ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.17
ᠨᠡᠶᠢᠲᠡᠯᠡᠭᠰᠡᠨ ᠴᠠᠭ᠄ 2024-12-23

ᠠᠷᠠᠳ᠎ᠤᠨ ᠶᠠᠪᠤᠳᠠᠯ᠎ᠤᠨ ᠶᠠᠮᠤᠨ


   ᠳᠤᠮᠳᠠᠳᠤ ᠤᠯᠤᠰ᠎ᠤᠨ ᠠᠷᠠᠳ᠎ᠤᠨ ᠪᠠᠩᠬᠢ᠂ ᠠᠷᠠᠳ᠎ᠤᠨ ᠶᠠᠪᠤᠳᠠᠯ᠎ᠤᠨ ᠶᠠᠮᠤᠨ ᠵᠡᠷᠭᠡ ᠶᠢᠰᠦᠨ ᠰᠠᠯᠠᠭ᠎ᠠ ᠮᠥᠴᠢᠷ᠎ᠤᠨ᠎ᠬᠢᠨ ᠬᠠᠮᠳᠤᠷᠠᠨ ᠤᠷᠴᠢᠮ᠎ᠳᠤ 《ᠮᠥᠩᠭᠥᠨ ᠭᠦᠢ᠍ᠯᠭᠡᠭᠡᠨ ᠵᠶ᠋ᠡᠷ ᠳᠤᠮᠳᠠᠳᠤ ᠤᠯᠤᠰ᠎ᠤᠨ ᠮᠠᠶᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠰ᠎ᠤᠨ ᠦᠢ᠍ᠯᠡᠴᠢᠯᠡᠭᠡᠨ᠎ᠤ ᠮᠥᠩᠭᠥᠨ ᠭᠦᠢ᠍ᠯᠭᠡᠭᠡᠨ᠎ᠤ ᠠᠵᠤ ᠠᠬᠤᠢ ᠵᠢᠨ ᠴᠢᠨᠠᠷᠯᠢᠭ ᠬᠥᠭᠵᠢᠯᠲᠡ ᠵᠢ ᠳᠡᠮᠵᠢᠬᠦ ᠲᠤᠬᠠᠢ ᠵᠢᠯᠤᠭᠣᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠪᠠ᠃ ᠰᠠᠨᠠᠯ᠎ᠳᠤ 2028 ᠣᠨ ᠪᠠ 2035 ᠣᠨ᠎ᠤ ᠨᠠᠰᠤᠵᠢᠯ᠎ᠤᠨ ᠠᠰᠠᠷᠠᠮᠵᠢ ᠵᠢᠨ ᠮᠥᠩᠭᠥᠨ ᠭᠦᠢ᠍ᠯᠭᠡᠭᠡᠨ᠎ᠤ ᠬᠥᠭᠵᠢᠯᠲᠡ ᠵᠢᠨ ᠱᠠᠲᠤᠴᠢ ᠴᠢᠨᠠᠷᠲᠠᠢ ᠬᠠᠷᠠᠯᠲᠠ ᠵᠢ ᠲᠣᠳᠣᠷᠬᠠᠢ᠌ᠯᠠᠵᠤ᠂ ᠠᠳᠠᠯᠢ ᠪᠤᠰᠤ ᠬᠥᠮᠥᠰ᠎ᠤᠨ ᠨᠠᠰᠤᠵᠢᠯ᠎ᠤᠨ ᠠᠰᠠᠷᠠᠮᠵᠢ ᠵᠢᠨ ᠮᠥᠩᠭᠥᠨ ᠭᠦᠢ᠍ᠯᠭᠡᠭᠡᠨ᠎ᠤ ᠬᠡᠷᠡᠭᠴᠡᠭᠡ ᠵᠢ ᠳᠡᠮᠵᠢᠬᠦ᠂ ᠮᠥᠩᠭᠥᠨ ᠭᠦᠢ᠍ᠯᠭᠡᠭᠡᠨ᠎ᠤ ᠠᠵᠤ ᠠᠬᠤᠢ ᠵᠢᠨ ᠪᠡᠯᠡ ᠮᠥᠩᠭᠥ ᠴᠤᠭᠯᠠᠭᠤᠯᠬᠤ ᠠᠷᠭ᠎ᠠ ᠵᠢ ᠥᠷᠭᠡᠳᠬᠡᠬᠦ᠂ ᠮᠥᠩᠭᠥᠨ ᠭᠦᠢ᠍ᠯᠭᠡᠭᠡᠨ᠎ᠤ  ᠪᠠᠳᠤᠯᠠᠭ᠎ᠠ ᠵᠢᠨ ᠰᠢᠰᠲᠸᠮ ᠎ᠢ  ᠲᠡᠬᠦᠯᠳᠡᠷᠵᠢᠬᠦᠯᠬᠦ᠂ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠰᠠᠭᠤᠷᠢ ᠵᠢ ᠪᠡᠬᠢᠵᠢᠭᠦᠯᠬᠦ᠂ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠶ᠋ᠢᠭᠤᠯᠬᠤ ᠵᠡᠷᠭᠡ 5 ᠲᠠᠯ᠎ᠠ᠎ᠠᠴᠠ 16 ᠭᠣᠣᠯᠳᠠᠯᠭ᠎ᠠ᠎ᠲᠠᠢ ᠠᠷᠭ᠎ᠠ ᠵᠢ ᠳᠤᠷᠠᠳᠴᠠᠢ᠃


