ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.23
ᠨᠡᠶᠢᠲᠡᠯᠡᠭᠰᠡᠨ ᠴᠠᠭ᠄ 2024-12-23

ᠠᠷᠠᠳ᠎ᠤᠨ ᠶᠠᠪᠤᠳᠠᠯ᠎ᠤᠨ ᠶᠠᠮᠤᠨ


   ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ ᠤᠷᠴᠢᠮ᠎ᠳᠤ ᠮᠡᠳᠡᠭᠳᠡᠯ ᠳᠠᠷᠤᠮᠠᠯᠯᠠᠨ ᠲᠠᠷᠬᠠᠭ᠋ᠠᠵᠤ᠂ ᠡᠯ᠎ᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ ᠪᠠᠢ᠌ᠴᠠᠭ᠋ᠠᠯᠲᠠ ᠪᠠ ᠬᠠᠤᠯᠢ ᠬᠡᠷᠡᠭᠵᠢᠭᠦᠯᠬᠦ ᠠᠵᠢᠯ ᠵᠶ᠋ᠠᠨ ᠴᠢᠩᠭ᠋ᠠᠳᠬᠠᠬᠤ ᠬᠡᠷᠡᠭᠲᠡᠢ ᠭᠡᠵᠦ ᠱᠠᠭ᠋ᠠᠷᠳᠠᠪᠠ᠃ ᠮᠡᠳᠡᠭᠳᠡᠯ᠎ᠳᠤ ᠂ ᠡᠯ᠎ᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠎ᠳᠤ ᠬᠠᠨᠳᠤᠯᠭ᠋ᠠᠲᠤ ᠴᠢᠨᠠᠷᠲᠠᠢ᠎ᠪᠠᠷ ᠭᠦᠨᠵᠡᠭᠡᠢ ᠪᠠᠢ᠌ᠴᠠᠭ᠋ᠠᠯᠲᠠ ᠬᠢᠵᠦ᠂ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠎ᠲᠠᠢ ᠬᠣᠯᠪᠣᠭ᠎ᠠ᠎ᠲᠠᠢ᠂ ᠬᠠᠤᠯᠢ ᠲᠣᠭᠲᠠᠭ᠋ᠠᠯ᠎ᠢ ᠵᠥᠷᠢᠴᠡᠭᠰᠡᠨ ᠰᠡᠵᠢᠭᠯᠡᠯᠲᠡᠢ ᠪᠠᠢ᠌ᠳᠠᠯ᠎ᠲᠠᠢ ᠬᠣᠯᠪᠣᠭᠳᠠᠯ ᠪᠦᠬᠦᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠤᠷᠲᠤᠳᠬᠠᠭᠰᠠᠨ ᠪᠠᠢ᠌ᠴᠠᠭ᠋ᠠᠯᠲᠠ ᠬᠢᠵᠦ᠂ ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠎ᠠ ᠥᠷᠨᠢᠭᠦᠯᠬᠦ᠎ᠪᠠᠷ ᠵᠣᠷᠢᠯᠲᠠ ᠪᠠ ᠲᠤᠬᠠᠢ᠌ᠯᠠᠭᠰᠠᠨ ᠠᠵᠢᠯ᠎ᠤᠨ ᠬᠦᠷᠢᠶ᠎ᠡ ᠬᠡᠪᠴᠢᠶ᠎ᠡ᠎ᠪᠠᠨ ᠪᠣᠯᠭ᠋ᠠᠭᠰᠠᠨ ᠪᠤᠰᠤᠳ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠤᠷᠲᠤᠳᠬᠠᠭᠰᠠᠨ ᠪᠠᠢ᠌ᠴᠠᠭ᠋ᠠᠯᠲᠠ ᠬᠢᠬᠦ ᠬᠡᠷᠡᠭᠲᠡᠢ ᠬᠡᠵᠡᠢ᠃


ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ


  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ᠎ᠬᠢᠨ ᠤᠷᠴᠢᠮ᠎ᠳᠤ ᠬᠣᠷᠢᠨ ᠬᠣᠶᠠᠳᠤᠭ᠋ᠠᠷ ᠤᠳᠠᠭ᠋ᠠᠨ᠎ᠤ ᠪᠥᠬᠥ ᠣᠷᠣᠨ᠎ᠤ ᠠᠷᠠᠳ᠎ᠤᠨ ᠶᠠᠪᠤᠳᠠᠯ᠎ᠤᠨ ᠬᠤᠷᠠᠯ ᠬᠤᠷᠠᠯᠳᠤᠭᠤᠯᠪᠠ ᠃ ᠬᠤᠷᠠᠯ ᠲᠡᠬᠡᠷ᠎ᠡ ᠠᠷᠠᠳ᠎ᠤᠨ ᠶᠠᠪᠤᠳᠠᠯ᠎ᠤᠨ ᠠᠵᠢᠯ᠎ᠤᠨ ᠰᠢᠨ᠎ᠡ ᠪᠠᠢ᠌ᠳᠠᠯ ᠰᠢᠨ᠎ᠡ ᠬᠤᠪᠢᠷᠠᠯᠲᠠ᠎ᠳᠤ ᠵᠣᠬᠢᠴᠠᠵᠤ ᠲᠡᠰ ᠲᠦᠷᠦᠯ ᠬᠤᠪᠢᠶᠠᠭᠰᠠᠨ ᠨᠡᠢ᠌ᠭᠡᠮ᠎ᠤᠨ  ᠲᠤᠰᠠᠯᠠᠮᠵᠢ ᠵᠢᠨ ᠰᠢᠰᠲᠸᠮ᠎ᠢ ᠪᠦᠷᠢᠨᠰᠢᠭᠦᠯᠵᠦ᠂ ᠬᠦᠴᠢᠷᠳᠡᠯᠲᠡᠢ ᠤᠯᠠᠨ ᠲᠦᠮᠡᠨ᠎ᠤ ᠠᠮᠢᠳᠤᠷᠠᠯ᠎ᠤᠨ ᠬᠣᠷᠢᠭ᠎ᠠ ᠱᠤᠭᠤᠮ᠎ᠢ  ᠴᠢᠷᠮᠠᠢ᠌ᠨ ᠪᠠᠲᠤ ᠰᠠᠬᠢᠬᠤ ᠬᠡᠷᠡᠭᠲᠡᠢ᠃ ᠪᠠᠢ᠌ᠭᠤᠯᠤᠮᠵᠢ᠂ ᠭᠡᠷ ᠪᠦᠯᠢ᠂ ᠨᠡᠢ᠌ᠭᠡᠮ ᠲᠣᠭᠣᠷᠢᠭ᠂ ᠲᠠᠷᠢᠶᠠᠯᠠᠬᠤ ᠮᠠᠯᠵᠢᠬᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲᠸᠮ᠎ᠢ ᠤᠯᠠᠮ ᠲᠡᠭᠦᠯᠳᠡᠷᠵᠢᠭᠦᠯᠦᠨ᠂ ᠪᠤᠭᠤᠷᠤᠯᠴᠤᠳ ᠎ᠤᠨ ᠠᠵᠤ ᠠᠬᠤᠢ  ᠵᠢ ᠶᠡᠬᠡ᠎ᠪᠠᠷ ᠬᠥᠭᠵᠢᠭᠦᠯᠦᠨ᠎ᠡ᠃᡾ ᠨᠡᠢ᠌ᠭᠡᠮ᠎ᠤᠨ ᠦᠨᠳᠦᠰᠦᠨ ᠦᠢ᠍ᠯᠡᠴᠢᠯᠡᠭᠡ ᠵᠢ ᠯᠠᠪᠳᠠᠭᠤᠨ ᠪᠠᠲᠤᠲᠠᠢ ᠰᠠᠢ᠌ᠲᠤᠷ ᠬᠢᠵᠦ᠂ ᠤᠯᠠᠨ ᠲᠦᠮᠡᠨ᠎ᠳᠤ ᠪᠣᠳᠠᠲᠤ ᠶᠠᠪᠤᠳᠠᠯ᠎ᠢ ᠢᠯᠡᠭᠦᠬᠡᠨ ᠰᠠᠢ᠌ᠲᠤᠷ ᠬᠢᠬᠦ   ᠬᠡᠷᠡᠭᠲᠡ᠊᠃ ᠬᠠᠷᠢᠯᠴᠠᠨ ᠬᠠᠪᠰᠤᠷᠤᠯᠴᠠᠬᠤ  ᠠᠰᠷᠠᠮᠵᠢ ᠵᠢᠨ ᠬᠦᠷᠢᠶᠡᠯᠡᠩ᠂ ᠨᠠᠰᠤᠲᠠᠨ᠎ᠢ ᠠᠰᠠᠷᠠᠬᠤ ᠬᠦᠷᠢᠶᠡᠯᠡᠩ᠂ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ ᠵᠡᠷᠭᠡ ᠲᠠᠯᠠᠪᠤᠷ᠎ᠤᠨ ᠠᠮᠤᠷ ᠲᠦᠪᠰᠢᠨ᠎ᠤ ᠬᠡᠮ ᠰᠣᠭᠣᠭ᠎ᠢ ᠪᠥᠬᠥ ᠲᠠᠯ᠎ᠠ᠎ᠪᠠᠷ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠵᠤ᠂ ᠠᠮᠤᠷ ᠲᠦᠪᠰᠢᠨ᠎ᠤ ᠡᠨᠳᠡᠯ ᠭᠠᠷᠬᠤ ᠵᠢ ᠪᠦᠲᠦᠮᠵᠢᠲᠡᠶ ᠰᠡᠷᠭᠡᠢ᠌ᠯᠡᠨ ᠬᠤᠷᠢᠬᠯᠠᠬᠤ ᠬᠡᠷᠡᠭᠳᠡᠢ ᠬᠡᠵᠡᠢ᠃


ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ


   ᠰᠢᠯᠢ ᠵᠢᠨ ᠭᠣᠣᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠎ᠬᠢᠨ ᠤᠷᠴᠢᠮ᠎ᠳᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠬᠦᠷᠢᠶᠡᠯᠡᠩ᠎ᠢ ᠲᠠᠰ ᠳᠡᠪᠰᠢᠭᠦᠯᠦᠨ ᠥᠭᠡᠷᠡᠴᠢᠯᠡᠬᠦ ᠠᠵᠢᠯ᠎ᠢ ᠪᠡᠶᠡᠯᠡᠭᠦᠯᠬᠦ ᠵᠢᠨ ᠬᠠᠮᠲᠤ ᠵᠣᠬᠢᠶᠠᠨ ᠪᠠᠢ᠌ᠭᠤᠯᠤᠯᠲᠠ᠎ᠠᠴᠠ ᠭᠤᠶᠤᠴᠢᠯᠠᠨ ᠮᠡᠳᠡᠭᠦᠯᠬᠦ᠂ ᠠᠩᠬ᠎ᠠ ᠠᠯᠬᠤᠮ ᠰᠢᠯᠢᠨ ᠰᠣᠩᠭᠣᠬᠤ᠂ ᠲᠥᠪᠯᠡᠷᠡᠭᠦᠯᠦᠨ ᠬᠢᠨᠠᠨ ᠲᠣᠭᠲᠠᠭ᠋ᠠᠬᠤ ᠵᠡᠷᠭᠡ ᠶᠠᠪᠤᠴᠨ᠎ᠪᠠᠷ ᠳᠠᠮᠵᠢᠭᠤᠯᠤᠨ᠂ 8 ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠣᠷᠣᠵᠤ ᠰᠠᠭᠤᠬᠤ ᠵᠢᠱ᠌ᠢᠶ᠎ᠡ ᠦᠵᠡᠭᠦᠯᠬᠦ ᠬᠦᠷᠢᠶᠡᠯᠡᠩ᠎ᠢ ᠲᠣᠭᠲᠠᠭ᠋ᠠᠬᠤ ᠵᠢᠨ ᠬᠠᠮᠲᠤ ᠭᠠᠷ᠎ᠤᠨ ᠥᠰᠥᠭ ᠵᠢᠷᠤᠬᠤ ᠶᠣᠰᠣᠯᠠᠯ ᠡᠷᠭᠢᠯᠡᠵᠦ᠂ ᠦᠢ᠍ᠯᠡᠴᠢᠯᠡᠭᠡᠨ᠎ᠤ ᠠᠭᠤᠯᠭ᠎ᠠ᠂ ᠣᠷᠣᠵᠤ ᠰᠠᠭᠤᠬᠤ ᠨᠥᠬᠥᠴᠡᠯ᠂ ᠭᠤᠶᠤᠴᠢᠯᠠᠬᠤ ᠶᠠᠪᠤᠴᠨ᠂ ᠨᠡᠪᠴᠢᠭᠦᠯᠬᠦ ᠬᠤᠭᠤᠴᠠᠭ᠎ᠠ ᠬᠢᠵᠠᠭ᠋ᠠᠷ᠂ ᠨᠡᠪᠴᠢᠭᠦᠯᠬᠦ ᠶᠠᠪᠤᠴᠨ ᠵᠢ ᠤᠯᠠᠮ  ᠲᠣᠳᠣᠷᠬᠠᠢ᠌ᠯᠠᠵᠤ᠂  ᠢᠵᠢ ᠪᠦᠷᠢᠳᠦᠭᠦᠯᠬᠦ ᠡᠯ᠎ᠡ ᠳᠦᠷᠢᠮ᠎ᠢ ᠲᠡᠬᠦᠯᠳᠡᠷᠵᠢᠬᠦᠯᠪᠡ᠃
    ᠪᠠᠶᠠᠨᠨᠠᠭᠤᠷ᠎ᠤᠨ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠢᠳᠡᠪᠬᠢᠲᠡᠢ ᠲᠠᠢ᠍ᠢ᠍ᠴᠢᠯᠠᠵᠦ ᠵᠢᠯᠤᠭᠣᠳᠴᠤ ᠪᠠᠢ᠌ᠭ᠋ᠠᠳ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦ ᠨᠡᠮᠡᠷᠢᠯᠡᠬᠦ᠂ ᠣᠶᠤᠲᠠᠳ᠎ᠤᠨ ᠠᠵᠢᠯ ᠣᠯᠭᠣᠯᠲᠠ ᠵᠢᠨ ᠲᠠᠪᠴᠠᠩ᠎ᠢ ᠪᠠᠶ᠋ᠢᠭᠤᠯᠬᠤ ᠵᠡᠷᠭᠡ ᠲᠠᠯ᠎ᠠ᠎ᠪᠠᠷ ᠣᠷᠣᠨ ᠨᠤᠲᠤᠭ᠎ᠤᠨ ᠠᠵᠤ ᠠᠬᠤᠢ ᠪᠣᠯᠣᠨ ᠨᠡᠢ᠌ᠭᠡᠮ᠎ᠤᠨ ᠬᠥᠭᠵᠢᠯᠲᠡ᠎ᠳᠤ ᠦᠢ᠍ᠯᠡᠴᠢᠯᠡᠬᠦ᠎ᠳᠤ ᠬᠤᠪᠢ ᠨᠡᠮᠡᠷᠢ ᠦᠵᠡᠭᠦᠯᠪᠡ᠃ ᠣᠲᠣ ᠪᠣᠯᠲᠠᠯ᠎ᠠ ᠪᠥᠬᠥ ᠬᠣᠲᠠ᠎ᠳᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢ᠍ᠯ᠎ᠳᠤ ᠨᠡᠶ᠋ᠢᠲᠡ 123 ᠬᠦᠴᠦ ᠨᠡᠮᠡᠷᠢᠯᠡᠵᠦ᠂ 3492.58 ᠲᠦᠮᠡᠨ ᠲᠥᠭᠥᠷᠢᠭ᠎ᠤᠨ ᠪᠡᠯᠡ ᠣᠷᠣᠭᠤᠯᠵᠤ᠂ 9 ᠲᠦᠮᠡ ᠭᠠᠷᠤᠢ ᠬᠥᠮᠥᠨ᠎ᠳᠤ ᠠᠰᠢᠭ ᠬᠦᠷᠲᠡᠭᠡᠪᠡ᠃ 76 ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠠ ᠭᠡᠰᠢᠭᠦᠨ ᠨᠢᠬᠡᠴᠢ ᠠᠵᠢᠯᠲᠠᠨ ᠡᠯᠰᠡᠬᠦ ᠠᠵᠢᠯᠯᠠᠭ᠎ᠠ᠎ᠳᠤ ᠣᠷᠣᠯᠴᠠᠵᠤ᠂ ᠡᠯ᠎ᠡ ᠲᠥᠷᠥᠯ᠎ᠤᠨ ᠠᠵᠢᠯ᠎ᠤᠨ ᠪᠠᠢ᠌ᠷᠢ ᠵᠢ 867 ᠬᠠᠩᠭ᠋ᠠᠵᠤ᠂ 122 ᠬᠥᠮᠥᠨ ᠠᠵᠢᠯᠲᠠᠨ ᠬᠡᠷᠡᠭᠯᠡᠬᠦ ᠨᠢᠬᠡᠴᠢ ᠵᠢᠨ᠎ᠬᠢᠨ᠎ᠲᠠᠢ ᠠᠵᠢᠯ ᠣᠯᠬᠤ ᠰᠠᠨᠠᠭ᠋ᠠᠴᠢᠯᠠᠭ᠎ᠠ  ᠲᠤᠬᠳᠠᠪᠠ᠃


