ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.19
ᠨᠡᠶᠢᠲᠡᠯᠡᠭᠰᠡᠨ ᠴᠠᠭ᠄ 2024-12-23

  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ


    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠤᠷᠴᠢᠮ᠎ᠳᠤ 2024 ᠣᠨ᠎ᠤ ᠨᠠᠰᠤᠵᠢᠯ᠎ᠤᠨ ᠠᠰᠠᠷᠠᠮᠵᠢ ᠵᠢᠨ ᠵᠢᠭᠤᠯᠴᠢᠯᠠᠯ᠎ᠤᠨ ᠠᠵᠤ ᠦᠢ᠍ᠯᠡᠰ᠎ᠤᠨ ᠶᠡᠬᠡ ᠬᠤᠷᠠᠯ᠎ᠳᠤ ᠤᠷᠢᠭᠳᠠᠨ ᠣᠷᠣᠯᠴᠠᠵᠤ᠂ ᠶᠡᠬᠡ ᠬᠤᠷᠠᠯ᠎ᠳᠤ 《ᠶᠡᠬᠡ ᠠᠮᠧᠷᠢᠺᠠ ᠵᠢᠨ ᠥᠪᠥᠷ ᠮᠣᠩᠭᠣᠯ᠎ᠤᠨ ᠪᠡᠶ᠎ᠡ᠎ᠪᠠᠨ ᠰᠤᠪᠢᠯᠠᠵᠤ ᠤᠮᠠᠷᠠᠲᠤ ᠬᠢᠯᠢ᠎ᠪᠠᠨ ᠬᠠᠷᠠᠬᠤ》 ᠶᠡᠷᠦᠩᠬᠡᠢ᠌ᠯᠡᠭᠰᠡᠨ ᠴᠢᠨᠠᠷᠲᠠᠢ ᠭᠣᠣᠯ ᠰᠡᠳᠦᠪᠲᠦ ᠦᠵᠡᠭᠦᠯᠦᠯᠭᠡ ᠵᠢᠨ ᠲᠣᠭᠣᠷᠢᠭ ᠭᠠᠷᠭ᠋ᠠᠵᠤ᠂ 6 ᠵᠤᠷᠪᠤᠰ ᠵᠢᠭᠤᠯᠴᠢᠯᠠᠯ᠎ᠤᠨ ᠠᠰᠠᠷᠠᠮᠵᠢ ᠵᠢᠨ ᠵᠠᠮ ᠱᠤᠭᠤᠮ ᠭᠠᠷᠭ᠋ᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠰᠡᠭ ᠠᠢ᠌ᠮᠠᠭ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠬᠢᠭᠡᠳ ᠬᠠᠢ᠌ᠨᠠᠨ ᠮᠤᠵᠢ ᠵᠢᠨ ᠬᠡᠰᠡᠭ ᠠᠷᠠᠳ᠎ᠤᠨ ᠶᠠᠪᠤᠳᠠᠯ᠎ᠤᠨ ᠲᠣᠪᠴᠢᠶ᠎ᠠ᠂ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠬᠡᠯᠡᠯᠴᠡᠭᠡᠷ ᠲᠣᠭᠲᠠᠬᠤ ᠵᠢ ᠠᠬᠢᠭᠤᠯᠪᠠ᠃ ᠦᠵᠡᠭᠦᠯᠦᠯᠭᠡ ᠵᠢᠨ ᠬᠤᠭᠤᠴᠠᠭ᠋ᠠᠨ᠎ᠳᠤ ᠥᠪᠥᠷ ᠮᠣᠩᠭᠣᠯ᠎ᠤᠨ ᠦᠵᠡᠭᠦᠯᠦᠯᠭᠡ ᠵᠢᠨ ᠲᠣᠭᠣᠷᠢᠭ᠎ᠤᠨ᠎ᠬᠢᠨ ᠨᠡᠢ᠍ᠢ᠍ᠲᠡ 1 ᠮᠢᠩᠭ᠎ᠠ ᠭᠠᠷᠤᠢ ᠤᠳᠠᠭ᠎ᠠ ᠵᠢᠨ ᠵᠣᠴᠢᠨ ᠬᠤᠳᠠᠯᠳᠤᠭ᠋ᠠᠴᠢᠨ᠎ᠢ ᠬᠦᠯᠢᠶᠡᠨ ᠠᠪᠴᠤ ᠦᠵᠡᠭᠦᠯᠦᠯᠭᠡ᠎ᠳᠤ ᠣᠷᠣᠯᠴᠠᠭᠰᠠᠨ ᠨᠢᠬᠡᠴᠢ 10 ᠭᠠᠷᠤᠢ ᠨᠠᠰᠤᠵᠢᠯ᠎ᠤᠨ ᠠᠰᠠᠷᠠᠮᠵᠢ ᠵᠢᠨ ᠠᠵᠤ ᠠᠬᠤᠢ᠌ᠯᠠᠯ᠎ᠲᠠᠢ ᠲᠤᠬᠠᠢ᠌ᠯᠠᠭᠰᠠᠨ ᠠᠵᠢᠯ᠎ᠤᠨ ᠵᠥᠪᠳᠡᠯᠴᠡᠭᠡ ᠬᠢᠵᠡᠢ᠃


ᠨᠡᠢ᠌ᠭᠡᠮ᠎ᠤᠨ ᠲᠤᠰᠠᠯᠠᠮᠵᠢ


   ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ ᠵᠠᠰᠠᠭ᠎ᠢ ᠴᠣᠮᠬᠠᠳᠬᠠᠨ ᠡᠷᠬᠡ ᠵᠢ ᠪᠠᠭᠤᠯᠭ᠋ᠠᠬᠤ᠂ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠵᠡᠷᠭᠡ ᠠᠵᠢᠯ᠎ᠢ ᠤᠯᠠᠮ ᠭᠦᠨᠵᠡᠭᠡᠢ᠌ᠷᠡᠭᠦᠯᠦᠨ ᠬᠥᠭᠵᠢᠭᠦᠯᠪᠡ᠃ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠵᠢᠨ ᠣᠲᠣ ᠵᠢᠨ ᠪᠠᠢ᠌ᠭ᠎ᠠ ᠬᠡᠷᠡᠭ ᠡᠷᠭᠢᠯᠡᠬᠦ ᠲᠢᠩᠬᠢᠮ᠎ᠳᠤ ᠲᠦᠰᠢᠭᠯᠡᠨ᠂ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠴᠤᠡᠭᠬᠤᠪᠴᠢ ᠭᠠᠷᠭ᠋ᠠᠵᠤ᠂ ᠠᠵᠢᠯᠲᠠᠨ ᠲᠣᠬᠢᠷᠠᠭᠤᠯᠤᠨ᠂ ᠨᠡᠢ᠌ᠭᠡᠮ᠎ᠤᠨ ᠲᠤᠰᠠᠯᠠᠮᠵᠢ ᠵᠢᠨ 《ᠨᠢᠭᠡ ᠰᠠᠯᠠᠭ᠎ᠠ ᠭᠥᠯᠢᠶᠡᠨ ᠠᠪᠴᠤ ᠰᠢᠢ᠍ᠳᠪᠦᠷᠢᠯᠡᠬᠦ᠂ ᠬᠠᠮᠵᠢᠯᠴᠠᠨ ᠭᠦᠢ᠍ᠴᠡᠳᠬᠡᠬᠦ》 