ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.18
ᠨᠡᠶᠢᠲᠡᠯᠡᠭᠰᠡᠨ ᠴᠠᠭ᠄ 2024-12-23

ᠠᠷᠠᠳ᠎ᠤᠨ ᠶᠠᠪᠤᠳᠠᠯ᠎ᠤᠨ ᠶᠠᠮᠤᠨ


    ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠠᠷᠠᠳ᠎ᠤᠨ ᠶᠠᠪᠤᠳᠠᠯ᠎ᠤᠨ ᠶᠠᠮᠤᠨ ᠵᠡᠷᠭᠡ ᠲᠠᠪᠤᠨ ᠰᠠᠯᠠᠭ᠎ᠠ ᠮᠥᠴᠢᠷ᠎ᠤᠨ᠎ᠬᠢᠨ ᠬᠠᠮᠲᠤᠷᠠᠨ ᠤᠷᠴᠢᠮ᠎ᠳᠤ 《ᠡᠮᠴᠢᠯᠡᠬᠡ ᠪᠠ ᠰᠤᠪᠢᠯᠠᠬᠤ ᠵᠢ ᠤᠶᠠᠯᠳᠤᠭᠤᠯᠤᠭᠰᠠᠨ ᠦᠢ᠍ᠯᠡᠴᠢᠯᠡᠭᠡ ᠵᠢᠨ ᠴᠢᠨᠠᠷᠯᠢᠭ  ᠬᠥᠭᠵᠢᠯᠲᠡ ᠵᠢ ᠠᠬᠢᠭᠤᠯᠬᠤ ᠲᠤᠬᠠᠢ ᠵᠢᠯᠤᠭᠣᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠪᠠ᠃ ᠵᠢᠯᠤᠭᠣᠳᠬᠤ ᠰᠠᠨᠠᠯ᠎ᠳᠤ᠂ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡ ᠵᠢ ᠶᠠᠰᠤ ᠴᠢᠨᠠᠷ᠎ᠤᠨ ᠠᠶᠤᠯ ᠦᠬᠡᠢ ᠵᠢᠨ ᠬᠠᠮᠢᠶᠠᠷᠤᠯᠲᠠ ᠵᠢᠨ ᠰᠢᠰᠲᠸᠮ᠎ᠳᠤ ᠣᠷᠣᠭᠤᠯᠵᠤ᠂ ᠨᠥᠬᠥᠴᠡᠯ᠎ᠳᠤ ᠨᠡᠢ᠌ᠴᠡᠬᠦ ᠡᠮᠴᠢᠯᠡᠭᠡ ᠰᠤᠪᠢᠯᠠᠯᠲᠠ ᠵᠢ ᠤᠶᠠᠯᠳᠤᠭᠤᠯᠤᠭᠰᠠᠨ ᠪᠠᠢ᠌ᠭᠤᠯᠤᠮᠵᠢ ᠵᠢ ᠨᠢᠭᠲᠠ ᠬᠡᠯᠪᠡᠷᠢ ᠵᠢᠨ ᠡᠮᠴᠢᠯᠡᠭᠡᠨ᠎ᠤ ᠬᠣᠯᠪᠣᠭ᠋ᠠᠲᠤ ᠴᠣᠭᠴᠠ᠎ᠳᠤ ᠣᠷᠣᠭᠤᠯᠤᠨ ᠨᠢᠭᠡᠳᠦᠯᠲᠡᠢ ᠬᠠᠮᠢᠶᠠᠷᠬᠤ ᠵᠢ ᠵᠣᠷᠢᠭᠵᠢᠭᠤᠯᠵᠤ᠂ ᠰᠠᠢ᠌ᠨ ᠳᠤᠷ᠎ᠠ᠎ᠠᠴᠠ᠎ᠪᠠᠨ ᠭᠤᠶᠤᠴᠢᠯᠠᠭᠰᠠᠨ ᠪᠥᠭᠡᠳ ᠨᠥᠬᠥᠴᠡᠯ᠎ᠳᠤ ᠨᠡᠢ᠌ᠴᠡᠬᠦ ᠡᠮᠴᠢᠯᠡᠭᠡ ᠰᠤᠪᠢᠯᠠᠯᠲᠠ ᠵᠢ ᠤᠶᠠᠯᠳᠤᠭᠤᠯᠤᠭᠰᠠᠨ ᠪᠠᠢ᠌ᠭᠤᠯᠤᠮᠵᠢ ᠵᠢ ᠡᠮᠴᠢᠯᠡᠭᠡᠨ᠎ᠤ ᠳᠠᠭ᠋ᠠᠳᠬᠠᠯ᠎ᠤᠨ ᠲᠣᠭᠲᠠᠭᠰᠠᠨ ᠴᠡᠭ᠎ᠤᠨ ᠬᠡᠪᠴᠢᠶᠡᠨ᠎ᠳᠤ ᠣᠷᠣᠭᠤᠯᠬᠤ ᠵᠢ ᠳᠡᠮᠵᠢᠨ᠎ᠡ ᠭᠡᠵᠦ ᠲᠣᠭᠲᠠᠭ᠋ᠠᠵᠠᠢ᠃


