ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.16
ᠨᠡᠶᠢᠲᠡᠯᠡᠭᠰᠡᠨ ᠴᠠᠭ᠄ 2024-12-16

ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ


    ᠰᠢᠯᠢ ᠵᠢᠨ ᠭᠣᠣᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《1+N》 ᠠᠵᠢᠯ᠎ᠤᠨ ᠰᠡᠳᠬᠢᠴᠡ ᠵᠢ ᠢᠳᠡᠪᠬᠢᠲᠡᠢ ᠦᠢ᠍ᠯᠡᠳᠦᠯᠭᠡᠵᠢᠭᠦᠯᠵᠦ ᠨᠠᠮ᠎ᠤᠨ ᠪᠠᠢ᠌ᠭᠤᠯᠤᠯᠲᠠ᠎ᠪᠠᠷ ᠳᠠᠭ᠋ᠠᠭᠤᠯᠵᠤ᠂ 《N》 ᠵᠦᠢ᠍ᠯ᠎ᠤᠨ ᠠᠷᠭ᠎ᠠ᠎ᠪᠠᠷ ᠳᠠᠮᠵᠢᠭᠤᠯᠤᠨ  ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠠᠵᠢᠯ᠎ᠢ ᠤᠯᠠᠨ ᠠᠷᠭ᠎ᠠ᠎ᠪᠠᠷ ᠢᠳᠡᠪᠬᠢᠲᠡᠢ ᠠᠬᠢᠭᠤᠯᠪᠠ᠃ 《ᠰᠢᠯᠢ ᠵᠢᠨ ᠭᠣᠣᠯ ᠠᠢ᠌ᠮᠠᠭ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠢᠲᠡᠭᠡᠮᠵᠢ ᠵᠢᠨ ᠪᠠᠢ᠌ᠭᠤᠯᠤᠯᠲᠠ ᠵᠢᠨ ᠰᠠᠨᠠᠭ᠋ᠠᠴᠢᠯᠠᠭ᠎ᠠ ᠵᠢᠨ ᠪᠢᠴᠢᠭ》 《ᠠᠵᠢᠯ ᠲᠥᠷᠥᠯ᠎ᠤᠨ ᠨᠡᠢ᠌ᠭᠡᠮᠯᠢᠭ ᠬᠤᠳᠠᠯᠳᠤᠭ᠋ᠠᠴᠢᠳ᠎ᠤᠨ ᠡᠪᠯᠡᠯ᠎ᠤᠨ ᠥᠪᠡᠷ᠎ᠢ᠎ᠪᠠᠨ ᠱᠠᠭ᠋ᠠᠷᠳᠠᠬᠤ ᠨᠡᠶ᠋ᠢᠲᠡ ᠵᠢᠨ ᠭᠡᠷ᠎ᠡ ᠵᠢᠨ ᠵᠦᠭᠯᠡᠭᠦᠷ》᠎ᠢ ᠨᠡᠢ᠌ᠲᠡᠯᠡᠵᠦ 《ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ  ᠢᠲᠡᠭᠡᠮᠵᠢ ᠵᠢᠨ ᠥᠪᠡᠷ᠎ᠢ᠎ᠪᠠᠨ ᠱᠠᠭ᠋ᠠᠷᠳᠠᠬᠤ ᠢᠲᠡᠭᠡᠮᠵᠢ ᠵᠢᠨ ᠠᠮᠠᠯᠠᠯᠲᠠ ᠵᠢᠨ ᠪᠢᠴᠢᠭ》᠎ᠲᠤ ᠭᠠᠷ᠎ᠤᠨ ᠥᠰᠥᠭ ᠵᠢᠷᠤᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠥᠪᠡᠷ᠎ᠢ᠎ᠪᠠᠨ ᠱᠠᠭ᠋ᠠᠷᠳᠠᠬᠤ ᠦᠵᠡᠯ ᠤᠬᠠᠮᠰᠠᠷ ᠪᠠ ᠬᠠᠷᠢᠭᠤᠴᠠᠯᠭ᠋ᠠᠲᠤ ᠰᠡᠳᠬᠢᠯᠭᠡ ᠵᠢ ᠤᠯᠠᠮ ᠴᠢᠡᠭᠭ᠋ᠠᠷᠠᠭᠤᠯᠤᠬᠰᠠᠨ᠎ᠤ ᠬᠠᠮᠲᠤ᠂ 《ᠰᠢᠯᠢ ᠵᠢᠨ ᠭᠣᠣᠯ ᠠᠢ᠌ᠮᠠᠭ᠎ᠤᠨ ᠣᠯᠠᠨ ᠨᠡᠶ᠋ᠢᠲᠡ ᠵᠢᠨ ᠢᠲᠡᠭᠡᠮᠵᠢ ᠵᠢᠨ ᠮᠡᠳᠡᠭᠡ ᠵᠠᠩᠭᠢ ᠵᠢᠨ ᠲᠠᠪᠴᠠᠩ》 ᠵᠶ᠋ᠠᠷ ᠳᠠᠮᠵᠢᠭᠤᠯᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠮᠡᠳᠡᠭᠡ ᠵᠠᠩᠭᠢ ᠵᠢ ᠴᠠᠭ ᠲᠤᠬᠠᠢ᠎ᠳᠤ᠎ᠨᠢ ᠴᠤᠭᠯᠠᠭᠤᠯᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠮᠡᠳᠡᠭᠡ ᠵᠠᠩᠭᠢ ᠵᠢ ᠴᠠᠭ ᠲᠤᠬᠠᠢ᠎ᠳᠤ᠎ᠨᠢ ᠬᠠᠮᠲᠤ᠎ᠪᠠᠷ ᠡᠳ᠋ᠯᠡᠬᠦ ᠵᠢ ᠪᠡᠶᠡᠯᠡᠬᠦᠯᠤᠬᠡᠳ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠮᠡᠳᠡᠭᠡ ᠵᠠᠩᠭᠢ ᠵᠢ 168 ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠵᠠᠰᠠᠭ ᠵᠠᠬᠢᠷᠭ᠋ᠠᠨ᠎ᠤ ᠨᠤᠲᠠᠯᠠᠯᠲᠠ ᠵᠢᠨ ᠮᠡᠳᠡᠭᠡ ᠵᠠᠩᠭᠢ ᠵᠢ 30  ᠵᠢ  ᠡᠮᠬᠢᠯᠡᠪᠡ᠃