ᠬᠡᠦᠬᠡᠳ᠎ᠤᠨ ᠠᠰᠠᠷᠠᠮᠵᠢ


   ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠣᠯᠠᠨ ᠰᠠᠯᠠᠭ᠎ᠠ ᠮᠥᠴᠢᠷ᠎ᠲᠠᠢ ᠬᠠᠮᠲᠤᠷᠠᠨ 《ᠨᠡᠭᠦᠳᠡᠯ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯᠯᠠᠭ᠎ᠠ ᠵᠢ ᠴᠢᠩᠭ᠋ᠠᠳᠬᠠᠬᠤ ᠲᠤᠬᠠᠢ ᠨᠠᠢ᠌ᠳᠠᠪᠤᠷᠢᠵᠢᠭᠤᠯᠬᠤ ᠠᠷᠭ᠎ᠠ》 ᠵᠢ ᠳᠠᠷᠤᠮᠠᠯᠯᠠᠨ ᠲᠠᠷᠬᠠᠭ᠋ᠠᠵᠤ᠂ ᠬᠢᠨᠠᠨ ᠰᠢᠯᠭ᠋ᠠᠵᠤ ᠣᠢ᠌ᠯᠠᠭ᠋ᠠᠨ ᠵᠢᠭᠰᠠᠭ᠋ᠠᠵᠤ᠂ ᠮᠡᠳᠡᠭᠡ ᠵᠠᠩᠭᠢ ᠵᠢᠨ ᠡᠬᠡ ᠲᠠᠩᠰᠠ ᠵᠢ ᠪᠠᠢ᠌ᠭᠤᠯᠤᠨ᠎ᠠ; ᠰᠤᠷᠭ᠋ᠠᠨ ᠬᠥᠮᠦᠵᠢᠯ᠎ᠤᠨ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠡᠮ ᠡᠮᠨᠡᠯᠭᠡ ᠵᠢᠨ ᠬᠠᠯᠠᠮᠵᠢᠯᠠᠬᠤ ᠰᠦᠯᠵᠢᠶ᠎ᠡ ᠵᠢ ᠨᠢᠭᠲᠠ ᠰᠦᠯᠵᠢᠬᠦ᠂ ᠦᠨᠳᠦᠰᠦᠨ ᠠᠮᠢᠳᠤᠷᠠᠯ᠎ᠢ ᠪᠠᠲᠤᠯᠠᠬᠤ ᠵᠡᠷᠭᠡ 7 ᠲᠠᠯ᠎ᠠ᠎ᠪᠠᠷ ᠡᠯ᠎ᠡ ᠰᠠᠯᠠᠭ᠎ᠠ ᠮᠥᠴᠢᠷ᠎ᠤᠨ᠎ᠬᠢᠨ ᠲᠤᠰᠢᠶᠠᠯ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠢ᠌ᠯᠠᠪᠠ᠃ ᠡᠭᠦᠨ᠎ᠤ ᠬᠠᠮᠲᠤ 《ᠬᠥᠬᠡᠬᠣᠲᠠ ᠵᠢᠨ ᠨᠡᠭᠦᠳᠡᠯ ᠬᠡᠦᠬᠡᠳ᠎ᠤᠨ ᠣᠷᠣᠰᠢᠨ ᠰᠠᠭᠤᠭ᠎ᠠ ᠭᠠᠵᠠᠷ᠎ᠲᠤ᠎ᠪᠠᠨ ᠬᠠᠯᠠᠮᠵᠢᠯᠠᠬᠤ ᠦᠢ᠍ᠯᠡᠴᠢᠯᠡᠭᠡᠨ᠎ᠤ ᠰᠠᠭᠤᠷᠢ ᠨᠠᠷᠢᠨ ᠲᠠᠩᠰᠠ》 ᠵᠢ ᠲᠣᠭᠲᠠᠭ᠋ᠠᠵᠤ 6 ᠲᠠᠯ᠎ᠠ ᠵᠢᠨ 21 ᠪᠣᠳᠠᠲᠠᠢ ᠦᠢ᠍ᠯᠡᠴᠢᠯᠡᠭᠡᠨ᠎ᠤ ᠠᠭᠤᠯᠭ᠎ᠠ ᠵᠢ ᠪᠠᠭᠲᠠᠭ᠋ᠠᠵᠤ᠂ ᠪᠥᠬᠥ ᠬᠣᠲᠠ ᠵᠢᠨ ᠨᠡᠭᠦᠳᠡᠯ ᠬᠡᠦᠬᠡᠳ᠎ᠤᠨ ᠠᠳᠠᠯᠢ ᠲᠡᠭᠰᠢ ᠡᠷᠬᠡ ᠠᠰᠢᠭ ᠪᠠ  ᠬᠠᠯᠠᠮᠵᠢᠯᠠᠬᠤ ᠦᠢ᠍ᠯᠡᠴᠢᠯᠡᠭᠡ ᠡᠳ᠋ᠯᠡᠬᠦ ᠵᠢ ᠭᠦᠢ᠍ᠴᠡᠳ ᠪᠠᠳᠤᠯᠠᠪᠠ᠃



 
 



    

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ12.24
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ12.25
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ12.26
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.27
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《ᠲᠣᠭ᠋ᠠᠴᠢᠯᠠᠭᠰᠠᠨ ᠠᠷᠠᠳ᠎ᠤᠨ ᠶᠠᠪᠤᠳᠠᠯ》᠎ᠤᠨ ᠲᠥᠷᠥᠯ ᠵᠦᠢ᠍ᠯ᠎ᠤᠨ ᠮᠡᠳᠡᠬᠦᠯᠤᠯᠳᠠ ᠵᠢᠨ ᠬᠤᠷᠠᠯ ᠬᠢᠪᠡ
 
            