ᠨᠡᠢ᠌ᠭᠡᠮ᠎ᠤᠨ ᠲᠤᠰᠠᠯᠠᠮᠵᠢ


    ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠨᠡᠢ᠌ᠭᠡᠮ᠎ᠤᠨ ᠲᠤᠰᠠᠯᠠᠮᠵᠢ ᠵᠢ ᠭᠠᠷᠲᠠᠨ ᠭᠦᠢ᠍ᠴᠡᠳᠬᠡᠬᠦ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ 7 ᠳ᠋ᠤᠭ᠋ᠠᠷ ᠰᠠᠷ᠎ᠠ᠎ᠠᠴᠠ ᠡᠬᠢᠯᠡᠨ ᠪᠥᠬᠥ ᠬᠣᠲᠠ ᠵᠢᠨ ᠡᠯ᠎ᠡ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠂ ᠨᠡᠢ᠌ᠭᠡᠮ ᠲᠣᠭᠣᠷᠢᠭ᠎ᠤᠨ ᠬᠠᠮᠢᠶᠠᠷᠤᠯᠲᠠ ᠦᠢ᠍ᠯᠡᠴᠢᠯᠡᠭᠡᠨ᠎ᠤ ᠥᠷᠲᠡᠭᠡ ᠵᠢᠨ ᠦᠢ᠍ᠯᠡᠴᠢᠯᠡᠭᠡᠨ᠎ᠤ ᠴᠤᠡᠭᠬᠤᠪᠴᠢ᠎ᠨᠢ ᠬᠦᠴᠢᠷᠳᠡᠯᠲᠡᠢ ᠣᠯᠠᠨ ᠲᠦᠮᠡᠨ᠎ᠤ ᠭᠤᠶᠤᠴᠢᠯᠠᠯ᠎ᠢ ᠨᠢᠭᠡᠳᠦᠯᠲᠡᠢ ᠭᠥᠯᠢᠶᠡᠨ ᠠᠪᠴᠤ ᠰᠢᠢ᠍ᠳᠪᠦᠷᠢᠯᠡᠵᠦ᠂ ᠬᠦᠴᠢᠷᠳᠡᠯᠲᠡᠢ ᠣᠯᠠᠨ ᠲᠦᠮᠡᠨ᠎ᠤ ᠨᠡᠢ᠌ᠭᠡᠮ᠎ᠤᠨ ᠲᠤᠰᠠᠯᠠᠮᠵᠢ ᠵᠢᠨ 《ᠨᠢᠭᠡ ᠶᠠᠪᠤᠳᠠᠯ》᠎ᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠬᠣᠯᠪᠤᠭ᠋ᠠᠯᠠᠨ ᠬᠥᠳᠡᠯᠦᠯᠴᠡᠵᠦ 《ᠨᠢᠭᠡ ᠯᠡ ᠤᠳᠠᠭ᠎ᠠ᠎ᠳᠤ ᠭᠦᠢ᠍ᠴᠡᠳᠬᠡᠬᠦ》 ᠵᠢ ᠪᠡᠶᠡᠯᠡᠭᠦᠯᠵᠦ᠂ ᠬᠦᠴᠢᠷᠳᠡᠯᠲᠡᠢ ᠣᠯᠠᠨ ᠲᠦᠮᠡᠨ᠎ᠤ  ᠲᠤᠰᠠᠯᠠᠮᠵᠢ ᠭᠤᠶᠤᠴᠢᠯᠠᠬᠤ᠎ᠳᠤ ᠤᠯᠠᠮ ᠲᠥᠬᠥᠮ ᠦᠵᠡᠬᠦᠯᠵᠤ ᠪᠠᠢ᠌ᠨ᠎ᠠ ᠃ 2024 ᠣᠨ᠎ᠳᠤ 《ᠨᠢᠭᠡ ᠶᠠᠪᠤᠳᠠᠯ》 ᠵᠢᠨᠷ ᠳᠠᠮᠵᠢᠭᠤᠯᠤᠨ ᠨᠡᠢ᠌ᠭᠡᠮ᠎ᠤᠨ ᠲᠤᠰᠠᠯᠠᠮᠵᠢ ᠵᠢ ᠭᠦᠢ᠍ᠴᠡᠳᠬᠡᠭᠰᠡᠨ ᠬᠦᠴᠢᠷᠳᠡᠯᠲᠡᠢ ᠤᠯᠠᠨ ᠲᠦᠮᠡᠨ 6261 ᠬᠥᠮᠥᠨ᠎ᠳᠤ ᠬᠦᠷᠴᠡᠢ᠃