ᠨᠡᠢ᠌ᠭᠡᠮ᠎ᠤᠨ  ᠲᠤᠰᠠᠯᠠᠮᠵᠢ


     ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠪᠠᠴᠢᠮ ᠬᠦᠴᠢᠷᠲᠡᠢ᠂ ᠵᠠᠷᠤᠯᠭ᠎ᠠ ᠵᠢᠨ  ᠶᠡᠬᠡᠳᠡᠢ ᠲᠦᠷ ᠴᠠᠭ᠎ᠤᠨ  ᠲᠤᠰᠠᠯᠠᠮᠵᠢ ᠵᠢᠨ ᠲᠥᠷᠥ ᠵᠢᠨ ᠪᠣᠳᠣᠯᠭ᠎ᠠ ᠵᠢᠨ ᠠᠷᠭ᠎ᠠ ᠵᠢ ᠴᠢᠩᠭ᠎ᠠ ᠬᠡᠷᠡᠭᠵᠢᠭᠦᠯᠵᠦ᠂ ᠪᠠᠴᠢᠮ ᠬᠦᠴᠢᠷᠳᠡᠯ ᠡᠭᠦᠰᠦᠭᠰᠡᠨ ᠭᠠᠵᠠᠷ᠎ᠲᠤ᠎ᠨᠢ ᠲᠤᠰᠠᠯᠠᠬᠤ᠂ ᠲᠦᠷ ᠴᠠᠭ᠎ᠤᠨ ᠲᠤᠰᠠᠯᠠᠮᠵᠢ ᠵᠢᠨ ᠪᠡᠯᠡᠳᠬᠡᠯ ᠮᠥᠩᠭᠥ ᠵᠢᠨ ᠳᠦᠷᠢᠮ᠎ᠢ ᠬᠡᠷᠡᠭᠵᠢᠭᠦᠯᠬᠦ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠲᠦᠷ ᠴᠠᠭ᠎ᠤᠨ ᠲᠤᠰᠠᠯᠠᠮᠵᠢ ᠵᠢᠨ ᠪᠣᠯᠣᠮᠵᠢᠲᠤ ᠴᠢᠨᠠᠷ᠂ ᠬᠤᠭᠤᠴᠠᠭ᠋ᠠᠲᠤ ᠴᠢᠨᠠᠷ᠎ᠢ ᠳᠡᠭᠡᠭᠰᠢᠯᠡᠭᠦᠯᠦᠨ᠂ ᠬᠦᠴᠢᠷᠳᠡᠯ᠎ᠳᠤ ᠲᠤᠯᠭ᠋ᠠᠷᠠᠭᠰᠠᠨ ᠪᠠᠢ᠌ᠳᠠᠯ᠎ᠢ ᠦᠨᠳᠦᠰᠦᠯᠡᠨ ᠲᠦᠷ ᠴᠠᠭ᠎ᠤᠨ ᠲᠤᠰᠠᠯᠠᠮᠵᠢ ᠵᠢᠨ ᠪᠠᠷᠢᠮᠵᠢᠶ᠎ᠠ ᠵᠢ ᠲᠣᠭᠲᠠᠭ᠋ᠠᠵᠤ᠂ ᠲᠥᠷᠥᠯ ᠲᠠᠰ ᠬᠤᠪᠢᠶᠠᠨ ᠲᠤᠰᠠᠯᠠᠵᠤ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠭᠡᠨᠡᠳᠲᠡ ᠵᠢᠨ  ᠂ ᠪᠠᠴᠢᠮ  ᠂ ᠲᠦᠷ ᠴᠠᠭ᠎ᠤᠨ ᠠᠮᠢᠳᠤᠷᠠᠯ᠎ᠤᠨ ᠦᠨᠳᠤᠰᠤᠨ ᠬᠦᠴᠢᠷᠳᠡᠯ᠎ᠢ ᠰᠢᠢ᠍ᠳᠪᠤᠷᠢᠯᠡᠪᠡ᠃ 2024 ᠣᠨ᠎ᠳᠤ ᠲᠦᠷ ᠴᠠᠭ᠎ᠤᠨ ᠲᠤᠰᠠᠯᠠᠮᠵᠢ ᠵᠢ 8807 ᠤᠳᠠᠭ᠎ᠠ ᠬᠡᠷᠡᠭᠵᠢᠭᠦᠯᠵᠦ᠂ ᠲᠤᠰᠠᠯᠠᠮᠵᠢ ᠵᠢᠨ ᠪᠡᠯᠡ ᠮᠥᠩᠭᠥ ᠵᠢ 825.4 ᠲᠦᠮᠡᠨ ᠲᠥᠭᠥᠷᠢᠭ ᠵᠠᠷᠤᠴᠠᠭᠤᠯᠪᠠ᠃


ᠣᠷᠣᠨ ᠬᠤᠪᠢᠶᠠᠷᠢᠯᠠᠯ ᠭᠠᠵᠠᠷ᠎ᠤᠨ ᠨᠡᠷᠡᠰ


    2024 ᠣᠨ᠎ᠳᠤ ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠪᠥᠬᠥ ᠬᠣᠲᠠ ᠵᠢᠨ ᠨᠡᠷᠡᠢ᠌ᠳᠤᠯ ᠦᠭᠡᠢ ᠵᠠᠮ᠎ᠢ 2 ᠤᠳᠠᠭ᠎ᠠ ᠪᠠᠢ᠌ᠴᠠᠭ᠋ᠠᠬᠤ᠎ᠳᠤ᠎ᠪᠠᠨ ᠪᠥᠬᠥ ᠬᠣᠲᠠ ᠵᠢᠨ 《ᠨᠡᠷᠡᠢ᠌ᠳᠤᠯ ᠦᠭᠡᠢ》 《ᠫᠠᠢ᠌ᠰᠠ ᠦᠭᠡᠢ》 ᠪᠠ  ᠵᠢᠷᠤᠮᠵᠢᠭᠤᠨ ᠪᠤᠰᠤ ᠵᠠᠮ᠎ᠤᠨ ᠫᠠᠢ᠌ᠰᠠ ᠵᠡᠷᠭᠡ 800 ᠵᠤᠷᠪᠤᠰ ᠵᠠᠮ᠎ᠢ ᠪᠠᠢ᠌ᠴᠠᠭ᠋ᠠᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠵᠣᠬᠢᠴᠠᠭᠤᠯᠤᠨ ᠵᠢᠷᠤᠮᠵᠢᠭᠤᠨ ᠪᠤᠰᠤ ᠭᠠᠵᠠᠷ᠎ᠤᠨ ᠨᠡᠷᠡᠰ᠎ᠢ ᠴᠡᠭᠴᠡᠯᠡᠨ᠂ ᠭᠠᠵᠠᠷ᠎ᠤᠨ  ᠨᠡᠷᠡᠰ᠎ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢ ᠦᠷᠭᠦᠯᠵᠢᠯᠡᠨ ᠠᠬᠢᠭᠤᠯᠪᠠ᠃ ᠡᠭᠦᠨ᠎ᠤ ᠵᠡᠷᠭᠡ᠎ᠳᠤ ᠭᠠᠵᠠᠷ᠎ᠤᠨ ᠨᠡᠷᠡᠰ᠎ᠢ ᠨᠡᠷᠡᠢ᠌ᠳᠬᠦ ᠵᠢᠷᠤᠮᠵᠢᠭᠤᠯᠤᠭᠰᠠᠨ ᠶᠠᠪᠤᠴᠠ ᠵᠢ ᠴᠢᠩᠭ᠎ᠠ ᠵᠢᠷᠤᠮᠯᠠᠨ᠂ ᠬᠣᠲᠠ ᠵᠢᠨ ᠲᠣᠭᠣᠷᠢᠭ᠎ᠤᠨ ᠵᠠᠮ᠎ᠢ ᠨᠡᠷᠡᠢ᠌ᠳᠬᠦ ᠪᠠ ᠬᠠᠯᠠᠬᠤ ᠠᠵᠢᠯ᠎ᠢ ᠨᠢᠭᠡᠳᠦᠯᠲᠡᠢ ᠲᠥᠯᠥᠪᠯᠡᠨ ᠥᠷᠨᠢᠭᠦᠯᠵᠦ ᠣᠯᠠᠨ ᠲᠦᠮᠡᠨ᠎ᠤ ᠶᠠᠪᠤᠵᠤ ᠰᠠᠭᠤᠬᠤ᠎ᠳᠤ ᠤᠯᠠᠮ ᠲᠥᠬᠥᠮ ᠦᠵᠡᠬᠦᠯᠪᠡ᠃


