ᠠᠷᠠᠳ᠎ᠤᠨ ᠶᠠᠪᠤᠳᠠᠯ᠎ᠤᠨ ᠶᠠᠮᠤᠨ
ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠲᠥᠪ᠎ᠤᠨ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶ᠎ᠠ᠂ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠰᠤᠷᠭ᠋ᠠᠨ ᠬᠥᠮᠦᠵᠢᠯ᠎ᠤᠨ ᠶᠠᠮᠤᠨ᠂ ᠠᠷᠠᠳ᠎ᠤᠨ ᠶᠠᠪᠤᠳᠠᠯ᠎ᠤᠨ ᠶᠠᠮᠤᠨ ᠵᠡᠷᠭᠡ 9 ᠰᠠᠯᠠᠭ᠎ᠠ ᠮᠥᠴᠢᠷ᠎ᠤᠨ᠎ᠬᠢᠨ ᠤᠷᠴᠢᠮ᠎ᠳᠤ ᠬᠠᠮᠲᠤᠷᠠᠨ 《ᠭᠡᠷ ᠪᠦᠯᠢ ᠵᠢᠨ ᠬᠦᠴᠦᠷᠬᠡᠭᠯᠡᠯ᠎ᠢ ᠰᠡᠷᠡᠮᠵᠢᠯᠡᠭᠦᠯᠬᠦ ᠳᠦᠷᠢᠮ᠎ᠢ ᠲᠤᠭᠤᠰᠢᠯᠠᠭᠤᠯᠤᠨ ᠬᠡᠷᠡᠭᠵᠢᠭᠦᠯᠬᠦ ᠵᠢ ᠴᠢᠩᠭ᠋ᠠᠳᠬᠠᠬᠤ ᠲᠤᠬᠠᠢ ᠰᠠᠨᠠᠯ》᠎ᠢ ᠳᠠᠷᠤᠮᠠᠯᠯᠠᠨ ᠲᠠᠷᠬᠠᠭ᠋ᠠᠪᠠ᠃ ᠰᠠᠨᠠᠯ᠎ᠳᠤ᠄ 《 ᠰᠤᠷᠭ᠋ᠠᠨ ᠬᠥᠮᠦᠵᠢᠯ᠂ ᠡᠷᠡᠭᠦᠯ ᠬᠠᠮᠠᠭ᠋ᠠᠯᠠᠯ᠂ ᠠᠷᠠᠳ᠎ᠤᠨ ᠶᠠᠪᠤᠳᠠᠯ ᠵᠡᠷᠭᠡ ᠰᠠᠯᠠᠭ᠎ᠠ ᠮᠥᠴᠢᠷ᠎ᠤᠨ᠎ᠬᠢᠨ ᠭᠡᠷ ᠪᠦᠯᠢ ᠵᠢᠨ ᠬᠦᠴᠦᠷᠬᠡᠭᠯᠡᠯ᠎ᠢ ᠡᠰᠡᠷᠭᠦᠴᠡᠬᠦ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ᠎ᠢ ᠴᠢᠩᠭ᠋ᠠᠳᠬᠠᠵᠤ᠂ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ᠂ ᠡᠮᠴᠢᠯᠡᠭᠡᠨ᠎ᠤ ᠪᠠᠢ᠌ᠭᠤᠯᠤᠮᠵᠢ᠂ ᠰᠠᠭᠤᠭ᠋ᠠᠯᠢ ᠠᠷᠠᠳ᠎ᠤᠨ ᠵᠥᠪᠯᠡᠯ᠂ ᠲᠣᠰᠬᠣᠨ᠎ᠤ ᠠᠷᠠᠳ᠎ᠤᠨ ᠵᠥᠪᠯᠡᠯ᠂ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ᠂ ᠲᠤᠰᠠᠯᠠᠮᠵᠢ ᠵᠢᠨ ᠬᠠᠮᠢᠶᠠᠷᠤᠯᠲᠠ ᠵᠢᠨ ᠪᠠᠢ᠌ᠭᠤᠯᠤᠮᠵᠢ᠂ ᠠᠰᠠᠷᠠᠮᠵᠢ ᠵᠢᠨ ᠪᠠᠢ᠌ᠭᠤᠯᠤᠮᠵᠢ᠂ ᠨᠠᠰᠤᠨ᠎ᠳᠤ ᠥᠯᠥ ᠭᠦᠷᠦᠭᠰᠡᠳ᠎ᠢ ᠠᠪᠤᠷᠠᠨ ᠲᠤᠰᠠᠯᠠᠵᠤ ᠬᠠᠮᠠᠭ᠋ᠠᠯᠠᠬᠤ ᠪᠠᠢ᠌ᠭᠤᠯᠤᠮᠵᠢ ᠪᠠ ᠲᠡᠭᠦᠨ᠎ᠤ ᠠᠵᠢᠯᠲᠠᠨ᠎ᠤ ᠠᠯᠪᠠᠳᠠᠯᠭ᠎ᠠ᠎ᠪᠠᠷ ᠮᠡᠳᠡᠭᠦᠯᠬᠦ ᠳᠦᠷᠢᠮ᠎ᠢ ᠨᠠᠢ᠌ᠳᠠᠪᠤᠷᠢᠵᠢᠭᠤᠯᠬᠤ ᠵᠢ ᠱᠠᠭ᠋ᠠᠷᠳᠠᠨ ᠵᠢᠯᠤᠭᠣᠳᠬᠤ ᠬᠡᠷᠡᠭᠲᠡᠢ》 ᠭᠡᠵᠤ ᠲᠣᠭᠲᠠᠭ᠋ᠠᠭᠰᠠᠨ ᠠᠵᠢ᠃
ᠨᠠᠰᠤᠵᠢᠯ᠎ᠤᠨ ᠦᠢ᠍ᠯᠡᠴᠢᠯᠡᠭᠡ
ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠣᠯᠠᠨ ᠡᠰᠢᠲᠦ ᠪᠡᠯᠡ ᠴᠤᠭᠯᠠᠭᠤᠯᠬᠤ ᠲᠣᠭᠲᠠᠴᠠ ᠵᠢ ᠪᠠᠢ᠌ᠭᠤᠯᠵᠤ᠂ ᠨᠢᠭᠡᠨᠲᠡ ᠪᠠᠢ᠌ᠭ᠎ᠠ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠦᠬᠦᠬᠡᠷᠤᠮᠵᠢ ᠵᠢᠨ ᠰᠠᠭᠤᠷᠢᠨ ᠳᠡᠭᠡᠷ᠎ᠡ ᠰᠢᠬᠢᠳᠬᠡᠬᠡᠷᠢ ᠮᠠᠶᠢᠭ᠎ᠤᠨ ᠨᠠᠰᠤᠳᠠᠢ᠌ᠴᠤᠳ᠎ᠤᠨ ᠬᠣᠭᠣᠯᠠᠨ ᠲᠢᠩᠬᠢᠮ ᠪᠠᠶ᠋ᠢᠭᠤᠯᠬᠤ᠂ ᠰᠤᠯᠠ ᠪᠠᠢ᠌ᠬᠤ ᠭᠡᠷ ᠪᠠᠢ᠌ᠰᠢᠩ᠎ᠢ ᠥᠭᠡᠷᠡᠴᠢᠯᠡᠵᠦ ᠥᠷᠭᠡᠳᠬᠡᠨ ᠪᠠᠶ᠋ᠢᠭᠤᠯᠬᠤ᠂ ᠪᠤᠴᠠᠭ᠋ᠠᠨ ᠬᠤᠳᠠᠯᠳᠤᠨ ᠠᠪᠴᠤ ᠪᠤᠴᠠᠭ᠋ᠠᠨ ᠲᠦᠷᠢᠶᠡᠰᠦᠯᠡᠬᠦ᠂ ᠭᠡᠷ᠎ᠡ ᠲᠣᠭᠲᠠᠨ ᠬᠣᠯᠪᠣᠭ᠋ᠠᠯᠠᠵᠤ ᠬᠠᠮᠲᠤᠷᠠᠯᠴᠠᠬᠤ ᠵᠡᠷᠭᠡ ᠣᠯᠠᠨ ᠠᠷᠭ᠎ᠠ ᠪᠠᠷ 295 ᠨᠠᠰᠤᠲᠠᠢ᠌ᠴᠤᠳ᠎ᠲᠤ ᠲᠤᠰᠠᠯᠠᠬᠤ ᠬᠣᠭᠣᠯᠠᠨ ᠴᠡᠭ᠎ᠢ ᠰᠢᠨ᠎ᠡ᠎ᠪᠠᠷ ᠪᠠᠢ᠌ᠭᠤᠯᠵᠤ᠂ ᠨᠠᠰᠤᠲᠠᠢ᠌ᠴᠤᠳ᠎ᠤᠨ ᠬᠣᠭᠣᠯᠠ ᠢᠳᠡᠬᠦ᠎ᠳᠤ ᠤᠯᠠᠮ ᠲᠦᠬᠦᠮ ᠦᠵᠡᠬᠦᠯᠪᠡ᠃ ᠣᠳᠣᠬᠠᠨ᠎ᠳᠤ ᠪᠥᠬᠥ ᠬᠣᠲᠠ ᠵᠢᠨ ᠨᠠᠰᠤᠲᠠᠢ᠌ᠴᠤᠳ᠎ᠲᠤ ᠵᠣᠷᠢᠭᠤᠯᠤᠭᠰᠠᠨ ᠬᠣᠭᠣᠯᠠᠨ ᠭᠡᠷ᠂ ᠨᠠᠰᠤᠳᠠᠢ᠌ᠴᠤᠳ᠎ᠤᠨ ᠬᠤᠭᠤᠯᠨ ᠤᠮᠳᠠ᠎ᠳᠤ ᠲᠤᠰᠠᠯᠠᠬᠤ ᠬᠤᠭᠤᠯᠠᠨ ᠬᠡᠷ ᠨᠡᠶ᠋ᠢᠲᠡ 358 ᠪᠣᠯᠵᠤ᠂ ᠬᠣᠲᠠ ᠵᠢᠨ 《ᠨᠢᠭᠡ ᠮᠥᠴᠡ ᠵᠢᠨ ᠲᠤᠳᠤᠷᠠᠬᠢ》 ᠠᠷᠠᠳ᠎ᠲᠤ ᠲᠥᠬᠥᠮ ᠦᠵᠡᠭᠦᠯᠬᠦ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠣᠭᠣᠷᠢᠭ᠎ᠤᠨ ᠨᠠᠰᠤᠲᠠᠢ᠌ᠴᠤᠳ᠎ᠲᠤ ᠵᠣᠷᠢᠭᠤᠯᠤᠭᠰᠠᠨ ᠬᠣᠭᠣᠯᠠᠨ ᠭᠡᠷ ᠪᠦᠬᠦᠨ᠎ᠢ ᠬᠠᠮᠤᠷᠬᠤ ᠵᠢ ᠪᠡᠶᠡᠯᠡᠭᠦᠯᠪᠡ᠃
