ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.13
ᠨᠡᠶᠢᠲᠡᠯᠡᠭᠰᠡᠨ ᠴᠠᠭ᠄ 2024-12-13

ᠠᠷᠠᠳ᠎ᠤᠨ ᠶᠠᠪᠤᠳᠠᠯ᠎ᠤᠨ ᠶᠠᠮᠤᠨ


    ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ ᠤᠷᠴᠢᠮ᠎ᠳᠤ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ 10 ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠨᠡᠢ᠌ᠲᠡᠯᠡᠪᠡ᠃ ᠲᠣᠰ ᠤᠳᠠᠭ᠎ᠠ ᠨᠡᠢ᠌ᠲᠡᠯᠡᠭᠰᠡᠨ 《ᠳᠡᠯᠡᠬᠡᠢ ᠵᠢᠨ ᠰᠣᠶᠣᠯ᠎ᠤᠨ ᠬᠠᠮᠲᠤᠷᠠᠯᠴᠠᠭ᠋ᠠᠨ᠎ᠤ ᠬᠥᠭᠵᠢᠯᠲᠡ ᠵᠢᠨ ᠨᠡᠢ᠌ᠭᠡᠮᠯᠢᠭ》᠎ᠤᠨ ᠬᠡᠷᠡᠭ᠂ 《ᠳᠤᠮᠳᠠᠳᠤ ᠤᠯᠤᠰ᠎ᠤᠨ ᠨᠢᠭᠦᠯᠡᠰᠦᠩᠭᠦᠢ ᠵᠢᠨ ᠬᠣᠯᠪᠣᠭ᠋ᠠᠲᠤ ᠬᠤᠷᠠᠯ᠎ᠤᠨ ᠪᠧᠢ ᠬᠠᠢ ᠵᠢᠨ ᠨᠢᠭᠦᠯᠡᠰᠦᠩᠭᠦᠢ ᠵᠢᠨ ᠦᠢ᠍ᠯᠡᠴᠢᠯᠡᠭᠡᠨ᠎ᠤ ᠥᠷᠲᠡᠭᠡ》 ᠵᠢᠨ ᠬᠡᠷᠡᠭ ᠵᠡᠷᠭᠡ ᠪᠣᠯ ᠣᠷᠣᠨ ᠨᠤᠲᠤᠭ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠬᠠᠤᠯᠢ ᠶᠣᠰᠣᠭ᠋ᠠᠷ ᠪᠠᠢ᠌ᠴᠠᠭ᠋ᠠᠨ ᠰᠢᠢ᠍ᠳᠪᠦᠷᠢᠯᠡᠭᠰᠡᠨ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠡᠢ᠌ᠲᠡᠯᠢᠭ ᠵᠢᠱ᠌ᠢᠶ᠎ᠡ ᠪᠣᠯᠣᠨ᠎ᠠ᠃ ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ ᠬᠣᠯᠪᠣᠭᠳᠠᠯ ᠪᠦᠬᠦᠢ ᠪᠠᠢ᠌ᠭᠤᠯᠤᠮᠵᠢ ᠪᠠ ᠨᠡᠢ᠌ᠭᠡᠮ᠎ᠤᠨ ᠣᠯᠠᠨ ᠨᠡᠶ᠋ᠢᠲᠡ᠎ᠳᠤ᠄ 《ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠲᠠᠢ ᠬᠠᠮᠲᠤᠷᠠᠯᠴᠠᠭ᠎ᠠ ᠥᠷᠨᠢᠭᠦᠯᠬᠦ ᠪᠤᠶᠤ ᠲᠡᠳᠡᠨ᠎ᠤ ᠠᠵᠢᠯᠯᠠᠭ᠎ᠠ᠎ᠳᠤ ᠣᠷᠣᠯᠴᠠᠬᠤ᠎ᠳᠤ᠎ᠪᠠᠨ 〈ᠳᠤᠮᠳᠠᠳᠤ ᠤᠯᠤᠰ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ〉᠂ 〈ᠳᠤᠮᠳᠠᠳᠤ ᠤᠯᠤᠰ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠥᠳᠡᠯᠦᠩᠭᠦᠢ ᠪᠠᠢ᠌ᠳᠠᠯ〉᠎ᠤᠨ ᠵᠠᠰᠠᠭ᠎ᠤᠨ ᠶᠠᠪᠤᠳᠠᠯ᠎ᠤᠨ ᠸᠢᠴᠠᠲ ᠵᠶ᠋ᠠᠷ ᠳᠠᠮᠵᠢᠭᠤᠯᠤᠨ ᠪᠡᠶ᠎ᠡ ᠵᠢᠨ ᠭᠠᠷᠤᠯ᠎ᠢ ᠬᠢᠨᠠᠨ ᠬᠠᠷᠭᠤᠭᠤᠯᠵᠤ ᠪᠣᠯᠣᠨ᠎ᠠ᠃ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯᠯᠠᠭ᠎ᠠ ᠵᠢᠨ ᠰᠦᠪᠡᠭᠴᠢ ᠵᠢ ᠮᠡᠳᠡᠪᠡᠯ ᠲᠤᠬᠠᠢ ᠵᠢᠨ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠲᠤ ᠴᠠᠭ ᠲᠤᠬᠠᠢ᠎ᠳᠤ᠎ᠨᠢ ᠮᠡᠳᠡᠬᠦᠯᠤᠬᠡᠷᠡᠢ》 ᠭᠡᠵᠤ ᠰᠠᠨᠠᠭᠤᠯᠵᠤ ᠪᠠᠢ᠌ᠨ᠎ᠠ᠃


  ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ


   ᠬᠥᠬᠡᠬᠣᠲᠠ᠎ᠳᠤ ᠣᠲᠣ ᠠᠵᠢᠯ ᠲᠥᠷᠥᠯ᠎ᠤᠨ ᠨᠡᠢ᠌ᠭᠡᠮᠯᠢᠭ ᠬᠤᠳᠠᠯᠳᠤᠭ᠋ᠠᠨ᠎ᠤ ᠡᠪᠯᠡᠯ 257 ᠪᠣᠶ᠂ ᠡᠭᠦᠨ᠎ᠳᠤ ᠬᠡᠪᠴᠢᠶᠡᠵᠢᠯ ᠎ᠠᠴᠠ ᠳᠡᠭᠡᠭᠰᠢᠬᠢ ᠭᠡᠰᠢᠭᠦᠨ ᠠᠵᠤ ᠠᠬᠤᠢ᠌ᠯᠠᠯ᠎ᠤᠨ ᠨᠢᠬᠡᠴᠢ 470 ᠪᠣᠶ᠃ ᠡᠯ᠎ᠡ ᠠᠵᠢᠯ ᠲᠦᠷᠦᠯ᠎ᠤᠨ ᠨᠡᠢ᠌ᠭᠡᠮᠯᠢᠭ ᠬᠤᠳᠠᠯᠳᠤᠭ᠋ᠠᠨ᠎ᠤ ᠡᠪᠯᠡᠯ᠎ᠨᠢ ᠨᠡᠢ᠌ᠭᠡᠮ᠎ᠤᠨ ᠬᠠᠷᠢᠭᠤᠴᠠᠯᠭ᠋ᠠᠲᠤ ᠤᠬᠠᠮᠰᠠᠷ ᠵᠶ᠋ᠠᠨ ᠲᠠᠰᠤᠷᠠᠯᠲᠠ ᠦᠭᠡᠢ ᠴᠢᠩᠭ᠋ᠠᠳᠬᠠᠵᠤ᠂ ᠰᠣᠯᠢᠯᠴᠠᠭ᠎ᠠ ᠬᠠᠮᠲᠤᠷᠠᠯᠴᠠᠭ᠋ᠠᠨ᠎ᠤ ᠲᠠᠪᠴᠠᠩ ᠪᠠ ᠬᠠᠩᠭ᠋ᠠᠯᠭ᠎ᠠ ᠬᠡᠷᠡᠭᠴᠡᠭᠡ ᠵᠢ ᠵᠣᠯᠭ᠋ᠠᠭᠤᠯᠬᠤ ᠲᠠᠪᠴᠠᠩ᠎ᠢ 19 ᠪᠠᠢ᠌ᠭᠤᠯᠵᠤ᠂ ᠤᠷᠢᠵᠤ ᠡᠯᠰᠡᠬᠦ ᠬᠤᠷᠠᠯ᠂ ᠵᠣᠯᠭ᠋ᠠᠭᠤᠯᠬᠤ ᠬᠤᠷᠠᠯ ᠵᠡᠷᠭᠡ ᠠᠷᠭ᠎ᠠ᠎ᠪᠠᠷ  ᠠᠵᠢᠯ ᠲᠦᠷᠦᠯ᠎ᠤᠨ ᠠᠵᠤ ᠠᠬᠤᠢ᠌ᠯᠠᠯ᠎ᠢ ᠬᠠᠪᠰᠤᠷᠤᠨ 3930 ᠬᠥᠮᠥᠨ᠎ᠳᠤ ᠠᠵᠢᠯ ᠣᠯᠭᠣᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠎ᠳᠤ ᠪᠦᠲᠦᠮᠵᠢᠲᠡᠶ᠎ᠪᠠᠷ ᠬᠦᠴᠦᠨ ᠨᠡᠮᠡᠷᠢᠯᠡᠪᠡ᠃
   ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠦᠨᠤ ᠵᠢᠯ ᠪᠠᠭᠤᠯᠭ᠋ᠠᠬᠤ ᠪᠠ ᠬᠠᠮᠢᠶᠠᠷᠬᠤ ᠵᠢ ᠵᠡᠷᠭᠡ᠎ᠪᠠᠷ ᠴᠢᠬᠤᠯᠠᠴᠢᠯᠠᠬᠤ ᠵᠢ ᠪᠠᠷᠢᠮᠲᠠᠯᠠᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠵᠢᠷᠤᠮᠵᠢᠭᠤᠨ ᠬᠠᠮᠢᠶᠠᠷᠤᠯᠲᠠ ᠵᠢ ᠠᠬᠢᠭᠤᠯᠪᠠ᠃ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠳᠡᠩᠰᠡᠯᠡᠨ ᠬᠠᠮᠢᠶᠠᠷᠬᠤ ᠪᠠ ᠣᠨ᠎ᠤ ᠪᠠᠢ᠌ᠴᠠᠭ᠋ᠠᠯᠲᠠ ᠵᠢᠨ ᠠᠵᠢᠯ᠎ᠢ ᠥᠷᠨᠢᠭᠦᠯᠵᠦ᠂ ᠣᠨ᠎ᠤ ᠪᠠᠢ᠌ᠴᠠᠭ᠋ᠠᠯᠲᠠ ᠵᠢᠨ ᠨᠣᠷᠮ᠎ᠠ ᠵᠢ 80%᠎ᠠᠴᠠ ᠳᠡᠭᠡᠭᠰᠢ᠎ᠳᠤ ᠬᠦᠷᠤᠬᠦᠯᠪᠡ᠃ ᠠᠵᠢᠯ ᠲᠦᠷᠦᠯ᠎ᠤᠨ ᠨᠡᠢ᠌ᠭᠡᠮᠯᠢᠭ ᠬᠤᠳᠠᠯᠳᠤᠭ᠋ᠠᠨ᠎ᠤ ᠡᠪᠯᠡᠯ᠎ᠤᠨ ᠰᠦᠢ᠍ᠳᠬᠡᠯ ᠬᠤᠷᠢᠶᠠᠬᠤ ᠠᠵᠢᠯᠯᠠᠭ᠎ᠠ ᠵᠢ ᠦᠷᠭᠦᠯᠵᠢᠯᠡᠨ ᠵᠢᠷᠤᠮᠵᠢᠭᠤᠯᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠴᠣᠬᠢᠯᠲᠠ ᠥᠭᠴᠦ ᠲᠡᠭᠦᠨ᠎ᠢ ᠴᠡᠭᠴᠡᠯᠡᠨ ᠵᠠᠰᠠᠬᠤ ᠵᠡᠷᠭᠡ ᠲᠤᠰᠬᠠᠢ ᠠᠵᠢᠯᠯᠠᠭ᠎ᠠ ᠵᠢ ᠪᠠᠢ᠌ᠩᠭᠤᠵᠢᠭᠤᠯᠤᠨ ᠦᠷᠨᠢᠬᠦᠯᠤᠬᠡᠳ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠰᠦᠪᠡᠭᠴᠢ ᠵᠢ1  ᠰᠢᠢ᠍ᠳᠪᠦᠷᠢᠯᠡᠵᠦ᠂ ᠠᠵᠤ ᠠᠬᠤᠢ᠌ᠯᠠᠯ᠎ᠤᠨ ᠨᠡᠢ᠌ᠭᠡᠮᠯᠢᠭ᠎ᠤᠨ ᠰᠦᠢ᠍ᠳᠬᠡᠯ᠎ᠤᠨ ᠵᠣᠭᠣᠰ᠎ᠤᠨ ᠲᠣᠭ᠎ᠠ ᠵᠢ 12 ᠲᠦᠮᠡᠨ ᠲᠥᠭᠥᠷᠢᠭ   ᠬᠡᠯᠲᠦᠷᠢᠭᠦᠯᠪᠡ᠃


ᠨᠡᠢ᠌ᠭᠡᠮ᠎ᠤᠨ  ᠶᠠᠪᠤᠳᠠᠯ


    ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ 《520》 《ᠪᠢᠯᠢᠭ᠎ᠤᠨ ᠤᠯᠠᠷᠢᠯ᠎ᠤᠨ ᠳᠣᠯᠣᠭ᠋ᠠᠨ ᠰᠠᠷ᠎ᠠ ᠵᠢᠨ ᠳᠣᠯᠣᠭ᠋ᠠᠨ》 ᠵᠡᠷᠭᠡ ᠤᠷᠤᠭ ᠲᠠᠡᠭᠰᠠᠯᠠᠭᠤᠯᠬᠤ ᠣᠷᠭᠢᠯ ᠦᠶ᠎ᠡ᠎ᠳᠤ ᠡᠯ᠎ᠡ ᠬᠣᠰᠢᠭᠤ ᠬᠣᠲᠠ ᠲᠣᠭᠣᠷᠢᠭ᠎ᠢ ᠵᠣᠬᠢᠶᠠᠨ ᠪᠠᠢ᠌ᠭᠤᠯᠤᠨ ᠳᠤᠭᠤᠢ ᠤᠨᠤᠵᠤ ᠬᠠᠮᠲᠤ ᠵᠢᠨ ᠬᠤᠷᠢᠮ᠎ᠤᠨ ᠶᠣᠰᠣᠯᠠᠯ ᠬᠢᠬᠦ᠂ ᠴᠠᠭ ᠦᠶ᠎ᠡ ᠵᠢᠨ ᠦᠵᠡᠭᠦᠯᠦᠯᠭᠡ ᠵᠢᠨ ᠬᠠᠮᠲᠤ ᠵᠢᠨ ᠬᠤᠷᠢᠮ᠎ᠤᠨ ᠶᠣᠰᠣᠯᠠᠯ᠂ ᠨᠠᠶᠠᠭ᠋ᠠᠳ ᠣᠨ᠎ᠤ ᠬᠥᠳᠡᠭᠡ ᠲᠣᠰᠬᠣᠨ᠎ᠤ ᠬᠤᠷᠢᠮ᠎ᠤᠨ ᠶᠣᠰᠣᠯᠠᠯ᠂ ᠲᠠᠯ᠎ᠠ ᠨᠤᠲᠤᠭ᠎ᠤᠨ ᠬᠠᠮᠲᠤ ᠵᠢᠨ ᠬᠤᠷᠢᠮ᠎ᠤᠨ ᠶᠣᠰᠣᠯᠠᠯ᠂ ᠬᠠᠮᠲᠤ ᠵᠢᠨ ᠬᠤᠷᠢᠮ᠎ᠤᠨ ᠶᠣᠰᠣᠯᠠᠯ᠎ᠳᠤ ᠮᠤᠷᠢ᠎ᠪᠠᠷ ᠤᠷᠤᠯᠴᠠᠬᠤ ᠵᠡᠷᠭᠡ ᠲᠣᠰ ᠲᠣᠰ᠎ᠤᠨ ᠣᠨᠴᠠᠯᠢᠭ᠎ᠲᠠᠢ ᠬᠠᠮᠲᠤ ᠵᠢᠨ ᠬᠤᠷᠢᠮ᠎ᠤᠨ ᠶᠣᠰᠣᠯᠠᠯ᠎ᠢ ᠨᠡᠶ᠋ᠢᠲᠡ 20 ᠭᠠᠷᠤᠢ ᠲᠠᠯᠠᠪᠤᠷ ᠡᠷᠭᠢᠯᠡᠵᠦ᠂ ᠣᠷᠣᠯᠴᠠᠭᠰᠠᠨ ᠬᠥᠮᠥᠨ᠎ᠤ ᠲᠣᠭ᠎ᠠ᠎ᠨᠢ ᠨᠡᠶ᠋ᠢᠲᠡ 2000 ᠰᠢᠬᠠᠮ ᠪᠤᠯᠵᠤ᠂ ᠬᠠᠮᠲᠤ ᠵᠢᠨ ᠬᠤᠷᠢᠮ᠎ᠤᠨ ᠶᠣᠰᠣᠯᠠᠯ᠎ᠤᠨ ᠰᠢᠨ᠎ᠡ ᠵᠢ  ᠡᠭᠦᠳᠴᠦ᠂ ᠬᠤᠷᠢᠮ᠎ᠤᠨ ᠶᠣᠰᠣᠯᠠᠯ᠎ᠳᠤ ᠰᠢᠨ᠎ᠡ ᠠᠭᠤᠯᠬᠤᠨ ᠨᠡᠮᠡᠷᠢᠯᠡᠪᠡ᠃