ᠨᠡᠢ᠌ᠭᠡᠮ᠎ᠤᠨ ᠬᠡᠷᠡᠭ ᠶᠠᠪᠤᠳᠠᠯ


   ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《96444》 ᠣᠷᠣᠰᠢᠭᠤᠯᠭ᠎ᠠ ᠵᠢᠨ ᠦᠢ᠍ᠯᠡᠴᠢᠯᠡᠭᠡᠨ᠎ᠤ  ᠪᠠᠢ᠌ᠡᠭᠭᠤ ᠵᠢᠨ ᠤᠳᠠᠰᠤ ᠵᠢ ᠨᠠᠪᠲᠠᠷᠡᠭᠦᠯᠵᠦ᠂ ᠲᠤᠬᠠᠢ᠌ᠯᠠᠭᠰᠠᠨ ᠠᠵᠢᠯ ᠭᠦᠢ᠍ᠴᠡᠳᠬᠡᠬᠦ᠂ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠬᠢᠬᠦ᠂ ᠬᠢᠨᠠᠯᠲᠠ ᠲᠠᠯᠪᠢᠵᠤ ᠠᠰᠠᠭᠤᠨ ᠯᠠᠪᠯᠠᠬᠤ ᠵᠡᠷᠭᠡ ᠣᠯᠠᠨ ᠵᠦᠢ᠍ᠯ᠎ᠤᠨ ᠦᠢ᠍ᠯᠡᠴᠢᠯᠡᠭᠡ ᠵᠢ ᠨᠢᠭᠡ ᠴᠣᠭᠴᠠᠵᠢᠭᠤᠯᠪᠠ᠃ 9 ᠳ᠋ᠤᠬᠡᠷ ᠰᠠᠷ᠎ᠠ ᠵᠢᠨ 1᠎ᠤ ᠡᠳᠦᠷ ᠪᠠᠢ᠌ᠡᠭᠭᠤ ᠵᠢᠨ ᠤᠲᠠᠰᠤ ᠨᠡᠪᠲᠡᠷᠡᠭᠰᠡᠨ᠎ᠠᠴᠠ  ᠨᠠᠭ᠋ᠠᠰᠢ ᠣᠯᠠᠨ ᠲᠦᠮᠡᠨ᠎ᠤ ᠢᠷᠡᠭᠦᠯᠦᠭᠰᠡᠨ 2847 ᠤᠲᠠᠰᠤ ᠵᠢ ᠬᠦᠯᠢᠶᠡᠨ ᠠᠪᠤᠬᠰᠠᠨ᠎ᠤ ᠳᠣᠲᠣᠷ᠎ᠠ ᠲᠥᠷᠥ ᠵᠢᠨ ᠪᠣᠳᠣᠯᠭ᠎ᠠ ᠵᠢᠨ ᠵᠥᠪᠯᠡᠯᠭᠡ 1839᠂ ᠲᠤᠬᠠᠢ᠌ᠯᠠᠭᠰᠠᠨ ᠠᠵᠢᠯ᠎ᠤᠨ ᠭᠠᠷ ᠭᠦᠢ᠍ᠴᠡᠳᠬᠡᠯ 1008 ᠪᠤᠶ᠃


ᠨᠠᠰᠤᠵᠢᠯ᠎ᠤᠨ ᠦᠢ᠍ᠯᠡᠴᠢᠯᠡᠭᠡ


     ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ 2024 ᠣᠨ᠎ᠤ ᠨᠠᠰᠤᠵᠢᠯ᠎ᠤᠨ ᠠᠰᠠᠷᠠᠮᠵᠢ ᠪᠠ ᠣᠷᠣᠨ ᠰᠠᠭᠤᠴᠠ ᠵᠢᠨ ᠠᠵᠤ ᠦᠢ᠍ᠯᠡᠰ᠎ᠤᠨ ᠶᠡᠬᠡ ᠬᠤᠷᠠᠯ ᠪᠠ ᠬᠠᠢ᠌ᠨᠠᠨ᠎ᠤ ᠨᠠᠰᠤᠵᠢᠯ᠎ᠤᠨ ᠠᠰᠠᠷᠠᠮᠵᠢ ᠪᠠ ᠡᠷᠡᠭᠦᠯ ᠮᠡᠨᠳᠦ ᠪᠠ ᠣᠷᠣᠨ ᠰᠠᠭᠤᠴᠠ ᠵᠢᠨ ᠠᠵᠤ ᠦᠢ᠍ᠯᠡᠰ᠎ᠤᠨ ᠶᠡᠬᠡ ᠬᠤᠷᠠᠯ᠎ᠳᠤ ᠤᠷᠢᠭᠳᠠᠨ ᠣᠷᠣᠯᠴᠠᠵᠤ᠂ ᠬᠠᠢ᠌ᠨᠠᠨ ᠮᠤᠵᠢ ᠵᠢᠨ ᠬᠠᠢ᠌ᠺᠧᠦ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠴᠢᠶᠦ᠋ᠩ ᠵᠦᠩ᠎ᠤᠨ ᠯᠢ ᠦᠨᠳᠦᠰᠦᠲᠡᠨ ᠮᠢᠶᠣᠣ ᠦᠨᠳᠦᠰᠦᠲᠡᠨ᠎ᠤ ᠥᠪᠡᠷᠲᠡᠭᠡᠨ ᠵᠠᠰᠠᠬᠤ ᠰᠢᠶᠠᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ᠎ᠲᠠᠢ ᠵᠢᠭᠤᠯᠴᠢᠯᠠᠨ ᠰᠠᠭᠤᠬᠤ ᠪᠠ ᠨᠠᠰᠤᠵᠢᠯ᠎ᠤᠨ ᠠᠰᠠᠷᠠᠮᠵᠢ ᠵᠢᠨ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ ᠲᠣᠭᠲᠠᠵᠤ᠂ ᠵᠢᠭᠤᠯᠴᠢᠯᠠᠵᠤ ᠰᠠᠭᠤᠬᠤ ᠨᠠᠰᠤᠵᠢᠯ᠎ᠤᠨ ᠠᠰᠠᠷᠠᠮᠵᠢ ᠵᠢᠨ ᠬᠠᠮᠲᠤᠷᠠᠯᠴᠠᠭ᠋ᠠᠨ᠎ᠤ ᠲᠣᠭᠲᠠᠴᠠ ᠵᠢ ᠪᠠᠶ᠋ᠢᠭᠤᠯᠬᠤ᠂ ᠵᠢᠭᠤᠯᠴᠢᠯᠠᠵᠤ ᠰᠠᠭᠤᠬᠤ ᠨᠠᠰᠤᠵᠢᠯ᠎ᠤᠨ ᠠᠰᠠᠷᠠᠮᠵᠢ ᠵᠢᠨ ᠳᠠᠪᠠᠭᠤᠯᠢᠭ ᠡᠬᠢ ᠪᠠᠶᠠᠯᠢᠭ᠎ᠢ ᠨᠡᠢ᠌ᠳᠬᠡᠬᠦ᠂ ᠵᠢᠭᠤᠯᠴᠢᠯᠠᠵᠤ ᠰᠠᠭᠤᠬᠤ ᠨᠠᠰᠤᠵᠢᠯ᠎ᠤᠨ ᠠᠰᠠᠷᠠᠮᠵᠢ ᠵᠢᠨ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠵᠢ ᠠᠬᠢᠭᠤᠯᠬᠤ᠂ ᠨᠠᠰᠤᠵᠢᠯ᠎ᠤᠨ ᠠᠰᠠᠷᠠᠮᠵᠢ ᠵᠢᠨ ᠡᠬᠢ ᠪᠠᠶᠠᠯᠢᠭ᠎ᠤᠨ ᠤᠬᠠᠭᠤᠯᠭ᠎ᠠ ᠲᠠᠨᠢᠯᠴᠠᠭᠤᠯᠭ᠎ᠠ ᠵᠢ ᠴᠢᠩᠭ᠋ᠠᠳᠬᠠᠬᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠰᠣᠯᠢᠯᠴᠠᠭ᠎ᠠ ᠬᠠᠮᠲᠤᠷᠠᠯᠴᠠᠭ᠎ᠠ ᠵᠢ ᠴᠢᠩᠭ᠋ᠠᠳᠬᠠᠬᠤ᠂ ᠵᠢᠭᠤᠯᠴᠢᠯᠠᠵᠤ ᠰᠠᠭᠤᠬᠤ ᠨᠠᠰᠤᠵᠢᠯ᠎ᠤᠨ ᠠᠰᠠᠷᠠᠮᠵᠢ ᠵᠢᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠳᠡᠮᠵᠢᠬᠦ᠂ ᠵᠢᠭᠤᠯᠴᠢᠯᠠᠵᠤ ᠰᠠᠭᠤᠬᠤ ᠨᠠᠰᠤᠵᠢᠯ᠎ᠤᠨ ᠠᠰᠠᠷᠠᠮᠵᠢ ᠵᠢᠨ ᠵᠠᠬ᠎ᠠ ᠳᠡᠯᠭᠡᠭᠦᠷ᠎ᠢ ᠵᠢᠷᠤᠮᠵᠢᠭᠤᠯᠤᠨ ᠬᠠᠮᠢᠶᠠᠷᠬᠤ ᠵᠡᠷᠭᠡ ᠲᠤᠯᠤᠭ᠋ᠠᠨ ᠲᠠᠯ᠎ᠠ᠎ᠪᠠᠷ ᠬᠠᠮᠲᠤᠷᠠᠯᠴᠠᠭ᠋ᠠᠨ᠎ᠤ ᠬᠠᠮᠲᠤ ᠵᠢᠨ ᠲᠠᠨᠢᠯᠳᠠ᠎ᠲᠠᠢ ᠪᠤᠯᠪᠠ᠃
   ᠤᠯᠠᠭ᠋ᠠᠨᠴᠠᠪ᠎ᠤᠨ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ ᠬᠤᠰᠢᠭᠤ ᠰᠢᠶᠠᠨ᠂ ᠰᠤᠮᠤ ᠰᠢᠶᠠᠩ᠂ ᠭᠠᠴᠠᠭ᠎ᠠ ᠲᠣᠰᠬᠣᠨ ᠭᠤᠷᠪᠠᠨ ᠱᠠᠲᠤᠨ᠎ᠤ ᠦᠢ᠍ᠯᠡᠴᠢᠯᠡᠭᠡᠨ᠎ᠤ  ᠲᠤᠤᠷᠵᠢᠯ᠎ᠢ ᠬᠦᠴᠦᠯᠡᠨ ᠪᠦᠷᠢᠨᠰᠢᠭᠦᠯᠵᠡᠢ᠃ ᠬᠤᠰᠢᠭᠤ ᠰᠢᠶᠠᠨ᠎ᠤ ᠱᠠᠲᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠎ᠢ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠵᠦ ᠲᠥᠪᠯᠡᠷᠡᠭᠦᠯᠦᠨ ᠠᠰᠠᠷᠠᠨ ᠲᠡᠵᠢᠭᠡᠬᠦ᠂ ᠠᠵᠢᠯ ᠲᠥᠷᠥᠯ᠎ᠤᠨ ᠵᠢᠯᠣᠭᠣᠳᠤᠯᠭ᠎ᠠ᠂ ᠮᠡᠳᠡᠭᠡ ᠵᠠᠩᠭᠢ ᠵᠢᠨ ᠦᠢ᠍ᠯᠡᠴᠢᠯᠡᠭᠡ ᠵᠡᠷᠭᠡ ᠴᠢᠳᠠᠮᠵᠢ ᠵᠢ ᠨᠢᠭᠡ ᠴᠣᠭᠴᠠᠵᠢᠭᠤᠯᠤᠭᠰᠠᠨ ᠶᠡᠷᠦᠩᠬᠡᠢ᠌ᠯᠡᠭᠰᠡᠨ ᠨᠠᠰᠤᠵᠢᠯ᠎ᠤᠨ ᠠᠰᠠᠷᠠᠮᠵᠢ ᠵᠢᠨ ᠬᠦᠢ᠍ᠰᠦ ᠲᠠᠪᠴᠠᠩ  ᠪᠤᠯᠭ᠋ᠠᠪᠠ  ᠰᠤᠮᠤ ᠰᠢᠶᠠᠩ᠎ᠤᠨ ᠱᠠᠲᠤᠨ᠎ᠤ ᠣᠷᠣᠨ ᠪᠦᠰᠡ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠎ᠲᠤ ᠨᠠᠰᠤᠲᠠᠢ᠌ᠴᠤᠳ᠎ᠤᠨ ᠬᠣᠭᠣᠯᠠᠨ ᠭᠡᠷ᠎ᠢ ᠨᠡᠮᠡᠨ ᠪᠠᠢ᠌ᠭᠤᠯᠵᠤ᠂ ᠨᠠᠮ ᠪᠠ ᠤᠯᠠᠨ ᠲᠦᠮᠡᠨ᠎ᠤ ᠦᠢ᠍ᠯᠡᠴᠢᠯᠡᠭᠡᠨ᠎ᠤ ᠴᠢᠳᠠᠮᠵᠢ᠎ᠳᠤ ᠠᠭᠤᠰᠤᠯᠴᠠᠭᠤᠯᠵᠤ᠂ ᠨᠠᠰᠤᠲᠠᠢ᠌ᠴᠤᠳ᠎ᠲᠤ 《ᠵᠢᠷᠭᠤᠭ᠎ᠠ ᠵᠢ ᠲᠤᠰᠠᠯᠠᠬᠤ》 ᠦᠢ᠍ᠯᠡᠴᠢᠯᠡᠭᠡ ᠬᠠᠡᠭᠭ᠋ᠠᠪᠠ᠃ ᠭᠠᠴᠠᠭ᠎ᠠ ᠲᠣᠰᠬᠣᠨ᠎ᠤ ᠱᠠᠲᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠥᠷᠲᠡᠭᠡ᠎ᠨᠢ  ᠭᠠᠴᠠᠭ᠎ᠠ ᠲᠣᠰᠬᠣᠨ᠎ᠤ ᠬᠣᠶᠠᠷ ᠵᠥᠪᠯᠡᠯ᠎ᠤᠨ ᠠᠵᠢᠯᠯᠠᠬᠤ ᠭᠠᠵᠠᠷ᠂ ᠬᠥᠳᠡᠭᠡ ᠲᠣᠰᠬᠣᠨ᠎ᠤ ᠬᠠᠷᠢᠯᠴᠠᠨ ᠬᠠᠪᠰᠤᠷᠤᠯᠴᠠᠬᠤ ᠠᠰᠠᠷᠠᠮᠵᠢ ᠵᠢᠨ ᠬᠦᠷᠢᠶᠡᠯᠡᠩ᠎ᠳᠤ ᠲᠦᠰᠢᠭᠯᠡᠨ᠂ ᠭᠤᠷᠪᠠᠨ ᠱᠠᠲᠤᠨ᠎ᠤ ᠦᠢ᠍ᠯᠡᠴᠢᠯᠡᠭᠡᠨ᠎ᠤ  ᠲᠤᠤᠷᠵᠢᠯ᠎ᠤᠨ 《ᠰᠡᠵᠢᠭᠦᠷ》᠎ᠢ ᠨᠠᠪᠲᠠᠷᠡᠭᠦᠯᠵᠦ᠂ ᠪᠥᠬᠥ ᠲᠠᠯ᠎ᠠ ᠵᠢ ᠬᠠᠮᠤᠷᠤᠭᠰᠠᠨ᠂ ᠪᠦᠷᠢᠨ ᠲᠡᠭᠦᠯᠳᠡᠷ ᠴᠢᠳᠠᠮᠵᠢ᠎ᠲᠠᠢ ᠭᠤᠷᠪᠠᠨ ᠱᠠᠲᠤᠨ᠎ᠤ ᠬᠥᠳᠡᠭᠡ ᠲᠣᠰᠬᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ  ᠲᠤᠤᠷᠵᠢᠯ᠎ᠢ ᠪᠠᠢ᠌ᠭᠤᠯᠪᠠ᠃





 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.19
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.20
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.23
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ12.24
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ12.25
 
            