ᠠᠷᠠᠳ᠎ᠤᠨ ᠶᠠᠪᠤᠳᠠᠯ᠎ᠤᠨ ᠶᠠᠮᠤᠨ
ᠳᠤᠮᠳᠠᠳᠤ ᠤᠯᠤᠰ᠎ᠤᠨ ᠠᠷᠠᠳ᠎ᠤᠨ ᠪᠠᠩᠬᠢ᠂ ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ ᠤᠷᠴᠢᠮᠳ 《ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠰᠦᠷᠳᠡᠭᠦᠯᠦᠯ᠎ᠤᠨ ᠪᠡᠯᠡ ᠲᠣᠬᠢᠷᠠᠭᠤᠯᠭ᠎ᠠ ᠵᠢ ᠡᠰᠡᠷᠭᠦᠴᠡᠬᠦ ᠬᠠᠮᠢᠶᠠᠷᠤᠯᠲᠠ ᠵᠢᠨ ᠠᠷᠭ᠎ᠠ (ᠵᠠᠰᠠᠪᠤᠷᠢ ᠣᠷᠣᠭᠤᠯᠤᠭᠰᠠᠨ ᠲᠥᠰᠥᠯ᠎ᠤᠨ ᠰᠠᠨᠠᠯ ᠬᠤᠷᠢᠶᠠᠬᠤ ᠨᠣᠣᠷᠠᠭ)》 ᠵᠢᠨ ᠰᠠᠨᠠᠯ᠎ᠢ ᠢᠯᠡ᠎ᠪᠠᠷ ᠬᠤᠷᠢᠶᠠᠵᠤ᠂ ᠬᠠᠷᠢᠭᠤ ᠲᠤᠰᠬᠠᠬᠤ ᠴᠠᠭ᠎ᠨᠢ 2025 ᠣᠨ᠎ᠤ 1 ᠳ᠋ᠤᠬᠡᠷ ᠰᠠᠷ᠎ᠠ ᠵᠢᠨ 8᠎ᠤ ᠡᠳᠦᠷ ᠪᠤᠯᠳᠠᠯ᠎ᠠ᠃ ᠵᠠᠰᠠᠪᠤᠷᠢ ᠣᠷᠣᠭᠤᠯᠤᠭᠰᠠᠨ ᠲᠥᠰᠥᠯ᠎ᠨᠢ ᠨᠡᠶ᠋ᠢᠲᠡ 18 ᠵᠦᠢ᠍ᠯ ᠲᠠᠢ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠡᠷᠡᠭᠯᠡᠬᠦ ᠬᠡᠪᠴᠢᠶ᠎ᠡ᠂ ᠰᠦᠷᠳᠡᠭᠦᠯᠦᠯ᠎ᠢ ᠡᠰᠡᠷᠭᠦᠴᠡᠬᠦ ᠪᠡᠯᠡ ᠲᠣᠬᠢᠷᠠᠭᠤᠯᠭ᠎ᠠ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ ᠪᠠ ᠳᠣᠲᠣᠭ᠋ᠠᠳᠤ ᠵᠢᠨ ᠵᠠᠰᠠᠯᠲᠠ ᠵᠡᠷᠭᠡ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠲᠣᠭᠲᠠᠭ᠋ᠠᠵᠠᠢ᠃
ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ
ᠦᠬᠠᠢ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠳᠠᠶ᠋ᠢᠴᠢᠯᠠᠵᠤ ᠵᠢᠯᠤᠭᠣᠳᠬᠤ᠂ ᠲᠠᠪᠴᠠᠩ ᠪᠠᠶ᠋ᠢᠭᠤᠯᠬᠤ᠂ ᠠᠵᠢᠯ ᠣᠯᠭᠣᠯᠲᠠ ᠵᠢᠨ ᠨᠠᠷᠠᠲᠤ ᠲᠥᠷᠥᠯ ᠲᠡᠮᠳᠡᠭᠲᠦ ᠵᠢ ᠪᠣᠢ᠌ᠵᠢᠭᠤᠯᠬᠤ ᠵᠡᠷᠭᠡ ᠠᠷᠭ᠎ᠠ᠎ᠪᠠᠷ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠣᠰ ᠪᠡᠶ᠎ᠡ ᠵᠢᠨ ᠳᠠᠯᠳᠠ ᠬᠦᠴᠦᠨ ᠵᠶ᠋ᠡᠨ ᠲᠠᠰᠤᠷᠠᠯᠲᠠ ᠦᠭᠡᠢ ᠠᠭᠤᠳᠠᠯᠵᠤ᠂ ᠠᠵᠢᠯ ᠣᠯᠭᠣᠯᠲᠠ ᠵᠢᠨ ᠠᠵᠢᠯ᠎ᠤᠨ ᠪᠠᠢ᠌ᠷᠢ ᠬᠠᠩᠭ᠋ᠠᠵᠤ᠂ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠣᠯᠬᠤ ᠣᠷᠣᠨ ᠵᠠᠢ ᠵᠢ ᠥᠷᠭᠡᠳᠬᠡᠬᠦ ᠵᠢ ᠵᠣᠷᠢᠭᠵᠢᠭᠤᠯᠵᠤ ᠪᠠᠢ᠌ᠨ᠎ᠠ᠃ 2024 ᠣᠨ᠎ᠳᠤ ᠪᠥᠬᠥ ᠬᠣᠲᠠ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠠᠴᠠ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠬᠠᠨᠳᠤᠭᠤᠯᠤᠨ ᠠᠵᠢᠯᠲᠠᠨ ᠡᠯᠰᠡᠬᠦ ᠠᠵᠢᠯ᠎ᠤᠨ ᠪᠠᠢ᠌ᠷᠢ ᠵᠢᠨ ᠲᠣᠭ᠎ᠠ 245 ᠵᠢ ᠨᠡᠢ᠌ᠲᠡᠯᠡᠵᠦ᠂ ᠰᠤᠷᠭ᠋ᠠᠨ ᠬᠥᠮᠦᠵᠢᠯ᠂ ᠰᠣᠶᠣᠯ᠂ ᠡᠷᠡᠭᠦᠯ ᠬᠠᠮᠠᠭ᠋ᠠᠯᠠᠯ ᠵᠡᠷᠭᠡ ᠣᠯᠠᠨ ᠬᠦᠷᠢᠶ᠎ᠡ ᠴᠠᠷᠠᠭ᠎ᠠ ᠵᠢ ᠬᠠᠮᠤᠷᠴᠤ᠂ ᠡᠯ᠎ᠡ ᠲᠥᠷᠥᠯ᠎ᠤᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ 39 ᠤᠳᠠᠭ᠎ᠠ ᠥᠷᠨᠢᠭᠦᠯᠵᠦ᠂ ᠳᠡᠭᠡᠳᠦ ᠰᠤᠷᠭ᠋ᠠᠭᠤᠯᠢ ᠲᠡᠭᠦᠰᠦᠭᠰᠡᠳ᠎ᠢ 61 ᠡᠯᠰᠡᠪᠡ᠃