ᠬᠡᠦᠬᠡᠳ᠎ᠤᠨ ᠠᠰᠠᠷᠠᠮᠵᠢ
ᠬᠥᠯᠥᠨ ᠪᠣᠶ᠋ᠢᠷ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠡᠷᠭᠡ 21 ᠰᠠᠯᠠᠭ᠎ᠠ ᠮᠥᠴᠢᠷ᠎ᠤᠨ᠎ᠬᠢᠨ ᠤᠷᠴᠢᠮ᠎ᠳᠤ ᠬᠠᠮᠲᠤᠷᠠᠨ 《ᠬᠥᠯᠥᠨ ᠪᠣᠶ᠋ᠢᠷ ᠬᠣᠲᠠ ᠵᠢᠨ ᠨᠡᠭᠦᠳᠡᠯ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯᠯᠠᠭ᠎ᠠ ᠵᠢ ᠴᠢᠩᠭ᠋ᠠᠳᠬᠠᠬᠤ ᠬᠡᠷᠡᠭᠵᠢᠭᠦᠯᠬᠦ ᠲᠥᠰᠥᠯ》 ᠪᠤᠯᠤᠨ ᠬᠥᠯᠥᠨ ᠪᠣᠶ᠋ᠢᠷ ᠬᠣᠲᠠ ᠵᠢᠨ ᠨᠡᠭᠦᠳᠡᠯ ᠬᠡᠦᠬᠡᠳ᠎ᠢ ᠬᠠᠯᠠᠮᠵᠢᠯᠠᠨ ᠬᠠᠢ᠌ᠷᠠᠯᠠᠬᠤ ᠦᠢ᠍ᠯᠡᠴᠢᠯᠡᠭᠡᠨ᠎ᠤ ᠰᠠᠭᠤᠷᠢ ᠨᠠᠷᠢᠨ ᠳᠠᠩᠰᠠ ᠵᠢ ᠲᠣᠭᠲᠠᠭ᠋ᠠᠪᠠ᠃ ᠨᠠᠷᠢᠨ ᠲᠠᠩᠰᠠ᠎ᠨᠢ ᠨᠢᠯᠬ᠎ᠠ ᠬᠡᠦᠬᠡᠳ᠎ᠲᠤ ᠰᠠᠭᠤᠬᠤ ᠴᠡᠴᠡᠷᠯᠢᠭ᠎ᠲᠠᠢ᠂ ᠰᠤᠷᠤᠯᠴᠠᠬᠤ᠎ᠠᠴᠠ ᠰᠤᠷᠭ᠋ᠠᠨ ᠬᠥᠮᠦᠵᠢᠯ᠎ᠲᠠᠢ᠂ ᠡᠪᠡᠳᠴᠢᠯᠡᠪᠡᠯ ᠡᠮᠨᠡᠯᠭᠡ᠎ᠲᠠᠢ᠂ ᠰᠠᠭᠤᠬᠤ᠎ᠠᠴᠠ ᠣᠷᠣᠨ ᠰᠠᠭᠤᠴᠠ᠎ᠲᠠᠢ᠂ ᠪᠠᠭᠤᠷᠠᠢ᠌ᠴᠤᠤᠯᠳᠤ ᠲᠡᠳᠬᠦᠮᠵᠢ᠎ᠲᠠᠢ᠂ ᠨᠠᠰᠤᠨ᠎ᠳᠤ ᠦᠯᠤ ᠬᠦᠷᠦᠭᠰᠡᠳ ᠪᠠᠲᠤᠯᠠᠭ᠎ᠠ᠎ᠲᠠᠢ ᠵᠡᠷᠭᠡ 6 ᠲᠠᠯ᠎ᠠ᠎ᠠᠴᠠ 22 ᠦᠢ᠍ᠯᠡᠴᠢᠯᠡᠭᠡᠨ᠎ᠤ ᠠᠭᠤᠯᠭ᠎ᠠ ᠵᠢ ᠪᠦᠷᠢᠯᠳᠦᠭᠦᠯᠵᠦ᠂ ᠨᠡᠭᠦᠳᠡᠯ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠢ ᠲᠠᠰᠤᠷᠠᠯᠲᠠ ᠦᠭᠡᠢ ᠴᠢᠩᠭ᠋ᠠᠳᠬᠠᠨ᠂ ᠨᠡᠭᠦᠳᠡᠯ ᠬᠡᠦᠬᠡᠳ᠎ᠲᠤ ᠴᠢᠨᠠᠷᠵᠢᠭᠤᠨ᠂ ᠡᠷᠬᠡ ᠠᠰᠢᠭ᠎ᠤᠨ ᠪᠠᠲᠤᠯᠠᠭ᠎ᠠ ᠪᠠ ᠬᠠᠯᠠᠮᠵᠢᠯᠠᠬᠤ ᠦᠢ᠍ᠯᠡᠴᠢᠯᠡᠭᠡ ᠵᠢ ᠠᠳᠠᠯᠢ ᠲᠡᠭᠰᠢ᠎ᠪᠠᠷ ᠡᠳ᠋ᠯᠡᠭᠦᠯᠬᠦ ᠵᠢ ᠠᠬᠢᠭᠤᠯᠪᠠ᠃
11 ᠳ᠋ᠤᠬᠡᠷ ᠰᠠᠷ᠎ᠠ ᠵᠢᠨ ᠰᠡᠭᠦᠯᠴᠢ ᠪᠣᠯᠲᠠᠯ᠎ᠠ ᠣᠷᠳᠣᠰ ᠬᠣᠲᠠ ᠵᠢᠨ᠎ᠬᠢᠨ 10 ᠡᠪᠡᠳᠴᠢᠨ᠎ᠲᠠᠢ ᠬᠡᠦᠬᠡᠳ᠎ᠲᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ 《ᠵᠢᠭᠦᠷ ᠤᠷᠭᠤᠭᠤᠯᠬᠤ ᠲᠥᠯᠥᠪᠯᠡᠭᠡ》 ᠲᠤᠰᠠᠯᠠᠮᠵᠢ ᠵᠢᠨ ᠲᠥᠷᠥᠯ ᠵᠦᠢ᠍ᠯ᠎ᠢ ᠠᠮᠵᠢᠯᠲᠠ᠎ᠲᠠᠢ᠎ᠪᠠᠷ ᠣᠯᠵᠤ ᠥᠭᠴᠡᠢ᠃ ᠡᠭᠦᠨ᠎ᠳᠤ ᠬᠦᠴᠢᠷᠳᠡᠯ᠎ᠳᠤ ᠲᠤᠯᠭ᠋ᠠᠷᠠᠭᠰᠠᠨ 2 ᠬᠡᠦᠬᠡᠳ᠎ᠢ ᠲᠣᠭᠲᠠᠮᠠᠯ ᠴᠡᠭ᠎ᠤᠨ ᠡᠮᠨᠡᠯᠭᠡ ᠵᠢᠨ ᠬᠣᠷᠢᠶ᠎ᠠ᠎ᠳᠤ ᠲᠥᠷᠥᠯᠬᠢ ᠵᠢᠷᠦᠬᠡᠨ ᠡᠪᠡᠳᠴᠢᠨ᠎ᠤ ᠮᠡᠰᠡ ᠵᠠᠰᠠᠯ ᠵᠶ᠋ᠠᠷ ᠡᠮᠡᠨᠡᠬᠦᠯᠤᠬᠡᠳ᠂ ᠴᠢᠰᠤ ᠴᠠᠢ᠌ᠬᠤ ᠡᠪᠡᠳᠴᠢᠨ᠂ ᠪᠥᠭᠡᠷᠡᠨ ᠡᠪᠡᠳᠴᠢᠨ᠎ᠲᠠᠢ 8 ᠬᠡᠦᠬᠡᠳ᠎ᠲᠤ ᠲᠥᠷᠥᠯ ᠵᠦᠢ᠍ᠯ᠎ᠤᠨ ᠲᠤᠰᠠᠯᠠᠮᠵᠢ ᠵᠢᠨ ᠮᠥᠩᠭᠥ 21.6 ᠲᠦᠮᠡ ᠭᠠᠷᠤᠢ ᠲᠥᠭᠥᠷᠢᠭ ᠭᠥᠷᠳᠡᠪᠡ᠃
