠵᠢᠯ᠎ᠢ ᠠᠬᠢᠭᠤᠯᠬᠤ᠂ 《ᠨᠢᠭᠦᠯᠡᠰᠦᠩᠭᠦᠢ ᠵᠢᠨ ᠢᠯᠡ ᠢᠨᠵᠧᠨᠧᠷᠢᠩ》᠎ᠤᠨ ᠡᠯ᠎ᠡ ᠵᠦᠢ᠍ᠯ᠎ᠤᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠬᠤ᠂ ᠦᠨᠳᠦᠰᠦᠨ ᠱᠠᠲᠤᠨ᠎ᠤ ᠨᠢᠭᠦᠯᠡᠰᠦᠩᠭᠦᠢ ᠵᠢᠨ ᠦᠢ᠍ᠯᠡᠴᠢᠯᠡᠭᠡᠨ᠎ᠤ ᠥᠷᠲᠡᠭᠡ ᠵᠢᠨ ᠠᠭᠤᠰᠤᠯᠴᠠᠨ ᠬᠥᠭᠵᠢᠬᠦ ᠵᠢ ᠠᠬᠢᠭᠤᠯᠬᠤ ᠪᠠ ᠠᠷᠠᠳ᠎ᠲᠤ ᠦᠢ᠍ᠯᠡᠴᠢᠯᠡᠬᠦ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠡᠷᠭᠡ ᠪᠠᠢ᠌ᠳᠠᠯ᠎ᠤᠨ ᠲᠣᠭᠣᠷᠢᠨ᠎ᠳᠤ ᠭᠣᠣᠯᠳᠠᠯᠭ᠎ᠠ᠎ᠲᠠᠢ᠎ᠪᠠᠷ ᠰᠢᠮᠳᠠᠭᠤᠯᠤᠨ ᠵᠢᠯᠤᠭᠣᠳᠴᠤ ᠦᠨᠡᠯᠡᠬᠦ ᠪᠠ ᠰᠤᠭᠤᠴᠢᠨ ᠪᠠᠢ᠌ᠴᠠᠭ᠋ᠠᠪᠠ᠃
ᠨᠡᠢ᠌ᠭᠡᠮ᠎ᠤᠨ ᠲᠤᠰᠠᠯᠠᠮᠵᠢ
ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠦᠨᠳᠦᠰᠦᠨ ᠠᠷᠠᠳ᠎ᠤᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠬᠣᠷᠢᠭ᠎ᠠ ᠱᠤᠭᠤᠮ᠎ᠢ ᠪᠠᠲᠤ ᠰᠠᠬᠢᠭᠰᠠᠨ ᠰᠠᠭᠤᠷᠢᠨ ᠳᠡᠭᠡᠷ᠎ᠡ᠂ 《ᠥᠪᠥᠷ ᠮᠣᠩᠭᠣᠯ᠎ᠤᠨ ᠲᠤᠰᠠᠯᠠᠮᠵᠢ ᠵᠢᠨ ᠰᠤᠹᠲ》 《ᠲᠠᠪᠴᠠᠩ + ᠲᠣᠭ᠎ᠠ ᠪᠠᠷᠢᠮᠲᠠ》 ᠵᠢᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠲᠥᠷᠥ ᠵᠢᠨ ᠪᠣᠳᠣᠯᠭ᠎ᠠ ᠵᠢᠨ ᠲᠣᠳᠣᠷᠬᠠᠢ ᠬᠠᠭᠤᠳᠠᠰᠤ᠂ ᠲᠤᠰᠠᠯᠠᠮᠵᠢ ᠵᠢᠨ ᠲᠣᠳᠣᠷᠬᠠᠢ ᠬᠠᠭᠤᠳᠠᠰᠤ ᠵᠢᠨ ᠴᠢᠳᠠᠮᠵᠢ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠮᠡᠳᠡᠭᠡ ᠵᠠᠩᠭᠢ ᠵᠢ ᠬᠠᠷᠢᠴᠠᠭᠤᠯᠬᠤ ᠪᠠ ᠲᠣᠭ᠎ᠠ ᠪᠠᠷᠢᠮᠲᠠ ᠵᠢ ᠬᠠᠷᠭᠤᠭᠤᠯᠤᠨ ᠪᠠᠢ᠌ᠴᠠᠭ᠋ᠠᠬᠤ ᠡᠷᠴᠢᠮ᠎ᠢ ᠴᠢᠩᠭ᠋ᠠᠷᠠᠭᠤᠯᠤᠨ᠂ ᠨᠡᠢ᠌ᠭᠡᠮ᠎ᠤᠨ ᠲᠤᠰᠠᠯᠠᠮᠵᠢ ᠵᠢ ᠭᠤᠶᠤᠴᠢᠯᠠᠬᠤ᠂ ᠭᠥᠯᠢᠶᠡᠨ ᠠᠪᠴᠤ ᠰᠢᠢ᠍ᠳᠪᠦᠷᠢᠯᠡᠬᠦ᠎ᠠᠴᠠ ᠠᠪᠤᠭ᠋ᠠᠳ ᠬᠠᠷᠭᠤᠭᠤᠯᠤᠨ ᠪᠠᠢ᠌ᠴᠠᠭ᠋ᠠᠬᠤ᠂ ᠬᠢᠨᠠᠨ ᠬᠠᠷᠭᠤᠭᠤᠯᠬᠤ᠂ ᠨᠤᠲᠠᠯᠠᠬᠤ ᠬᠦᠷᠲᠡᠯᠡᠬᠢ ᠪᠣᠶ ᠪᠦᠬᠦᠢ ᠶᠠᠪᠤᠴᠨ ᠵᠢ ᠴᠥᠮ ᠰᠦᠯᠵᠢᠶᠡᠨ ᠳᠡᠭᠡᠷ᠎ᠡ ᠠᠵᠢᠯᠯᠠᠭᠤᠯᠬᠤ ᠵᠢ ᠬᠡᠷᠡᠭᠵᠢᠭᠦᠯᠬᠦ ᠵᠢ ᠠᠬᠢᠭᠤᠯᠵᠤ᠂ ᠠᠷᠠᠳ᠎ᠤᠨ ᠶᠠᠪᠤᠳᠠᠯ᠎ᠤᠨ ᠦᠨᠳᠦᠰᠦᠨ ᠪᠠᠳᠤᠯᠠᠭ᠎ᠠ ᠵᠢᠨ ᠲᠥᠷᠥ ᠵᠢᠨ ᠪᠣᠳᠣᠯᠭ᠎ᠠ ᠵᠢᠨ 《ᠮᠡᠷᠬᠡᠨ ᠴᠤᠬᠤᠷ》᠎ᠠᠴᠠ ᠮᠡᠳᠡᠬᠦ᠂ ᠠᠷᠠᠳ᠎ᠤᠨ ᠶᠠᠪᠤᠳᠠᠯ᠎ᠤᠨ ᠲᠤᠰᠠᠯᠠᠮᠵᠢ ᠵᠢᠨ ᠮᠡᠳᠡᠭᠡ ᠵᠠᠩᠭᠢ ᠵᠢᠨ 《ᠮᠡᠷᠬᠡᠨ ᠴᠤᠬᠤᠷ》᠎ᠠᠴᠠ ᠲᠣᠳᠣᠷᠬᠠᠢ ᠮᠡᠳᠡᠬᠦ᠂ ᠠᠷᠠᠳ᠎ᠤᠨ ᠶᠠᠪᠤᠳᠠᠯ᠎ᠤᠨ ᠲᠤᠰᠠᠯᠠᠮᠵᠢ ᠵᠢᠨ ᠦᠢ᠍ᠯᠡᠴᠢᠯᠡᠭᠡᠨ᠎ᠤ 《ᠮᠡᠷᠬᠡᠨ ᠴᠤᠬᠤᠷ》 ᠵᠶ᠋ᠡᠷ ᠭᠦᠢ᠍ᠴᠡᠳᠬᠡᠬᠦ ᠪᠤᠯᠭ᠋ᠠᠪᠠ᠃