ᠨᠠᠰᠤᠲᠠᠢ᠌ᠴᠤᠳ᠎ᠤᠨ ᠠᠵᠢᠯ
ᠨᠠᠰᠤᠲᠠᠢ᠌ᠴᠤᠳ᠎ᠤᠨ ᠪᠤᠶᠠᠨ ᠵᠢᠷᠭ᠋ᠠᠯ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ ᠬᠤᠷᠠᠯ ᠪᠠ ᠨᠠᠰᠤᠲᠠᠢ᠌ᠴᠤᠳ᠎ᠤᠨ ᠪᠤᠶᠠᠨ ᠵᠢᠷᠭ᠋ᠠᠯ᠎ᠤᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠴᠢᠯᠡᠭᠡᠨ᠎ᠤ ᠥᠷᠲᠡᠭᠡ ᠵᠢ ᠡᠬᠢᠯᠡᠨ ᠨᠡᠢ᠌ᠲᠡᠯᠡᠬᠦ ᠶᠣᠰᠣᠯᠠᠯ ᠤᠷᠴᠢᠮ᠎ᠳᠤ ᠶᠠᠪᠤᠭᠳᠠᠪᠠ᠃ ᠬᠤᠷᠠᠯ ᠲᠡᠬᠡᠷ᠎ᠡ᠄ 《ᠨᠠᠰᠤᠲᠠᠢ᠌ᠴᠤᠳ᠎ᠤᠨ ᠪᠤᠶᠠᠨ ᠵᠢᠷᠭ᠋ᠠᠯ᠎ᠤᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠴᠢᠯᠡᠭᠡᠨ᠎ᠤ ᠥᠷᠲᠡᠭᠡ᠎ᠨᠢ ᠳᠤᠮᠳᠠᠳᠤ ᠤᠯᠤᠰ᠎ᠤᠨ ᠨᠠᠰᠤᠲᠠᠢ᠌ᠴᠤᠳ᠎ᠤᠨ ᠦᠢ᠍ᠯᠡᠰ᠎ᠤᠨ ᠬᠥᠭᠵᠢᠯᠲᠡ ᠵᠢᠨ ᠰᠠᠭᠤᠷᠢ ᠮᠥᠩᠭᠥᠨ᠎ᠤ ᠨᠡᠢ᠌ᠭᠡᠮᠯᠢᠭ᠎ᠤᠨ ᠨᠡᠩ ᠤᠯᠠᠨ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠨᠠᠰᠤᠵᠢᠯ᠎ᠤᠨ ᠦᠢ᠍ᠯᠡᠰ᠎ᠤᠨ ᠶᠡᠬᠡ ᠤᠷᠤᠰᠬᠠᠯ᠎ᠳᠤ ᠰᠠᠨᠠᠭ᠋ᠠᠴᠢᠯᠠᠭ᠎ᠠ᠎ᠠᠴᠠ᠎ᠪᠠᠨ ᠣᠷᠣᠯᠴᠠᠬᠤ ᠵᠢ ᠰᠠᠨᠠᠭ᠋ᠠᠴᠢᠯᠠᠵᠤ᠂ ᠵᠠᠰᠠᠭ᠎ᠤᠨ ᠣᠷᠳᠣᠨ᠂ ᠵᠠᠬ᠎ᠠ ᠳᠡᠯᠭᠡᠭᠦᠷ᠂ ᠨᠡᠢ᠌ᠭᠡᠮ ᠪᠠ ᠭᠡᠷ ᠪᠦᠯᠢ ᠵᠡᠷᠭᠡ ᠡᠯ᠎ᠡ ᠲᠠᠯ᠎ᠠ ᠵᠢᠨ ᠬᠦᠴᠦᠨ᠎ᠲᠠᠢ ᠭᠠᠷ ᠬᠣᠯᠪᠣᠨ ᠬᠠᠮᠲᠤᠷᠠᠯᠴᠠᠵᠤ᠂ ᠪᠦᠬᠦ ᠠᠷᠠᠳ᠎ᠤᠨ ᠠᠵᠢᠯᠯᠠᠭ᠋ᠠᠨ᠎ᠤ ᠰᠢᠨ᠎ᠡ ᠪᠠᠢ᠌ᠳᠠᠯ᠎ᠢ ᠬᠠᠮᠲᠤ᠎ᠪᠠᠷ ᠪᠤᠢ ᠪᠣᠯᠭ᠋ᠠᠵᠤ᠂ ᠨᠠᠰᠤᠲᠠᠢ᠌ᠴᠤᠳ᠎ᠲᠤ ᠨᠡᠩ ᠰᠠᠢ᠌ᠨ ᠰᠠᠢ᠌ᠬᠠᠨ᠂ ᠵᠣᠯ ᠵᠢᠷᠭ᠋ᠠᠯ᠎ᠲᠠᠢ᠂ ᠡᠷᠡᠭᠦᠯ ᠴᠢᠭᠢᠷᠠᠭ᠂ ᠠᠮᠵᠢᠯᠲᠠ ᠪᠦᠲᠦᠭᠡᠯ᠎ᠲᠠᠢ ᠥᠲᠡᠯᠦᠭᠡ ᠨᠠᠰᠤᠨ᠎ᠤ ᠠᠮᠢᠳᠤᠷᠠᠯ᠎ᠢ ᠪᠤᠢ ᠪᠤᠯᠭ᠋ᠠᠨ᠎ᠠ》 ᠭᠡᠵᠤ ᠤᠨᠴᠠᠯᠠᠨ ᠲᠤᠷᠠᠳᠤᠬᠰᠠᠨ ᠪᠠᠢ᠌ᠨ᠎ᠠ᠃
ᠬᠥᠬᠡᠬᠣᠲᠠ 2024 ᠣᠨ᠎ᠤ ᠨᠠᠰᠤᠲᠠᠢ᠌ᠴᠤᠳ᠎ᠤᠨ ᠠᠵᠢᠯ᠎ᠤᠨ ᠲᠣᠭᠲᠠᠴᠠ ᠵᠢᠨ ᠪᠥᠬᠥ ᠭᠡᠰᠢᠭᠦᠳ᠎ᠤᠨ ᠬᠤᠷᠠᠯ᠎ᠢ ᠬᠤᠷᠠᠯᠳᠤᠭᠤᠯᠵᠤ᠂ ᠬᠤᠷᠠᠯ ᠲᠡᠬᠡᠷ᠎ᠡ 2024 ᠣᠨ᠎ᠤ ᠪᠥᠬᠥ ᠬᠣᠲᠠ ᠵᠢᠨ ᠨᠠᠰᠤᠲᠠᠢ᠌ᠴᠤᠳ᠎ᠤᠨ ᠠᠵᠢᠯ᠎ᠤᠨ ᠪᠠᠢ᠌ᠳᠠᠯ᠎ᠢ ᠵᠠᠷᠯᠠᠨ ᠮᠡᠳᠡᠭᠳᠡᠭᠰᠡᠨ ᠪᠥᠭᠡᠳ ᠬᠣᠲᠠ ᠵᠢᠨ ᠨᠠᠰᠤᠲᠠᠢ᠌ᠴᠤᠳ᠎ᠤᠨ ᠠᠵᠢᠯ᠎ᠤᠨ ᠪᠠᠢ᠌ᠭᠤᠯᠤᠮᠵᠢ ᠵᠢᠨ ᠠᠵᠢᠯ᠎ᠤᠨ ᠳᠦᠷᠢᠮ᠂ ᠠᠯᠪᠠᠨ ᠭᠡᠷ᠎ᠤᠨ ᠠᠵᠢᠯ᠎ᠤᠨ ᠨᠠᠷᠢᠨ ᠳᠦᠷᠢᠮ ᠪᠠ ᠪᠦᠷᠢᠯᠳᠦᠭᠦᠨ ᠨᠢᠬᠡᠴᠢ ᠵᠢᠨ ᠡᠭᠦᠷᠭᠡ ᠬᠠᠷᠢᠭᠤᠴᠠᠯᠭ᠎ᠠ ᠵᠢ ᠬᠢᠨᠠᠨ ᠶᠠᠷᠢᠯᠴᠠᠵᠤ ᠪᠠᠲᠤᠯᠠᠪᠠ᠃ ᠬᠤᠷᠠᠯ ᠲᠡᠬᠡᠷ᠎ᠡ᠄ 《ᠡᠯ᠎ᠡ ᠪᠦᠷᠢᠯᠳᠦᠭᠦᠨ ᠨᠢᠬᠡᠴᠢ ᠵᠢᠨ ᠬᠣᠭᠣᠷᠣᠨᠳᠤ᠎ᠪᠠᠨ ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠴᠢᠩᠭ᠋ᠠᠳᠬᠠᠵᠤ᠂ ᠨᠠᠰᠤᠲᠠᠢ᠌ᠴᠤᠳ᠎ᠤᠨ ᠠᠵᠢᠯ᠎ᠤᠨ ᠳᠤᠮᠳᠠᠬᠢ ᠭᠣᠣᠯᠳᠠᠯᠭ᠎ᠠ᠎ᠲᠠᠢ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠬᠤ ᠬᠡᠷᠡᠭᠲᠡᠢ᠃ ᠵᠣᠬᠢᠴᠠᠭᠤᠯᠭ᠎ᠠ ᠨᠡᠪᠲᠡᠷᠡᠯᠴᠡᠭᠡ᠎ᠪᠠᠨ ᠴᠢᠩᠭ᠋ᠠᠳᠬᠠᠵᠤ᠂ ᠲᠤᠰᠬᠠᠢ ᠰᠡᠳᠦᠪᠲᠦ ᠬᠤᠷᠠᠯ᠎ᠤᠨ ