ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.12
ᠨᠡᠶᠢᠲᠡᠯᠡᠭᠰᠡᠨ ᠴᠠᠭ᠄ 2024-12-13

ᠠᠷᠠᠳ᠎ᠤᠨ ᠶᠠᠪᠤᠳᠠᠯ᠎ᠤᠨ ᠶᠠᠮᠤᠨ


     ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠂ ᠡᠳ᠋᠎ᠤᠨ ᠵᠠᠰᠠᠭ᠎ᠤᠨ ᠶᠠᠮᠤᠨ᠂ ᠠᠷᠠᠳ᠎ᠤᠨ ᠶᠠᠪᠤᠳᠠᠯ᠎ᠤᠨ ᠶᠠᠮᠤᠨ᠂ ᠳᠤᠮᠳᠠᠳᠤ ᠤᠯᠤᠰ᠎ᠤᠨ ᠵᠡᠮᠳᠡᠭᠴᠦᠳ᠎ᠤᠨ ᠬᠣᠯᠪᠣᠭ᠎ᠠ ᠵᠢᠨ᠎ᠬᠢᠨ ᠤᠷᠴᠢᠮ᠎ᠳᠤ ᠬᠠᠮᠲᠤᠷᠠᠨ 《ᠠᠵᠢᠯ ᠣᠯᠭᠣᠯᠲᠠ ᠵᠢᠨ ᠲᠤᠰᠠᠯᠠᠮᠵᠢ ᠵᠢᠨ ᠠᠵᠢᠯ᠎ᠢ ᠤᠯᠠᠮ ᠰᠠᠢ᠌ᠲᠤᠷ ᠬᠢᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠪᠠ᠃ ᠴᠠᠭ ᠲᠤᠬᠠᠢ᠎ᠳᠤ᠎ᠨᠢ ᠢᠯᠡᠷᠡᠭᠦᠯᠬᠦ᠂ ᠤᠷᠢᠳ ᠵᠶ᠋ᠠᠷ ᠦᠢ᠍ᠯᠡᠴᠢᠯᠡᠬᠦ᠂ ᠨᠠᠷᠢᠯᠢᠭ ᠣᠨᠣᠴᠠᠲᠠᠢ᠎ᠪᠠᠷ ᠬᠠᠪᠰᠤᠷᠤᠨ ᠲᠡᠳᠬᠦᠬᠦ᠂ ᠬᠥᠳᠡᠯᠦᠩᠭᠦᠢ᠎ᠪᠠᠷ ᠬᠠᠮᠢᠶᠠᠷᠬᠤ ᠠᠵᠢᠯ ᠣᠯᠭᠣᠯᠲᠠ ᠵᠢᠨ ᠲᠤᠰᠠᠯᠠᠮᠵᠢ ᠵᠢᠨ ᠠᠵᠢᠯ᠎ᠤᠨ ᠲᠣᠭᠲᠠᠴᠠ ᠵᠢ ᠲᠦᠷᠭᠡᠪᠴᠢᠯᠡᠨ ᠲᠡᠭᠦᠯᠳᠡᠷᠵᠢᠭᠦᠯᠬᠦ ᠵᠢ   ᠠᠬᠢᠭᠤᠯᠬᠤ ᠲᠤᠬᠠᠢ ᠠᠵᠢᠯ᠎ᠢ ᠪᠠᠢ᠌ᠷᠢᠯᠠᠭᠤᠯᠤᠭ᠋ᠠᠳ  ᠠᠵᠢᠯ ᠣᠯᠭᠣᠯᠲᠠ ᠵᠢᠨ ᠲᠤᠰᠠᠯᠠᠮᠵᠢ ᠵᠢᠨ ᠲᠦᠷᠦ ᠵᠢᠨ ᠪᠣᠳᠣᠯᠭ᠎ᠠ ᠪᠠ ᠦᠢ᠍ᠯᠡᠴᠢᠯᠡᠭᠡᠨ᠎ᠤ ᠨᠠᠷᠢᠯᠢᠭ ᠣᠨᠣᠴᠠᠳᠤ ᠴᠢᠨᠠᠷ᠂ ᠬᠦᠷᠦᠯᠴᠡᠬᠦᠢ᠌ᠴᠡ ᠴᠢᠨᠠᠷ᠎ᠢ ᠬᠦᠴᠦᠯᠡᠨ ᠳᠡᠭᠡᠭᠰᠢᠯᠡᠭᠦᠯᠵᠦ᠂ ᠠᠵᠢᠯ ᠣᠯᠭᠣᠯᠲᠠ ᠵᠢᠨ ᠨᠠᠭ᠋ᠠᠲᠤ ᠵᠠᠬ᠎ᠠ ᠵᠢᠨ ᠪᠠᠷᠢᠮᠵᠢᠶ᠎ᠠ ᠵᠢ ᠦᠨᠡᠨ ᠬᠦ᠌ ᠵᠥᠪ ᠣᠨᠣᠪᠴᠢᠲᠠᠶ ᠪᠠᠲᠤ ᠴᠢᠩᠭ᠎ᠠ  ᠪᠠᠳᠤᠯᠠᠬᠤ ᠬᠡᠷᠡᠭᠳᠡᠢ ᠬᠡᠪᠡ᠃ ᠮᠡᠳᠡᠭᠳᠡᠯ᠎ᠳᠤ ᠪᠠᠰᠨ ᠠᠵᠢᠯ ᠣᠯᠭᠣᠯᠲᠠ ᠵᠢ ᠲᠤᠰᠠᠯᠠᠬᠤ ᠠᠵᠢᠯ᠎ᠤᠨ ᠲᠣᠭᠲᠠᠴᠠ ᠵᠢ ᠪᠦᠷᠢᠨᠰᠢᠭᠦᠯᠵᠦ᠂ 〈ᠬᠣᠶᠠᠷ᠎ᠲᠤ ᠬᠠᠷᠠᠭ᠋ᠠᠯᠵᠠᠯ ᠦᠵᠡᠭᠦᠯᠬᠦ᠂ ᠭᠤᠷᠪᠠ᠎ᠳᠤ ᠨᠥᠬᠥᠪᠦᠷᠢ ᠥᠭᠬᠦ〉 ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠠᠵᠢᠯ ᠣᠯᠭᠣᠯᠲᠠ ᠵᠢ ᠲᠤᠰᠠᠯᠠᠬᠤ ᠠᠵᠢᠯ᠎ᠤᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠬᠤ ᠵᠡᠷᠭᠡ ᠭᠤᠷᠪᠠᠨ ᠲᠠᠯ᠎ᠠ ᠵᠢᠨ ᠲᠥᠷᠥ ᠵᠢᠨ ᠪᠣᠳᠣᠯᠭ᠎ᠠ ᠵᠢᠨ ᠠᠷᠭ᠎ᠠ ᠵᠢ ᠲᠤᠷᠠᠳᠤᠬᠰᠠᠨ ᠪᠠᠢ᠌ᠨ᠎ᠠ᠃


ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ


   ᠬᠢᠩᠭ᠋ᠠᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠦᠷᠭᠦᠯᠵᠢᠯᠡᠨ ᠵᠢᠯᠤᠭᠣᠳᠴᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠢ ᠢᠳᠡᠪᠬᠢᠲᠡᠢ ᠥᠷᠨᠢᠭᠦᠯᠪᠡ᠃ 2024 ᠣᠨ᠎ᠳᠤ ᠪᠥᠬᠥ ᠠᠢ᠌ᠮᠠᠭ᠎ᠤᠨ 49 ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠨᠢᠭᠦᠯᠡᠰᠦᠩᠭᠦᠢ ᠵᠢᠨ ᠦᠢ᠍ᠯᠡᠰ᠎ᠤᠨ ᠲᠡᠳᠬᠦᠮᠵᠢ᠂ ᠠᠵᠢᠯ ᠣᠯᠭᠣᠯᠲᠠ ᠵᠢᠨ ᠲᠡᠳᠬᠦᠮᠵᠢ᠂ ᠠᠵᠤ ᠦᠢ᠍ᠯᠡᠰ᠎ᠤᠨ ᠲᠡᠳᠬᠦᠮᠵᠢ᠂ ᠬᠡᠷᠡᠭᠯᠡᠭᠡ ᠵᠢᠨ ᠲᠡᠳᠬᠦᠮᠵᠢ ᠵᠡᠷᠭᠡ᠎ᠳᠤ ᠣᠷᠣᠯᠴᠠᠵᠤ᠂ ᠨᠡᠶ᠋ᠢᠲᠡ 789.9 ᠲᠦᠮᠡᠨ ᠲᠥᠭᠥᠷᠢᠭ᠎ᠤᠨ ᠵᠣᠭᠣᠰ ᠮᠥᠩᠭᠥ ᠡᠳ᠋ ᠪᠣᠳᠠᠰ᠎ᠤᠨ ᠥᠷᠲᠡᠭ ᠣᠷᠣᠭᠤᠯᠵᠤ᠂ 1.2 ᠲᠦᠮᠡᠨ ᠬᠥᠮᠥᠨ ᠤᠳᠠᠭ᠎ᠠ ᠵᠢᠨ ᠠᠰᠢᠭ ᠭᠥᠷᠳᠡᠭᠰᠡᠨ ᠪᠠᠢ᠌ᠨ᠎ᠠ᠃


  ᠣᠷᠣᠨ  ᠬᠣᠪᠢᠶᠠᠷᠢᠯᠠᠯ ᠭᠠᠵᠠᠷ᠎ᠤᠨ ᠨᠡᠷᠡᠰ


    ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ 《ᠳᠤᠮᠳᠠᠳᠤ ᠤᠯᠤᠰ · ᠤᠯᠤᠰ᠎ᠤᠨ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢᠨ ᠬᠥᠮᠥᠷᠭᠡ》 ᠵᠢᠨ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠲᠥᠷᠥᠯ᠎ᠤᠨ ᠲᠣᠭ᠎ᠠ ᠪᠠᠷᠢᠮᠲᠠ ᠪᠠ ᠦᠨᠳᠦᠰᠦᠨ ᠱᠠᠲᠤᠨ᠎ᠤ ᠣᠯᠠᠨ ᠲᠦᠮᠡᠨ᠎ᠤ ᠥᠪᠡᠷᠲᠡᠭᠡᠨ ᠵᠠᠰᠠᠬᠤ ᠵᠣᠬᠢᠶᠠᠨ ᠪᠠᠢ᠌ᠭᠤᠯᠤᠯᠲᠠ᠎ᠳᠤ᠎ᠬᠢ 《ᠵᠠᠰᠠᠭ ᠵᠠᠬᠢᠷᠭ᠋ᠠᠨ᠎ᠤ ᠲᠣᠰᠬᠣᠨ / ᠨᠡᠢ᠌ᠭᠡᠮ ᠲᠣᠭᠣᠷᠢᠭ》᠎ᠤᠨ ᠲᠣᠭ᠎ᠠ ᠪᠠᠷᠢᠮᠲᠠ ᠵᠢ ᠳᠠᠬᠢᠨ ᠬᠢᠨᠠᠵᠤ ᠲᠤᠰᠢᠶᠠᠬᠤ ᠠᠵᠢᠯ ᠪᠠ ᠡᠳᠦᠷ ᠲᠤᠲᠤᠮ᠎ᠤᠨ ᠲᠣᠭ᠎ᠠ ᠪᠠᠷᠢᠮᠲᠠ ᠵᠢ ᠰᠢᠨᠡᠳᠬᠡᠨ ᠬᠠᠮᠠᠭ᠋ᠠᠯᠠᠬᠤ ᠵᠢ ᠪᠡᠶᠡᠯᠡᠭᠦᠯᠵᠦ᠂ ᠨᠡᠶ᠋ᠢᠲᠡ 3106 ᠵᠤᠷᠪᠤᠰ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢ ᠣᠷᠣᠭᠤᠯᠤᠨ ᠰᠢᠨᠡᠳᠬᠡᠪᠡ᠃ ᠡᠭᠦᠨ᠎ᠤ ᠬᠠᠮᠲᠤ ᠲᠣᠭᠲᠠᠭ᠋ᠠᠯ ᠶᠣᠰᠣᠭ᠋ᠠᠷ ᠪᠥᠬᠥ ᠬᠣᠲᠠ ᠵᠢᠨ 747 ᠵᠤᠷᠪᠤᠰ ᠭᠠᠵᠠᠷ᠎ᠤᠨ ᠨᠡᠷᠡᠰ᠎ᠢ ᠪᠦᠷᠢᠳᠬᠡᠨ ᠳᠠᠩᠰᠠᠯᠠᠬᠤ ᠠᠯᠪᠠᠨ ᠵᠠᠷ ᠨᠡᠢ᠌ᠲᠡᠯᠡᠵᠦ᠂ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠠᠵᠢᠯ᠎ᠢ ᠤᠯᠠᠮ ᠰᠠᠢ᠌ᠨ ᠬᠢᠭᠰᠡᠨ ᠪᠠᠢ᠌ᠨ᠎ᠠ᠃