ᠨᠡᠢ᠌ᠭᠡᠮ᠎ᠤᠨ ᠲᠤᠰᠠᠯᠠᠮᠵᠢ


   ᠰᠢᠯᠢ ᠵᠢᠨ ᠭᠣᠣᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠠᠢ᠌ᠮᠠᠭ᠎ᠤᠨ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠂ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ᠂ ᠵᠡᠮᠳᠡᠭᠴᠦᠳ᠎ᠤᠨ ᠬᠣᠯᠪᠣᠭ᠎ᠠ᠂ ᠡᠮᠡᠭᠲᠡᠢ᠌ᠴᠦᠳ᠎ᠤᠨ ᠬᠣᠯᠪᠣᠭ᠎ᠠ᠂ ᠠᠵᠢᠯᠴᠢᠨ᠎ᠤ ᠡᠪᠯᠡᠯ᠂ ᠡᠪᠯᠡᠯ᠎ᠤᠨ ᠬᠣᠷᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ ᠵᠠᠰᠠᠭ᠎ᠤᠨ ᠣᠷᠳᠣᠨ᠎ᠤ  ᠲᠤᠰᠠᠯᠠᠮᠵᠢ ᠪᠠ ᠨᠢᠭᠦᠯᠡᠰᠦᠩᠭᠦᠢ ᠵᠢᠨ ᠲᠡᠳᠬᠦᠮᠵᠢ ᠵᠢ ᠵᠣᠬᠢᠴᠠᠭᠤᠯᠬᠤ ᠬᠤᠷᠠᠯ᠎ᠢ ᠬᠤᠷᠠᠯᠳᠤᠭᠤᠯᠵᠤ᠂ ᠡᠬᠢ ᠪᠠᠶᠠᠯᠢᠭ᠎ᠢ ᠨᠢᠭᠡᠳᠦᠯᠲᠡᠢ ᠲᠥᠯᠥᠪᠯᠡᠨ ᠲᠤᠰᠠᠯᠠᠬᠤ ᠬᠠᠮ ᠬᠦᠴᠦᠨ᠎ᠢ ᠪᠦᠷᠢᠯᠳᠦᠭᠦᠯᠵᠦ᠂ ᠲᠤᠰᠠᠯᠠᠵᠤ ᠲᠡᠳᠬᠦᠬᠦ ᠥᠷᠭᠡᠴᠡ ᠪᠠ ᠭᠦᠨᠴᠡ ᠵᠢ ᠤᠯᠠᠮ  ᠦᠷᠬᠡᠳᠬᠡᠪᠡ᠃ 2024 ᠣᠨ᠎ᠳᠤ ᠡᠯ᠎ᠡ ᠲᠥᠷᠥᠯ᠎ᠤᠨ ᠨᠢᠭᠦᠯᠡᠰᠦᠩᠭᠦᠢ ᠵᠢᠨ ᠲᠡᠳᠬᠦᠮᠵᠢ ᠵᠢᠨ ᠲᠥᠷᠥᠯ ᠵᠦᠢ᠍ᠯ᠎ᠢ 30 ᠭᠠᠷᠤᠢ ᠬᠡᠷᠡᠭᠵᠢᠭᠦᠯᠵᠦ᠂ ᠭᠠᠮᠰᠢᠭᠳᠠᠭᠰᠠᠨ ᠣᠯᠠᠨ ᠲᠦᠮᠡᠨ᠂ 《ᠬᠣᠶᠠᠷ ᠵᠦᠢ᠍ᠯ᠎ᠤᠨ ᠥᠮᠡᠨ》 ᠡᠪᠡᠳᠴᠢᠨ᠎ᠳᠤ ᠨᠡᠷᠪᠡᠭᠳᠡᠭᠰᠡᠨ ᠬᠦᠴᠢᠷᠳᠡᠯᠲᠡᠢ ᠡᠮᠡᠭᠲᠡᠢ᠌ᠴᠦᠳ᠂ ᠬᠦᠴᠢᠷᠳᠡᠯᠲᠡᠢ ᠵᠡᠮᠳᠡᠭᠴᠦᠳ᠂ ᠵᠡᠮᠳᠡᠭ ᠬᠡᠦᠬᠡᠳ᠎ᠲᠤ 1 ᠲᠦᠮᠡ ᠭᠠᠷᠤᠢ ᠬᠥᠮᠥᠨ ᠤᠳᠠᠭ᠎ᠠ ᠠᠰᠢᠭ ᠬᠦᠷᠲᠡᠭᠡᠪᠡ᠃