ᠨᠠᠰᠤᠵᠢᠯ᠎ᠤᠨ ᠦᠢ᠍ᠯᠡᠴᠢᠯᠡᠭᠡ
ᠰᠢᠯᠢ ᠵᠢᠨ ᠭᠣᠣᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠲᠠᠰᠤ᠎ᠪᠠᠷ ᠮᠡᠨᠳᠦᠴᠢᠯᠡᠬᠦ᠂ ᠭᠡᠷ᠎ᠲᠤ᠎ᠨᠢ ᠬᠦᠷᠴᠦ ᠰᠤᠷᠪᠤᠯᠵᠢᠯᠠᠬᠤ᠂ ᠶᠠᠷᠢᠯᠴᠠᠬᠤ ᠵᠡᠷᠭᠡ ᠬᠡᠯᠪᠡᠷᠢ᠎ᠪᠠᠷ ᠣᠨᠴᠠ ᠬᠦᠴᠢᠷᠳᠡᠯᠲᠡᠢ ᠨᠠᠰᠤᠲᠠᠢ᠌ᠴᠤᠳ᠎ᠲᠤ ᠲᠣᠭᠣᠷᠢᠨ ᠪᠠᠢ᠌ᠴᠠᠭ᠋ᠠᠵᠤ ᠰᠤᠷᠪᠤᠯᠵᠢᠯᠠᠬᠤ ᠠᠵᠢᠯ ᠥᠷᠨᠢᠭᠦᠯᠪᠡ᠃ ᠣᠳᠣᠬᠠᠨ ᠪᠣᠯᠲᠠᠯ᠎ᠠ ᠭᠠᠭᠴᠠᠭ᠋ᠠᠷ ᠰᠠᠭᠤᠭ᠎ᠠ᠂ ᠭᠡᠷ᠎ᠲᠤ᠎ᠪᠠᠨ ᠬᠣᠴᠣᠷᠤᠭᠰᠠᠨ᠂ ᠴᠢᠳᠠᠪᠤᠷᠢ᠎ᠪᠠᠨ ᠠᠯᠳᠠᠭᠰᠠᠨ᠂ ᠮᠡᠳᠡᠷᠡᠯ᠎ᠤᠨ ᠰᠠᠭ᠋ᠠᠳ᠎ᠲᠠᠢ᠂ ᠲᠥᠯᠥᠪᠯᠡᠭᠡᠲᠦ ᠦᠷᠡᠵᠢᠯ᠎ᠤᠨ ᠣᠨᠴᠠᠭ᠋ᠠᠶ ᠭᠡᠷ ᠪᠦᠯᠢ ᠵᠡᠷᠭᠡ ᠨᠠᠰᠤᠲᠠᠢ᠌ᠴᠤᠳ᠎ᠢ ᠨᠡᠶ᠋ᠢᠲᠡ 17880 ᠤᠳᠠᠭ᠎ᠠ ᠰᠤᠷᠪᠤᠯᠵᠢᠯᠠᠵᠤ᠂ 2163 ᠣᠨᠴᠠᠭ᠋ᠠᠶ ᠬᠦᠴᠢᠷᠳᠡᠯᠲᠡᠢ ᠨᠠᠰᠤᠲᠠᠢ᠌ᠴᠤᠳ᠎ᠢ ᠲᠤᠰᠠᠯᠠᠵᠤ᠂ 274 ᠲᠦᠮᠡᠨ ᠲᠥᠭᠥᠷᠢᠭ᠎ᠤᠨ ᠲᠤᠰᠠᠯᠠᠮᠵᠢ ᠵᠢᠨ ᠪᠡᠯᠡ ᠮᠥᠩᠭᠥ ᠲᠠᠷᠬᠠᠭ᠋ᠠᠵᠤ᠂ ᠣᠨᠴᠠᠭ᠋ᠠᠶ ᠬᠦᠴᠢᠷᠳᠡᠯᠲᠡᠢ ᠨᠠᠰᠤᠲᠠᠢ᠌ᠴᠤᠳ᠎ᠲᠤ ᠴᠠᠭ ᠲᠤᠬᠠᠢᠳᠤᠨᠢ ᠨᠠᠩ ᠣᠯᠠᠨ ᠬᠠᠯᠠᠮᠵᠢ ᠬᠦᠷᠲᠡᠭᠡᠭᠰᠡᠨ ᠪᠠᠢ᠌ᠨ᠎ᠠ᠃