 

ᠨᠠᠰᠤᠵᠢᠯ᠎ᠤᠨ ᠦᠢ᠍ᠯᠡᠴᠢᠯᠡᠭᠡ


       ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠵᠤ ᠭᠡᠷ ᠪᠦᠯᠢ ᠵᠢᠨ ᠨᠠᠰᠤᠵᠢᠯᠲᠠ ᠵᠢ ᠥᠭᠡᠷᠡᠴᠢᠯᠡᠬᠦ᠎ᠳᠤ ᠬᠡᠷᠡᠭᠯᠡᠬᠦ ᠡᠳ᠋ ᠪᠣᠳᠠᠰ ᠪᠠ ᠮᠠᠲ᠋ᠧᠷᠢᠶᠠᠯ᠎ᠢ ᠬᠤᠳᠠᠯᠳᠤᠨ ᠠᠪᠬᠤ ᠠᠵᠢᠯ᠎ᠢ ᠢᠳᠡᠪᠬᠢᠲᠡᠢ᠎ᠪᠠᠷ  ᠠᠬᠢᠭᠤᠯᠤᠭ᠋ᠠᠳ ᠣᠲᠣ ᠪᠣᠯᠲᠠᠯ᠎ᠠ ᠨᠡᠶ᠋ᠢᠲᠡ 1100 ᠲᠦᠮᠡᠨ ᠲᠥᠭᠥᠷᠢᠭ᠎ᠤᠨ ᠪᠡᠯᠡ ᠮᠥᠩᠭᠥ ᠣᠷᠣᠭᠤᠯᠵᠤ᠂ ᠣᠲᠣ ᠨᠢᠭᠡᠨᠲᠡ 1800 ᠭᠠᠷᠤᠢ ᠡᠷᠦᠬᠡ ᠨᠠᠰᠤᠲᠠᠢ᠌ᠴᠤᠳ᠎ᠤᠨ ᠭᠡᠷ ᠪᠦᠯᠢ᠎ᠳᠤ ᠥᠭᠡᠷᠡᠴᠢᠯᠡᠬᠦ ᠭᠤᠶᠤᠴᠢᠯᠠᠯ ᠳᠡᠪᠰᠢᠭᠦᠯᠦᠭᠰᠡᠨ ᠪᠥᠭᠡᠳ ᠨᠠᠰᠤᠵᠢᠯᠲᠠ᠎ᠳᠤ ᠲᠣᠬᠢᠷᠠᠬᠤ ᠦᠢ᠍ᠯᠡᠴᠢᠯᠡᠭᠡᠨ᠎ᠤ ᠬᠤᠳᠠᠯᠳᠤᠭ᠋ᠠᠴᠢᠨ 《ᠨᠢᠭᠡ ᠡᠷᠦᠬᠡ᠎ᠳᠤ ᠨᠢᠭᠡ ᠲᠥᠷᠥ ᠵᠢᠨ ᠪᠣᠳᠣᠯᠭ᠎ᠠ ᠬᠡᠷᠡᠭᠵᠢᠭᠦᠯᠵᠦ᠂ ᠲᠥᠷᠥᠯ ᠬᠤᠪᠢᠶᠠᠨ ᠲᠥᠷᠥ ᠵᠢᠨ ᠪᠣᠳᠣᠯᠭ᠎ᠠ ᠬᠡᠷᠡᠭᠵᠢᠭᠦᠯᠬᠦ》 ᠵᠠᠷᠴᠢᠮ ᠶᠣᠰᠣᠭ᠋ᠠᠷ ᠥᠭᠡᠷᠡᠴᠢᠯᠡᠬᠦ ᠭᠤᠶᠤᠴᠢᠯᠠᠯ ᠭᠠᠷᠭ᠋ᠠᠭᠰᠠᠨ ᠭᠡᠷ ᠪᠦᠯᠢ᠎ᠳᠤ  ᠦᠨᠡᠯᠡᠭᠰᠡᠨ ᠪᠠᠢ᠌ᠨ᠎ᠠ᠃
     ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠡᠭ᠎ᠢ ᠥᠷᠭᠡᠳᠬᠡᠨ ᠬᠡᠪᠴᠢᠶ᠎ᠡ ᠵᠢ ᠥᠷᠭᠡᠳᠬᠡᠬᠦ ᠠᠵᠢᠯ᠎ᠢ ᠴᠢᠩᠭ᠎ᠠ 《ᠨᠢᠬᠡ ᠮᠦᠴᠨ ᠵᠢᠨ ᠲᠤᠳᠤᠷᠠᠬᠢ ᠭᠡᠷ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠠᠰᠠᠷᠠᠮᠵᠢ᠂ ᠪᠡᠶ᠎ᠡ᠎ᠳᠤ᠎ᠪᠠᠨ ᠵᠦᠪ ᠦᠬᠡᠢ ᠬᠦᠮᠦᠰ᠎ᠢ ᠬᠠᠷᠠᠭ᠋ᠠᠯᠵᠠᠵᠤ ᠠᠮᠢᠵᠢᠷᠠᠯ᠎ᠤᠨ ᠬᠦᠴᠤᠨ ᠨᠡᠮᠡᠷᠢᠯᠡᠬᠦ》 ᠣᠢ᠌ᠯᠠᠭ᠋ᠠᠭᠳᠠᠬᠤᠨ ᠶᠣᠰᠣᠭ᠋ᠠᠷ ᠪᠤᠭᠤᠷᠤᠯᠴᠤᠳ᠎ᠤᠨ ᠠᠵᠤ ᠠᠬᠤᠢ ᠵᠢᠨ ᠬᠥᠭᠵᠢᠯᠲᠡ ᠵᠢ ᠦᠷᠭᠦᠯᠵᠢᠯᠡᠨ ᠠᠬᠢᠭᠤᠯᠵᠤ᠂ ᠨᠢᠭᠡᠨᠲᠡ ᠪᠠᠢ᠌ᠭᠤᠯᠤᠭᠰᠠᠨ 13 ᠬᠣᠲᠠ ᠪᠠᠯᠭ᠋ᠠᠰᠤ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠶᠡᠷᠦᠩᠬᠡᠢ᠌ᠯᠡᠭᠰᠡᠨ ᠴᠣᠭᠴᠠ᠂ 87 ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ (ᠨᠡᠢ᠌ᠭᠡᠮ ᠲᠣᠭᠣᠷᠢᠭ) ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠲᠥᠪ (ᠥᠷᠲᠡᠭᠡ)᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠵᠢ ᠠᠬᠢᠭᠤᠯᠵᠤ᠂ ᠣᠨᠴᠠᠭ᠋ᠠᠶ ᠬᠦᠴᠢᠷᠳᠡᠯᠲᠡᠢ ᠨᠠᠰᠤᠲᠠᠢ᠌ᠴᠤᠳ᠎ᠤᠨ ᠬᠣᠭᠣᠯᠠ ᠤᠮᠳᠠ ᠵᠢᠨ ᠦᠢ᠍ᠯᠡᠴᠢᠯᠡᠭᠡ ᠵᠢ ᠪᠦᠬᠦᠨ᠎ᠢ ᠬᠠᠮᠤᠷᠬᠤ ᠵᠢ ᠪᠡᠶᠡᠯᠡᠬᠦᠯᠪᠡ᠃ ᠬᠥᠳᠡᠭᠡ ᠲᠣᠰᠬᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠡᠪᠴᠢᠶ᠎ᠡ ᠵᠢ ᠥᠷᠭᠡᠳᠬᠡᠬᠦ ᠢᠨᠵᠧᠨᠧᠷᠢᠩ᠎ᠢ ᠤᠯᠠᠮ ᠴᠢᠨᠠᠬᠰᠢᠳᠠ ᠬᠡᠷᠡᠭᠵᠢᠭᠦᠯᠵᠦ᠂  ᠦᠨᠤ ᠵᠢᠯ 46 ᠠᠰᠠᠷᠠᠮᠵᠢ ᠵᠢᠨ ᠬᠦᠷᠢᠶᠡᠯᠡᠩ᠎ᠤᠨ ᠴᠢᠳᠠᠮᠵᠢ ᠵᠢ ᠳᠡᠭᠡᠭᠰᠢᠯᠡᠭᠦᠯᠵᠦ ᠬᠥᠳᠡᠭᠡ ᠲᠣᠰᠬᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠳᠤᠲᠠᠭᠤᠳᠠᠯ᠎ᠢ ᠦᠳᠳᠡᠷ ᠨᠦᠬᠦᠪᠤᠷᠢᠯᠡᠵᠤ ᠪᠠᠢ᠌ᠨ᠎ᠠ᠃









  

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.13
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.16
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.17
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.18
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.19
 
            