ᠣᠷᠣᠨ ᠬᠤᠪᠢᠶᠠᠷᠢᠯᠠᠯ ᠭᠠᠵᠠᠷ᠎ᠤᠨ ᠨᠡᠷᠡᠰ


  ᠣᠷᠳᠣᠰ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 12 ᠳ᠋ᠤᠭ᠋ᠠᠷ ᠰᠠᠷ᠎ᠠ ᠵᠢᠨ 13᠎ᠤ ᠡᠳᠦᠷ  2024 ᠣᠨ᠎ᠤ 《ᠬᠥᠳᠡᠭᠡ ᠲᠣᠰᠬᠣᠨ᠎ᠤ ᠨᠠᠷᠠᠲᠤ ᠠᠵᠢᠯᠯᠠᠭ᠎ᠠ》 ᠵᠢᠨ ᠲᠥᠷᠥᠯ ᠵᠦᠢ᠍ᠯ᠎ᠢ ᠰᠢᠯᠭ᠋ᠠᠨ ᠠᠪᠬᠤ ᠬᠤᠷᠠᠯ ᠬᠤᠷᠠᠯᠳᠤᠭᠤᠯᠵᠤ᠂ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠤᠨ᠎ᠬᠢᠨ ᠠᠵᠢᠯ᠎ᠤᠨ ᠮᠡᠳᠡᠭᠦᠯᠦᠯᠲᠡ ᠵᠢ ᠰᠣᠨᠣᠰᠬᠤ᠂ ᠦᠷ᠎ᠡ ᠪᠦᠲᠦᠭᠡᠯ᠎ᠤᠨ ᠦᠵᠡᠭᠦᠯᠦᠯᠭᠡ ᠵᠢ ᠦᠵᠡᠬᠦ ᠵᠡᠷᠭᠡ ᠠᠷᠭ᠎ᠠ᠎ᠪᠠᠷ ᠣᠷᠳᠣᠰ ᠬᠣᠲᠠ ᠵᠢᠨ ᠲᠣᠭ᠋ᠠᠴᠢᠯᠠᠭᠰᠠᠨ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠰᠢᠰᠲ᠋ᠧᠮ᠂ ᠣᠷᠳᠣᠰ ᠬᠣᠲᠠ ᠵᠢᠨ ᠰᠦᠯᠵᠢᠶᠡᠨ ᠳᠡᠭᠡᠷᠡᠬᠢ ᠭᠠᠵᠠᠷ᠎ᠤᠨ ᠨᠡᠷᠡᠰ᠎ᠤᠨ ᠴᠡᠴᠡᠷᠯᠢᠭ᠎ᠤᠨ ᠪᠦᠲᠦᠭᠡᠨ ᠪᠠᠢ᠌ᠭᠤᠯᠤᠯᠲᠠ᠎ᠳᠤ ᠪᠥᠬᠥ ᠲᠠᠯ᠎ᠠ ᠵᠢᠨ ᠦᠨᠡᠯᠡᠬᠡᠳ ᠲᠥᠷᠥᠯ ᠵᠦᠢ᠍ᠯ᠎ᠤᠨ ᠦᠷ᠎ᠡ ᠪᠦᠲᠦᠭᠡᠯ᠎ᠨᠢ ᠪᠦᠲᠦᠭᠡᠨ ᠪᠠᠢ᠌ᠭᠤᠯᠤᠯᠲᠠ ᠵᠢᠨ ᠵᠢᠱ᠌ᠢᠯᠲᠡ᠎ᠳᠤ ᠨᠡᠢ᠌ᠴᠡᠪᠡ᠃ ᠡᠭᠦᠨ᠎ᠤ ᠬᠠᠮᠲᠤ ᠣᠷᠳᠣᠰ ᠬᠤᠳᠠ ᠵᠢᠨ ᠭᠠᠵᠠᠷ᠎ᠤᠨ ᠨᠡᠷᠡᠰ᠎ᠢ ᠬᠠᠮᠠᠭ᠋ᠠᠯᠠᠬᠤ ᠪᠠ ᠭᠠᠵᠠᠷ᠎ᠤᠨ  ᠨᠡᠷᠡᠰ᠎ᠤᠨ ᠰᠣᠶᠣᠯ᠎ᠢ ᠤᠯᠠᠮᠵᠢᠯᠠᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠵᠡᠷᠭᠡ ᠲᠠᠯ᠎ᠠ ᠵᠢᠨ ᠠᠵᠢᠯ᠎ᠢ ᠨᠤᠲᠠᠯᠠᠪᠠ᠃