ᠣᠷᠣᠨ᠎ᠤ ᠭᠠᠳᠠᠨᠠᠬᠢ ᠮᠡᠳᠡᠭᠡ ᠵᠠᠩᠭᠢ
ᠱᠠᠨ ᠰᠢ ᠮᠤᠵᠢ ᠵᠢᠨ ᠨᠠᠰᠤᠲᠠᠢ᠌ᠴᠤᠳ᠎ᠤᠨ ᠠᠵᠢᠯ᠎ᠤᠨ ᠠᠯᠪᠠᠨ ᠭᠡᠷ᠎ᠤᠨ᠎ᠬᠢᠨ ᠤᠷᠴᠢᠮ᠎ᠳᠤ 《ᠬᠥᠮᠥᠨ ᠠᠮᠠ ᠵᠢᠨ ᠨᠠᠰᠤᠵᠢᠯᠲᠠ ᠵᠢᠨ ᠲᠤᠬᠠᠢ ᠤᠬᠠᠭᠤᠯᠭ᠎ᠠ ᠵᠢ ᠴᠢᠩᠭ᠋ᠠᠳᠬᠠᠵᠤ ᠬᠥᠮᠥᠨ ᠠᠮᠠ ᠵᠢᠨ ᠨᠠᠰᠤᠵᠢᠯᠲᠠ ᠵᠢᠨ ᠤᠯᠤᠰ᠎ᠤᠨ ᠪᠠᠢ᠌ᠳᠠᠯ ᠮᠤᠵᠢ ᠵᠢᠨ ᠪᠠᠢ᠌ᠳᠠᠯ᠎ᠤᠨ ᠬᠥᠮᠦᠵᠢᠯ᠎ᠤᠨ ᠠᠵᠢᠯ᠎ᠢ ᠥᠷᠨᠢᠭᠦᠯᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠨᠠᠰᠤᠵᠢᠯ᠎ᠤᠨ ᠠᠵᠢᠯ᠎ᠤᠨ ᠦᠨᠳᠦᠰᠦᠨ ᠵᠢᠷᠤᠮᠯᠠᠯ᠂ ᠬᠥᠮᠥᠨ ᠠᠮᠠ ᠵᠢᠨ ᠨᠠᠰᠤᠵᠢᠯᠲᠠ ᠵᠢᠨ ᠪᠠᠢ᠌ᠳᠠᠯ᠂ ᠨᠠᠰᠤᠵᠢᠯᠲᠠ ᠵᠢᠨ ᠲᠥᠷᠥ ᠵᠢᠨ ᠪᠣᠳᠣᠯᠭ᠎ᠠ ᠳᠦᠷᠢᠮ᠎ᠤᠨ ᠰᠢᠰᠲ᠋ᠧᠮ᠂ ᠬᠥᠮᠥᠨ ᠠᠮᠠ ᠵᠢᠨ ᠨᠠᠰᠤᠵᠢᠯᠲᠠ ᠵᠢᠨ ᠠᠮᠵᠢᠯᠲᠠ ᠪᠦᠲᠦᠮᠵᠢ ᠵᠢ ᠠᠷᠭ᠋ᠠᠴᠠᠭ᠋ᠠᠬᠤ᠂ ᠲᠥᠷᠥᠯ ᠰᠠᠳᠤᠨ ᠵᠶ᠋ᠠᠨ ᠠᠴᠢᠯᠠᠵᠤ ᠨᠠᠰᠤᠲᠠᠨ ᠵᠶ᠋ᠠᠨ ᠬᠦᠨᠳᠦᠯᠡᠬᠦ ᠰᠣᠶᠣᠯ᠂ ᠰᠢᠨᠵᠢᠯᠡᠬᠦ ᠤᠬᠠᠭ᠋ᠠᠨ᠎ᠤ ᠨᠠᠰᠤᠵᠢᠯᠲᠠ ᠵᠢᠨ ᠣᠢ᠌ᠯᠠᠭ᠋ᠠᠭᠳᠠᠬᠤᠨ ᠵᠡᠷᠭᠡ 6 ᠲᠠᠯ᠎ᠠ ᠵᠢᠨ ᠲᠣᠭᠣᠷᠢᠨ᠎ᠳᠤ ᠤᠬᠠᠭᠤᠯᠭ᠎ᠠ ᠬᠥᠮᠦᠵᠢᠯ ᠥᠷᠨᠢᠭᠦᠯᠦᠨ᠎ᠡ ᠭᠡᠵᠦ ᠲᠣᠭᠲᠠᠭ᠋ᠠᠪᠠ᠃