ᠨᠢᠬᠦᠯᠡᠰᠤᠡᠭᠭᠦᠢ ᠵᠢᠨ ᠦᠢ᠍ᠯᠡᠰ
ᠰᠢᠯᠢ ᠵᠢᠨ ᠭᠣᠣᠯ ᠠᠢ᠌ᠮᠠᠭ᠎ᠨᠢ ᠨᠡᠢ᠌ᠭᠡᠮ᠎ᠤᠨ ᠠᠵᠢᠯ᠎ᠤᠨ ᠥᠷᠲᠡᠭᠡ᠎ᠪᠠᠷ ᠲᠠᠪᠴᠠᠩ ᠪᠣᠯᠭ᠋ᠠᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠠ ᠨᠡᠢ᠌ᠭᠡᠮ᠎ᠤᠨ ᠠᠵᠢᠯ᠎ᠤᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠵᠢᠯᠤᠭᠣᠳᠴᠤ᠂ 《 ᠨᠠᠰᠤᠳᠠᠳ ᠬᠡᠤᠬᠡᠳ 》 ᠵᠢᠨ ᠲᠣᠭᠣᠷᠢᠨ᠎ᠳᠤ ᠬᠦᠴᠢᠷᠳᠡᠯᠲᠡᠢ ᠣᠯᠠᠨ ᠲᠦᠮᠡᠨ ᠪᠠ ᠬᠡᠷᠡᠭᠴᠡᠭᠡ ᠱᠠᠭ᠋ᠠᠷᠳᠠᠯᠭ᠎ᠠ᠎ᠲᠠᠢ ᠰᠠᠭᠤᠭ᠋ᠠᠯᠢ ᠠᠷᠠᠳ᠎ᠲᠤ ᠨᠡᠢ᠌ᠭᠡᠮ ᠲᠣᠭᠣᠷᠢᠭ᠎ᠤᠨ ᠬᠠᠷᠠᠭ᠋ᠠᠯᠵᠠᠨ ᠠᠰᠠᠷᠠᠬᠤ᠂ ᠨᠡᠢ᠌ᠭᠡᠮ ᠲᠣᠭᠣᠷᠢᠭ᠎ᠲᠤ ᠠᠭᠤᠰᠤᠯᠴᠠᠬᠤ᠂ ᠰᠡᠳᠬᠢᠴᠡ ᠵᠢᠨ ᠵᠢᠯᠣᠭᠣᠳᠤᠯᠭ᠎ᠠ᠂ ᠤᠷᠮ᠎ᠠ ᠵᠢ᠎ᠨᠢ ᠲᠡᠳᠬᠦᠬᠦ ᠵᠡᠷᠭᠡ ᠨᠡᠢ᠌ᠭᠡᠮ᠎ᠤᠨ ᠲᠤᠰᠬᠠᠢ ᠠᠵᠢᠯ᠎ᠤᠨ ᠦᠢ᠍ᠯᠡᠴᠢᠯᠡᠭᠡ ᠵᠢ ᠭᠣᠣᠯᠳᠠᠯᠭ᠎ᠠ᠎ᠲᠠᠢ ᠬᠠᠡᠭᠭ᠋ᠠᠭ᠋ᠠᠳ 2024 ᠣᠨ᠎ᠳᠤ ᠡᠯ᠎ᠡ ᠲᠦᠷᠦᠯ᠎ᠤᠨ ᠠᠵᠢᠯᠯᠠᠭ᠎ᠠ ᠵᠢ 112 ᠤᠳᠠᠭ᠎ᠠ ᠥᠷᠨᠢᠭᠦᠯᠵᠦ᠂ 3700 ᠭᠠᠷᠤᠢ ᠤᠳᠠᠭ᠎ᠠ᠎ᠳᠤ ᠦᠢ᠍ᠯᠡᠴᠢᠯᠡᠭᠰᠡᠨ ᠪᠠᠢ᠌ᠨ᠎ᠠ᠃