ᠬᠡᠦᠬᠡᠳ᠎ᠤᠨ ᠠᠰᠠᠷᠠᠮᠵᠢ


    ᠬᠥᠬᠡᠬᠣᠲᠠ ᠵᠢᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠲᠥᠪ᠎ᠨᠢ ᠭᠣᠣᠯ ᠰᠡᠳᠦᠪ᠎ᠨᠢ ᠲᠣᠳᠣᠷᠬᠠᠢ᠂ ᠬᠡᠯᠪᠡᠷᠢ ᠮᠠᠶᠢᠭ᠎ᠨᠢ ᠣᠯᠠᠨ ᠶᠠᠩᠵᠤ ᠵᠢᠨ᠂ ᠠᠭᠤᠯᠭ᠎ᠠ᠎ᠨᠢ ᠪᠠᠶᠠᠯᠢᠭ ᠰᠠᠢ᠌ᠨ ᠳᠤᠷ᠎ᠠ ᠵᠢᠨ ᠦᠢ᠍ᠯᠡᠴᠢᠯᠡᠭᠡ᠎ᠪᠠᠷ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠬᠠᠯᠬᠠᠪᠴᠢ ᠵᠢ ᠲᠠᠰᠤᠷᠠᠯᠲᠠ ᠦᠭᠡᠢ ᠪᠡᠬᠢᠵᠢᠬᠦᠯᠪᠡ᠃ ᠣᠳᠣᠬᠠᠨ᠎ᠳᠤ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠩᠭᠢ ᠬᠣᠰᠢᠭᠤ ᠰᠢᠶᠠᠨ ᠲᠣᠭᠣᠷᠢᠭ᠎ᠲᠤ ᠭᠦᠨᠵᠡᠭᠡᠢ᠌ᠷᠡᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ 2780 ᠤᠳᠠᠭ᠎ᠠ ᠰᠤᠷᠪᠤᠯᠵᠢᠯᠠᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡ᠂ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ᠂ ᠭᠡᠷ ᠪᠦᠯᠢ ᠵᠢᠨ ᠬᠥᠮᠦᠵᠢᠯ᠎ᠤᠨ ᠭᠣᠣᠯ ᠰᠡᠳᠦᠪᠲᠦ ᠪᠣᠯᠪᠠᠰᠤᠷᠠᠯ᠎ᠢ 239 ᠲᠠᠯᠠᠪᠤᠷ  ᠦᠷᠨᠢᠬᠦᠯᠤᠬᠡᠳ 7000 ᠭᠠᠷᠤᠢ ᠬᠥᠮᠥᠨ᠎ᠳᠤ ᠠᠰᠢᠭ ᠬᠦᠷᠲᠡᠭᠡᠪᠡ᠃
    2024 ᠣᠨ᠎ᠳᠤ ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠨᠠᠷᠢᠯᠢᠭ ᠣᠨᠣᠴᠠᠲᠠᠢ᠎ᠪᠠᠷ ᠪᠠᠲᠤᠯᠠᠬᠤ ᠪᠠ ᠨᠠᠷᠢᠯᠢᠭ ᠣᠨᠣᠴᠠᠲᠠᠢ᠎ᠪᠠᠷ ᠬᠠᠯᠠᠮᠵᠢᠯᠠᠬᠤ ᠵᠢ ᠵᠡᠷᠭᠡ᠎ᠪᠠᠷ  ᠴᠢᠬᠤᠯᠠᠴᠢᠯᠠᠨ ᠬᠠᠯᠠᠮᠵᠢᠯᠠᠨ ᠬᠠᠮᠠᠭ᠋ᠠᠯᠠᠬᠤ ᠰᠢᠰᠲᠸᠮ᠎ᠢ ᠲᠡᠭᠦᠯᠳᠡᠷᠵᠢᠭᠦᠯᠦᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ ᠨᠡᠭᠦᠳᠡᠯ ᠬᠡᠦᠬᠡᠳ᠎ᠤᠨ ᠣᠷᠣᠰᠢᠨ ᠰᠠᠭᠤᠭ᠎ᠠ ᠭᠠᠵᠠᠷ ᠎ᠲᠤ᠎ᠨᠢ ᠬᠠᠯᠠᠮᠵᠢᠯᠠᠬᠤ 25 ᠵᠦᠢ᠍ᠯ᠎ᠤᠨ ᠦᠢ᠍ᠯᠡᠴᠢᠯᠡᠭᠡᠨ᠎ᠤ ᠰᠠᠭᠤᠷᠢ ᠨᠠᠷᠢᠨ ᠬᠠᠭᠤᠳᠠᠰᠤ ᠵᠢ ᠲᠣᠭᠲᠠᠭ᠋ᠠᠵᠤ᠂ ᠲᠥᠷᠥ ᠵᠢᠨ ᠪᠣᠳᠣᠯᠭ᠎ᠠ ᠵᠢᠨ ᠵᠢᠯᠣᠭᠣᠳᠤᠯᠭ᠎ᠠ ᠵᠢ ᠤᠯᠠᠮ ᠴᠢᠩᠭ᠋ᠠᠳᠬᠠᠪᠠ᠃ ᠪᠥᠬᠥ ᠵᠢᠯ᠎ᠳᠤ ᠨᠡᠶ᠋ᠢᠲᠡ 620 ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠢ ᠪᠠᠲᠤᠯᠠᠵᠤ᠂ 1469 ᠲᠦᠮᠡᠨ ᠲᠥᠭᠥᠷᠢᠭ᠎ᠤᠨ ᠪᠠᠲᠤᠯᠠᠭ᠎ᠠ ᠵᠢᠨ ᠮᠥᠩᠭᠥ ᠲᠠᠷᠬᠠᠭ᠋ᠠᠪᠠ᠃ ᠡᠭᠦᠨ᠎ᠤ ᠬᠠᠮᠲᠤ ᠰᠠᠨᠠᠭ᠋ᠠᠴᠢᠯᠠᠭ᠎ᠠ᠎ᠠᠴᠠ᠎ᠪᠠᠨ ᠣᠢ᠌ᠯᠠᠭ᠋ᠠᠵᠤ ᠵᠢᠭᠰᠠᠭ᠋ᠠᠬᠤ ᠪᠠ ᠮᠡᠳᠡᠭᠡ ᠵᠠᠩᠭᠢ ᠵᠢᠨ ᠲᠠᠩᠰᠠ ᠡᠪᠬᠡᠮᠡᠯ ᠪᠠᠶ᠋ᠢᠭᠤᠯᠬᠤ ᠡᠷᠴᠢᠮ ᠵᠶ᠋ᠡᠨ ᠴᠢᠩᠭ᠋ᠠᠷᠠᠭᠤᠯᠵᠤ ᠨᠡᠭᠦᠳᠡᠯ ᠬᠡᠦᠬᠡᠳ᠎ᠢ ᠨᠡᠶ᠋ᠢᠲᠡ 1.4 ᠲᠦᠮᠡ ᠪᠠᠢ᠌ᠴᠠᠭ᠋ᠠᠨ ᠵᠢᠭᠰᠠᠭ᠋ᠠᠵᠤ᠂ ᠭᠡᠷ᠎ᠲᠤ᠎ᠪᠠᠨ ᠬᠣᠴᠣᠷᠤᠭᠰᠠᠨ ᠬᠡᠦᠬᠡᠳ᠎ᠲᠤ ᠴᠥᠮ ᠨᠠᠢ᠌ᠳᠠᠵᠤ ᠠᠰᠠᠷᠠᠭᠤᠯᠬᠤ ᠬᠠᠷᠢᠭᠤᠴᠠᠯᠭ᠎ᠠ ᠵᠢᠨ ᠬᠡᠯᠡᠯᠴᠡᠭᠡᠷ᠎ᠤᠨ ᠪᠢᠴᠢᠭ ᠲᠣᠭᠲᠠᠭᠰᠠᠨ ᠪᠥᠭᠡᠳ ᠨᠠᠢ᠌ᠳᠠᠵᠤ ᠠᠰᠠᠷᠠᠭᠤᠯᠬᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠵᠣᠯ ᠵᠢᠷᠭ᠋ᠠᠯᠳᠤ ᠲᠥᠷᠥᠭᠳᠡᠯ᠂ ᠠᠮᠤᠷ ᠠᠮᠤᠭᠤᠯᠠᠡᠭ ᠲᠥᠷᠥᠭᠳᠡᠯ ᠪᠠ ᠬᠠᠷᠢᠶᠠᠯᠠᠭᠳᠠᠬᠤ ᠲᠥᠷᠥᠭᠳᠡᠯ᠎ᠢ ᠤᠯᠠᠮ   ᠲᠡᠭᠡᠭᠰᠢᠯᠡᠬᠦᠯᠪᠡ᠃






 


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.18
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.19
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.20
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.23
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ12.24
 
            