   ᠣᠷᠣᠨ᠎ᠤ ᠭᠠᠳᠠᠨᠠᠬᠢ ᠮᠡᠳᠡᠭᠡ ᠵᠠᠩᠭᠢ


   ᠭᠦᠢ᠍ᠵᠧᠦ ᠮᠤᠵᠢ ᠵᠢᠨ᠎ᠬᠢᠨ ᠤᠷᠴᠢᠮ᠎ᠳᠤ ᠪᠥᠬᠥ ᠮᠤᠵᠢ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠵᠢᠷᠤᠮᠵᠢᠭᠰᠠᠨ ᠪᠠᠢ᠌ᠭᠤᠯᠤᠯᠲᠠ ᠪᠠ ᠴᠢᠨᠠᠷᠯᠢᠭ ᠬᠥᠭᠵᠢᠯᠲᠡ ᠵᠢ ᠠᠬᠢᠭᠤᠯᠬᠤ ᠬᠤᠷᠠᠯ ᠬᠤᠷᠠᠯᠳᠤᠭᠤᠯᠪᠠ᠃ ᠬᠤᠷᠠᠯ ᠲᠡᠬᠡᠷ᠎ᠡ᠄ 《ᠡᠨᠡ ᠵᠢᠯ᠎ᠤᠨ 12 ᠰᠠᠷ᠎ᠠ᠎ᠠᠴᠠ ᠬᠤᠢ᠌ᠳᠤᠨ ᠵᠢᠯ᠎ᠤᠨ 12 ᠰᠠᠷ᠎ᠠ ᠵᠢᠨ ᠰᠡᠭᠦᠯᠴᠢ ᠪᠣᠯᠲᠠᠯ᠎ᠠ ᠪᠦᠬᠦ ᠮᠤᠵᠢ᠎ᠪᠠᠷ ᠵᠶ᠋ᠠᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠵᠢᠷᠤᠮᠵᠢᠭᠤᠯᠬᠤ ᠪᠠᠢ᠌ᠭᠤᠯᠤᠯᠲᠠ ᠵᠢᠨ ᠲᠤᠰᠬᠠᠢ ᠠᠵᠢᠯᠯᠠᠭ᠋ᠠᠨ᠎ᠤ ᠠᠵᠢᠯ᠎ᠢ ᠥᠷᠨᠢᠭᠦᠯᠵᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠳᠠᠩᠰᠠᠯᠠᠯ᠎ᠢ ᠵᠢᠷᠤᠮᠵᠢᠭᠤᠯᠬᠤ ᠪᠠᠢ᠌ᠭᠤᠯᠤᠯᠲᠠ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠵᠠᠰᠠᠯᠲᠠ ᠵᠢ ᠵᠢᠷᠤᠮᠵᠢᠭᠤᠯᠬᠤ ᠪᠠᠢ᠌ᠭᠤᠯᠤᠯᠲᠠ᠂ ᠨᠡᠢ᠌ᠭᠡᠮ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠢᠨᠠᠯᠲᠠ ᠬᠠᠮᠢᠶᠠᠷᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠴᠢᠳᠠᠪᠤᠷᠢ ᠵᠢ ᠳᠡᠭᠡᠭᠰᠢᠯᠡᠭᠦᠯᠬᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢᠨ ᠪᠠᠢ᠌ᠭᠤᠯᠤᠯᠲᠠ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠰᠣᠶᠣᠯ᠎ᠤᠨ ᠪᠠᠢ᠌ᠭᠤᠯᠤᠯᠲᠠ ᠵᠢ ᠳᠡᠭᠡᠭᠰᠢᠯᠡᠭᠦᠯᠬᠦ ᠵᠡᠷᠭᠡ 6 ᠠᠵᠢᠯᠯᠠᠭ᠎ᠠ ᠵᠢᠨ 17 ᠵᠦᠢ᠍ᠯ᠎ᠤᠨ ᠡᠭᠦᠷᠭᠡ᠎ᠪᠠᠷ ᠳᠠᠮᠵᠢᠭᠤᠯᠤᠨ᠂ ᠪᠦᠬᠦ ᠮᠤᠵᠢ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠡᠪᠴᠢᠶ᠎ᠡ᠎ᠨᠢ ᠵᠣᠬᠢᠰᠲᠠᠢ᠂ ᠪᠦᠲᠦᠴᠡ᠎ᠨᠢ ᠵᠣᠬᠢᠰᠲᠠᠢ᠂ ᠵᠠᠰᠠᠯᠲᠠ᠎ᠨᠢ ᠪᠦᠲᠦᠮᠵᠢᠲᠡᠶ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠥᠭᠵᠢᠯᠲᠡ ᠵᠢᠨ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠵᠡᠷᠭᠡ ᠬᠠᠷᠠᠯᠲᠠ ᠵᠢ ᠪᠡᠶᠡᠯᠡᠬᠦᠯᠬᠦ ᠪᠤᠯᠤᠨ᠎ᠠ᠃


 


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.16
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.17
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.18
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.19
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.20
 
            