ᠶᠡᠷᠦᠩᠬᠡᠢ᠌ᠯᠡᠭᠰᠡᠨ ᠴᠢᠨᠠᠷᠲᠠᠢ ᠦᠢ᠍ᠯᠡᠴᠢᠯᠡᠭᠡᠨ᠎ᠤ ᠲᠠᠪᠴᠠᠩ᠎ᠢ ᠲᠡᠬᠦᠯᠳᠡᠷᠵᠢᠬᠦᠯᠤᠨ᠂ ᠨᠡᠢ᠌ᠭᠡᠮ᠎ᠤᠨ  ᠲᠤᠰᠠᠯᠠᠬᠤ ᠵᠢᠨ 《ᠰᠠᠭ᠋ᠠᠳ ᠦᠭᠡᠢ ᠵᠠᠮ》᠎ᠢ ᠪᠣᠶ ᠪᠣᠯᠭ᠋ᠠᠵᠤ᠂ ᠬᠡᠷᠡᠭ ᠭᠦᠢ᠍ᠴᠡᠳᠬᠡᠬᠦ ᠵᠢᠨ 《ᠰᠢᠭᠤᠳ ᠨᠡᠪᠲᠡᠷᠡᠬᠦ ᠲᠡᠷᠭᠡ》 ᠵᠢ ᠨᠡᠪᠲᠡᠷᠡᠭᠦᠯᠦᠨ᠂ ᠬᠦᠴᠢᠷᠳᠡᠯᠲᠡᠢ ᠣᠯᠠᠨ ᠲᠦᠮᠡᠨ᠎ᠤ ᠬᠡᠷᠡᠭ ᠭᠦᠢ᠍ᠴᠡᠳᠬᠡᠬᠦ᠎ᠳᠤ 《ᠬᠠᠮᠤᠭ ᠣᠯᠠᠨ᠎ᠳᠤ᠎ᠪᠠᠨ ᠨᠢᠭᠡ ᠯᠡ ᠤᠳᠠᠭ᠎ᠠ ᠶᠠᠪᠤᠬᠤ》 ᠵᠢ ᠪᠡᠶᠡᠯᠡᠭᠦᠯᠬᠦ ᠬᠡᠷᠡᠭᠲᠡᠢ᠃


ᠨᠠᠰᠤᠵᠢᠯ᠎ᠤᠨ ᠦᠢ᠍ᠯᠡᠴᠢᠯᠡᠭᠡ


     ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠦᠰᠦ ᠬᠡᠵᠢᠬᠡ ᠵᠠᠰᠠᠬᠤ ᠰᠠᠢ᠌ᠨ ᠳᠤᠷ᠎ᠠ ᠵᠢᠨ ᠦᠢ᠍ᠯᠡᠴᠢᠯᠡᠭᠡ ᠵᠢ ᠥᠷᠨᠢᠭᠦᠯᠵᠦ᠂ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠠᠯᠪᠠᠨ ᠭᠡᠷ᠎ᠢ ᠰᠤᠯᠠᠯᠠᠨ ᠪᠤᠴᠠᠭ᠋ᠠᠬᠤ ᠵᠡᠷᠭᠡ ᠠᠷᠭ᠎ᠠ᠎ᠪᠠᠷ ᠭᠡᠷ᠎ᠲᠤ᠎ᠪᠠᠨ ᠰᠠᠭᠤᠵᠤ ᠪᠠᠢ᠌ᠭ᠎ᠠ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠥᠷᠲᠡᠭᠡ  ᠴᠡᠭ᠎ᠢ 256 ᠪᠠᠢ᠌ᠭᠤᠯᠵᠤ᠂ ᠬᠡᠵᠢᠬᠡ ᠦᠰᠦ ᠵᠠᠰᠠᠬᠤ ᠭᠠᠵᠠᠷ᠂ ᠬᠡᠵᠢᠬᠡ ᠦᠰᠦ ᠵᠠᠰᠠᠬᠤ ᠲᠠᠰᠤᠭ ᠵᠡᠷᠭᠡ ᠲᠠᠯᠠᠪᠤᠷ ᠭᠠᠵᠠᠷ᠎ᠢ 128 ᠲᠣᠬᠢᠷᠠᠭᠤᠯᠤᠨ᠂ ᠨᠠᠰᠤᠵᠢᠯ᠎ᠤᠨ ᠦᠢ᠍ᠯᠡᠴᠢᠯᠡᠭᠡᠨ᠎ᠤ ᠠᠵᠤ ᠠᠬᠤᠢ᠌ᠯᠠᠯ ᠪᠤᠶᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠦᠨ᠎ᠡ ᠲᠥᠯᠥᠪᠦᠷᠢ ᠦᠭᠡᠢ᠎ᠪᠠᠷ ᠬᠡᠷᠡᠭᠯᠡᠭᠦᠯᠵᠦ᠂ ᠨᠠᠰᠤᠲᠠᠢ᠌ᠴᠤᠳ᠎ᠲᠤ ᠦᠰᠦ ᠵᠠᠰᠠᠬᠤ ᠵᠡᠷᠭᠡ ᠠᠷᠢᠭᠤᠨ ᠴᠡᠪᠡᠷ᠎ᠢ ᠲᠤᠰᠠᠯᠠᠬᠤ ᠦᠢ᠍ᠯᠡᠴᠢᠯᠡᠭᠡ ᠬᠠᠡᠭᠭ᠋ᠠᠪᠠ᠃  ᠦᠨᠤ ᠵᠢᠯ ᠬᠡᠵᠢᠬᠡ ᠦᠰᠦ ᠵᠠᠰᠠᠬᠤ ᠰᠠᠢ᠌ᠨ ᠳᠤᠷ᠎ᠠ ᠵᠢᠨ ᠦᠢ᠍ᠯᠡᠴᠢᠯᠡᠭᠡ ᠵᠢ  937 ᠲᠠᠯᠠᠪᠤᠷ ᠥᠷᠨᠢᠭᠦᠯᠦᠭᠰᠡᠨ ᠪᠠᠢ᠌ᠨ᠎ᠠ᠃
   ᠰᠢᠯᠢ ᠵᠢᠨ ᠭᠣᠣᠯ ᠠᠢ᠌ᠮᠠᠭ᠎ᠤᠨ᠎ᠬᠢᠨ 《ᠡᠮᠨᠡᠬᠦ ᠰᠤᠪᠢᠯᠠᠬᠤ ᠵᠢ ᠤᠶᠠᠯᠳᠤᠭᠤᠯᠬᠤ》 ᠵᠠᠭᠪᠤᠷ᠎ᠢ ᠰᠢᠯᠢᠳᠡᠭᠵᠢᠭᠦᠯᠵᠦ᠂ ᠪᠥᠬᠥ ᠠᠢ᠌ᠮᠠᠭ᠎ᠤᠨ 23 ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠎ᠨᠢ ᠬᠠᠷᠢᠶ᠎ᠠ ᠭᠠᠵᠠᠷ᠎ᠤᠨ ᠡᠮᠴᠢᠯᠡᠭᠡᠨ᠎ᠤ ᠪᠠᠢ᠌ᠭᠤᠯᠤᠮᠵᠢ᠎ᠲᠠᠢ᠎ᠪᠠᠨ ᠦᠢ᠍ᠯᠡᠴᠢᠯᠡᠭᠡᠨ᠎ᠤ ᠬᠡᠯᠡᠯᠴᠡᠭᠡᠷ ᠲᠣᠭᠲᠠᠬᠤ᠎ᠪᠠᠷ ᠳᠠᠮᠵᠢᠭᠤᠯᠤᠨ ᠡᠭᠦᠳᠡᠨ ᠡᠮᠨᠡᠯᠭᠡ ᠬᠤᠪᠢᠶᠠᠬᠤ᠂ ᠲᠣᠮᠢᠯᠠᠨ ᠰᠠᠭᠤᠯᠭ᠋ᠠᠭᠰᠠᠨ ᠡᠮᠴᠢ ᠲᠣᠭᠣᠷᠢᠨ ᠡᠮᠨᠡᠭᠦᠯᠬᠦ᠂ ᠭᠡᠷ ᠪᠦᠯᠢ ᠵᠢᠨ ᠬᠠᠷᠢᠭᠤᠴᠠᠯᠭ᠋ᠠᠲᠤ ᠡᠮᠴᠢ ᠭᠡᠷ᠎ᠡ ᠲᠣᠭᠲᠠᠬᠤ ᠵᠡᠷᠭᠡ ᠠᠳᠠᠯᠢ ᠪᠤᠰᠤ ᠠᠷᠭ᠎ᠠ᠎ᠪᠠᠷ ᠬᠡᠷᠡᠭᠴᠡᠭᠡ ᠱᠠᠭ᠋ᠠᠷᠳᠠᠯᠭ᠎ᠠ᠎ᠲᠠᠢ ᠨᠠᠰᠤᠲᠠᠢ᠌ᠴᠤᠳ᠎ᠲᠤ ᠴᠡᠭ᠎ᠲᠤ ᠡᠳᠦᠷ ᠲᠤᠲᠤᠮ᠎ᠤᠨ ᠡᠮᠴᠢᠯᠡᠭᠡ᠂ ᠤᠳᠠᠭ᠋ᠠᠨ ᠴᠢᠨᠠᠷᠲᠠᠢ ᠡᠪᠡᠳᠴᠢᠨ᠎ᠤ ᠬᠠᠮᠢᠶᠠᠷᠤᠯᠲᠠ᠂ ᠡᠷᠡᠭᠦᠯ ᠮᠡᠨᠳᠦ ᠵᠢᠨ ᠬᠥᠮᠦᠵᠢᠯ ᠵᠡᠷᠭᠡ ᠦᠢ᠍ᠯᠡᠴᠢᠯᠡᠭᠡ ᠬᠠᠩᠭ᠋ᠠᠵᠤ᠂ 4200 ᠭᠠᠷᠤᠢ ᠬᠥᠮᠥᠨ ᠤᠳᠠᠭ᠎ᠠ᠎ᠳᠤ ᠠᠰᠢᠭ ᠬᠦᠷᠲᠡᠭᠡᠪᠡ᠃ ᠡᠭᠦᠨ᠎ᠤ ᠬᠠᠮᠲᠤ ᠰᠢᠯᠢᠩᠬᠣᠲᠠ᠂ ᠦᠵᠦᠮᠦᠴᠢᠨ ᠪᠠᠷᠠᠭᠤᠨ ᠬᠣᠰᠢᠭᠤ᠂ ᠰᠢᠯᠤᠭᠤᠨ ᠬᠥᠬᠡ ᠬᠣᠰᠢᠭᠤ᠂ ᠦᠵᠦᠮᠦᠴᠢᠨ  ᠵᠡᠭᠦᠨ ᠬᠣᠰᠢᠭᠤ ᠵᠡᠷᠭᠡ ᠭᠠᠵᠠᠷ᠎ᠤᠨ ᠨᠠᠰᠤᠵᠢᠯ᠎ᠤᠨ ᠠᠰᠠᠷᠠᠮᠵᠢ ᠵᠢᠨ ᠨᠡᠶ᠋ᠢᠲᠡ ᠵᠢᠨ ᠪᠠᠢ᠌ᠷᠢ ᠵᠢᠨ ᠬᠤᠷᠢᠶᠠᠯᠠᠯ᠎ᠳᠤ ᠮᠣᠩᠭᠣᠯ ᠡᠮᠴᠢ ᠵᠢᠨ ᠪᠡᠶ᠎ᠡ ᠰᠡᠳᠬᠢᠯ᠎ᠤᠨ ᠬᠠᠷᠢᠯᠴᠠᠨ ᠦᠢ᠍ᠯᠡᠳᠦᠯᠴᠡᠬᠦ ᠬᠢᠴᠢᠶᠡᠯ᠎ᠤᠨ ᠲᠠᠩᠬᠢᠮ ᠪᠠᠢ᠌ᠭᠤᠯᠵᠤ᠂ ᠡᠮᠨᠡᠬᠦ ᠰᠤᠪᠢᠯᠠᠬᠤ ᠰᠢᠨ᠎ᠡ ᠵᠠᠭᠪᠤᠷ᠎ᠤᠨ ᠰᠢᠨ᠎ᠡ ᠵᠢ ᠡᠭᠦᠳᠴᠦ 12 ᠲᠦᠮᠡᠨ ᠬᠥᠮᠥᠨ ᠤᠳᠠᠭ᠎ᠠ᠎ᠳᠤ ᠦᠢ᠍ᠯᠡᠴᠢᠯᠡᠭᠡ ᠬᠠᠡᠭᠭ᠋ᠠᠪᠠ᠃


ᠣᠷᠣᠨ᠎ᠤ ᠭᠠᠳᠠᠨᠠᠬᠢ ᠮᠡᠳᠡᠭᠡ ᠵᠠᠩᠭᠢ


    ᠶᠦᠨᠨᠠᠨ ᠮᠤᠵᠢ ᠵᠢᠨ ᠠᠷᠠᠳ᠎ᠤᠨ ᠶᠠᠪᠤᠳᠠᠯ᠎ᠤᠨ ᠲᠢᠩᠬᠢᠮ᠂ ᠮᠤᠵᠢ ᠵᠢᠨ ᠨᠠᠮ᠎ᠤᠨ ᠬᠣᠷᠢᠶᠠᠨ᠎ᠤ ᠨᠡᠢ᠌ᠭᠡᠮ᠎ᠤᠨ ᠠᠵᠢᠯ᠎ᠤᠨ ᠬᠡᠯᠲᠡᠰ ᠬᠠᠮᠲᠤᠷᠠᠨ ᠤᠷᠴᠢᠮ᠎ᠳᠤ 《ᠶᠦᠨᠨᠠᠨ ᠮᠤᠵᠢ ᠵᠢᠨ ᠨᠡᠢ᠌ᠭᠡᠮ ᠲᠣᠭᠣᠷᠢᠭ᠎ᠤᠨ ᠨᠢᠭᠦᠯᠡᠰᠦᠩᠭᠦᠢ ᠵᠢᠨ ᠴᠢᠨᠠᠷᠯᠢᠭ ᠬᠥᠭᠵᠢᠯᠲᠡ ᠵᠢ  ᠠᠬᠢᠭᠤᠯᠬᠤ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠥᠰᠥᠯ᠎ᠳᠤ ᠨᠡᠢ᠌ᠭᠡᠮ ᠲᠣᠭᠣᠷᠢᠭ᠎ᠤᠨ ᠨᠢᠭᠦᠯᠡᠰᠦᠩᠭᠦᠢ ᠵᠢᠨ ᠬᠥᠭᠵᠢᠯᠲᠡ ᠵᠢᠨ ᠪᠠᠢ᠌ᠭᠤᠯᠤᠯ ᠲᠣᠭᠲᠠᠴᠠ ᠵᠢ ᠲᠡᠭᠦᠯᠳᠡᠷᠵᠢᠭᠦᠯᠬᠦ᠂ ᠨᠡᠢ᠌ᠭᠡᠮ ᠲᠣᠭᠣᠷᠢᠭ᠎ᠤᠨ ᠨᠢᠭᠦᠯᠡᠰᠦᠩᠭᠦᠢ ᠵᠢᠨ ᠪᠡᠶᠡᠴᠢ ᠴᠣᠭᠴᠠ ᠵᠢ ᠪᠤᠵᠠᠭ᠋ᠠᠢ᠌ᠷᠠᠭᠤᠯᠬᠤ᠂ ᠨᠡᠢ᠌ᠭᠡᠮ ᠲᠣᠭᠣᠷᠢᠭ᠎ᠤᠨ ᠨᠢᠭᠦᠯᠡᠰᠦᠩᠭᠦᠢ ᠵᠢᠨ ᠵᠢᠭᠰᠠᠭ᠋ᠠᠯ᠎ᠤᠨ ᠭᠠᠵᠠᠷ᠎ᠢ ᠪᠠᠶ᠋ᠢᠭᠤᠯᠬᠤ᠂ ᠨᠡᠢ᠌ᠭᠡᠮ ᠲᠣᠭᠣᠷᠢᠭ᠎ᠤᠨ ᠨᠢᠭᠦᠯᠡᠰᠦᠩᠭᠦᠢ ᠵᠢᠨ ᠡᠬᠢ ᠪᠠᠶᠠᠯᠢᠭ᠎ᠢ ᠥᠷᠭᠡᠳᠬᠡᠬᠦ᠂ ᠨᠡᠢ᠌ᠭᠡᠮ ᠲᠣᠭᠣᠷᠢᠭ᠎ᠤᠨ ᠨᠢᠭᠦᠯᠡᠰᠦᠩᠭᠦᠢ ᠵᠢᠨ ᠭᠣᠣᠯᠳᠠᠯᠭ᠎ᠠ ᠵᠢ ᠳᠣᠪᠣᠶ᠋ᠢᠯᠭ᠋ᠠᠬᠤ ᠵᠡᠷᠭᠡ ᠲᠠᠯ᠎ᠠ᠎ᠪᠠᠷ ᠨᠡᠢ᠌ᠭᠡᠮ ᠲᠣᠭᠣᠷᠢᠭ᠎ᠤᠨ ᠨᠢᠭᠦᠯᠡᠰᠦᠩᠭᠦᠢ ᠵᠢᠨ ᠦᠢ᠍ᠯᠡᠰ᠎ᠢ ᠬᠥᠭᠵᠢᠭᠦᠯᠬᠦ ᠭᠣᠣᠯ ᠡᠭᠦᠷᠭᠡ᠂ ᠪᠣᠳᠠᠲᠠᠢ ᠲᠥᠰᠥᠯ ᠪᠠ ᠠᠷᠭ᠎ᠠ ᠵᠠᠮ᠎ᠢ ᠲᠣᠳᠣᠷᠬᠠᠢ ᠲᠣᠭᠲᠠᠭ᠋ᠠᠵᠠᠢ᠃






 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.20
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.23
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ12.24
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ12.25
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ12.26
 
            