ᠬᠡᠦᠬᠡᠳ᠎ᠤᠨ ᠠᠰᠠᠷᠠᠮᠵᠢ


    ᠬᠥᠬᠡᠬᠣᠲᠠ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ᠎ᠬᠢᠨ ᠨᠡᠢ᠌ᠭᠡᠮ᠎ᠤᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠦᠢ᠍ᠯᠡᠴᠢᠯᠡᠬᠦ ᠵᠢ ᠲᠠᠰᠤᠷᠠᠯᠲᠠ ᠦᠭᠡᠢ  ᠥᠷᠭᠡᠳᠬᠡᠵᠦ᠂ ᠬᠦᠷᠢᠶᠡᠯᠡᠩ᠎ᠤᠨ ᠳᠣᠲᠣᠷᠠᠬᠢ ᠣᠨᠴᠠᠭ᠋ᠠᠢ ᠰᠤᠷᠭ᠋ᠠᠨ ᠬᠥᠮᠦᠵᠢᠯ᠎ᠤᠨ ᠪᠠᠭᠰᠢ᠂ ᠨᠡᠢ᠌ᠭᠡᠮ᠎ᠤᠨ ᠠᠵᠢᠯᠲᠠᠨ ᠵᠡᠷᠭᠡ ᠵᠢ ᠵᠣᠬᠢᠶᠠᠨ ᠪᠠᠢ᠌ᠭᠤᠯᠤᠨ ᠲᠦᠮᠡᠳ ᠵᠡᠭᠦᠨ ᠬᠣᠰᠢᠭᠤ᠂ ᠬᠣᠷᠢᠨᠭᠡᠷ ᠰᠢᠶᠠᠨ ᠵᠡᠷᠭᠡ ᠭᠠᠵᠠᠷ᠎ᠲᠤ ᠬᠦᠷᠴᠦ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠪᠠᠢ᠌ᠴᠠᠭ᠋ᠠᠨ᠂ ᠬᠦᠴᠢᠷᠳᠡᠯ᠎ᠳᠤ ᠲᠤᠯᠭ᠋ᠠᠷᠠᠭᠰᠠᠨ 17 ᠬᠡᠦᠬᠡᠳ᠎ᠲᠤ ᠳᠠᠩᠰᠠ ᠡᠪᠬᠡᠮᠡᠯ ᠪᠠᠶ᠋ᠢᠭᠤᠯᠬᠤ ᠮᠥᠷᠳᠡᠯᠭᠡ ᠵᠢᠨ ᠦᠢ᠍ᠯᠡᠴᠢᠯᠡᠭᠡ ᠬᠠᠡᠭᠭ᠋ᠠᠬᠰᠠᠨ᠎ᠤ ᠬᠠᠮᠳᠤ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠬᠡᠯᠪᠡᠷᠢ᠎ᠪᠠᠷ ᠰᠢᠪᠡᠬᠡ ᠰᠢᠶᠠᠩ᠎ᠤᠨ ᠡᠯ᠎ᠡ ᠪᠠᠭ᠎ᠠ ᠰᠤᠷᠭ᠋ᠠᠭᠤᠯᠢ᠎ᠳᠤ ᠭᠦᠨᠵᠡᠭᠡᠢ᠌ᠷᠡᠵᠦ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠭᠡᠷ ᠪᠦᠯᠢ᠎ᠳᠤ ᠡᠷᠡᠭᠦᠯ ᠮᠡᠨᠳᠦ ᠵᠢ ᠬᠦᠷᠭᠡᠬᠦ᠂ ᠰᠤᠷᠭ᠋ᠠᠨ ᠬᠥᠮᠦᠵᠢᠯ᠎ᠢ ᠲᠣᠬᠣᠨᠢᠭᠤᠯᠬᠤ᠂ ᠲᠡᠳᠬᠦᠬᠦ ᠵᠡᠷᠭᠡ ᠲᠤᠰᠠᠯᠠᠮᠵᠢ ᠵᠢ ᠬᠠᠩᠭ᠋ᠠᠵᠤ  300 ᠭᠠᠷᠤᠢ ᠤᠳᠠᠭ᠎ᠠ ᠵᠢᠨ ᠠᠰᠢᠭ  ᠬᠦᠷᠳᠡᠬᠡᠵᠡᠢ᠃


ᠣᠷᠣᠨ᠎ᠤ ᠭᠠᠳᠠᠨᠠᠬᠢ ᠮᠡᠳᠡᠭᠡ ᠵᠠᠩᠭᠢ


    ᠬᠠᠷᠠᠮᠥ᠋ᠷᠡᠨ ᠮᠤᠵᠢ ᠵᠢᠨ ᠠᠷᠠᠳ᠎ᠤᠨ ᠶᠠᠪᠤᠳᠠᠯ᠎ᠤᠨ ᠲᠢᠩᠬᠢᠮ᠂ ᠮᠤᠵᠢ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠵᠡᠷᠭᠡ 4 ᠰᠠᠯᠠᠭ᠎ᠠ ᠮᠥᠴᠢᠷ ᠬᠠᠮᠲᠤᠷᠠᠨ ᠤᠷᠴᠢᠮ᠎ᠳᠤ 《ᠬᠠᠷᠠᠮᠥ᠋ᠷᠡᠨ ᠮᠤᠵᠢ ᠵᠢᠨ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠵᠤ᠂ ᠭᠡᠷ ᠪᠦᠯᠢ ᠵᠢᠨ ᠨᠠᠰᠤᠵᠢᠯᠲᠠ᠎ᠳᠤ ᠲᠣᠬᠢᠷᠠᠬᠤ ᠥᠭᠡᠷᠡᠴᠢᠯᠡᠯᠲᠡ ᠵᠢᠨ 〈ᠰᠢᠨ᠎ᠡ ᠵᠢ ᠡᠭᠦᠳᠬᠦ〉 ᠨᠥᠬᠥᠪᠦᠷᠢ ᠵᠢᠨ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠪᠠ᠃ ᠲᠥᠰᠥᠯ᠎ᠳᠤ᠄ 《ᠠᠵᠢᠯᠯᠠᠭ᠎ᠠ᠎ᠳᠤ ᠣᠷᠣᠯᠴᠠᠬᠤ ᠦᠢ᠍ᠯᠡᠳᠬᠦᠨ᠎ᠨᠢ ᠭᠡᠷ ᠳᠣᠲᠣᠷ᠎ᠠ ᠶᠠᠪᠤᠵᠤ ᠰᠠᠭᠤᠬᠤ᠎ᠳᠤ ᠲᠥᠬᠥᠮ᠂ ᠵᠢᠱ᠌ᠢᠶᠡᠯᠡᠪᠡᠯ ᠵᠣᠷᠯᠣᠩ᠎ᠳᠤ ᠤᠷᠤᠬᠤ᠂ ᠪᠡᠶ᠎ᠡ ᠤᠬᠢᠶᠠᠬᠤ᠎ᠳᠤ ᠠᠮᠤᠷ ᠲᠦᠪᠰᠢᠨ᠂ ᠭᠡᠷ ᠪᠦᠯᠢ ᠵᠢᠨ ᠣᠷᠴᠢᠨ ᠲᠣᠭᠣᠷᠢᠨ᠎ᠢ ᠰᠠᠢ᠌ᠵᠢᠷᠠᠭᠤᠯᠬᠤ᠂ ᠣᠶᠤᠨᠴᠢ ᠠᠮᠤᠷ ᠲᠦᠪᠰᠢᠨ᠎ᠤ ᠬᠢᠨᠠᠨ ᠬᠠᠮᠠᠭ᠋ᠠᠯᠠᠯᠲᠠ ᠪᠠ ᠲᠤᠰᠠᠯᠠᠬᠤ ᠪᠠᠭ᠋ᠠᠵᠢ᠎ᠢ  ᠲᠣᠬᠢᠷᠠᠭᠤᠯᠬᠤ ᠵᠡᠷᠭᠡ ᠣᠯᠠᠨ ᠲᠥᠷᠥᠯ ᠪᠠᠬᠳᠠᠨ᠎ᠠ᠃ ᠬᠠᠷᠠᠮᠥ᠋ᠷᠡᠨ ᠮᠤᠵᠢ ᠵᠢᠨ ᠳᠣᠲᠣᠷᠠᠬᠢ ᠣᠨᠴᠠᠭ᠋ᠠᠶ ᠬᠦᠴᠢᠷᠳᠡᠯ᠎ᠲᠠᠢ ᠨᠠᠰᠤᠲᠠᠢ᠌ᠴᠤᠳ᠎ᠤᠨ ᠭᠡᠷ ᠪᠦᠯᠢ ᠵᠢᠨ ᠨᠠᠰᠤᠵᠢᠯᠲᠠ᠎ᠳᠤ ᠲᠣᠬᠢᠷᠠᠬᠤ ᠥᠭᠡᠷᠡᠴᠢᠯᠡᠯᠲᠡ ᠵᠢᠨ ᠨᠥᠬᠥᠪᠦᠷᠢ ᠵᠢ ᠭᠥᠷᠳᠡᠵᠦ ᠥᠩᠭᠡᠷᠡᠭᠰᠡᠨ ᠦᠭᠡᠢ ᠣᠨᠴᠠᠭ᠋ᠠᠶ ᠬᠦᠴᠢᠷᠳᠡᠯ᠎ᠲᠠᠢ ᠨᠠᠰᠤᠲᠠᠢ᠌ᠴᠤᠳ᠎ᠤᠨ ᠭᠡᠷ ᠪᠦᠯᠢ ᠪᠠ ᠮᠤᠵᠢ ᠵᠢᠨ ᠳᠣᠲᠣᠷᠠᠬᠢ ᠡᠷᠦᠬᠡ ᠠᠮᠠ ᠵᠢᠨ ᠲᠠᠩᠰᠠ᠎ᠲᠠᠢ ᠮᠥᠷᠲᠡᠭᠡᠨ ᠭᠡᠷ ᠪᠦᠯᠢ ᠵᠢᠨ ᠨᠠᠰᠤᠵᠢᠯᠲᠠ᠎ᠳᠤ ᠲᠣᠬᠢᠷᠠᠬᠤ ᠥᠭᠡᠷᠡᠴᠢᠯᠡᠯᠲᠡ ᠵᠢᠨ ᠬᠡᠷᠡᠭᠴᠡᠭᠡ ᠱᠠᠭ᠋ᠠᠷᠳᠠᠯᠭ᠎ᠠ᠎ᠲᠠᠢ ᠪᠦᠬᠦᠯᠢ 60 ᠨᠠᠰᠤᠨ᠎ᠠᠴᠠ ᠳᠡᠭᠡᠭᠰᠢᠬᠢ ᠡᠩ᠎ᠤᠨ ᠨᠠᠰᠤᠲᠠᠢ᠌ᠴᠤᠳ ᠴᠥᠮ ᠲᠣᠰ  ᠨᠥᠬᠥᠪᠦᠷᠢ ᠵᠢᠨ ᠠᠵᠢᠯᠯᠠᠭ᠎ᠠ᠎ᠳᠤ ᠣᠷᠣᠯᠴᠠᠵᠤ ᠪᠣᠯᠣᠨ᠎ᠠ》 ᠬᠡᠵᠡᠢ᠃


 

   


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.17
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.18
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.19
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.20
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.23
 
            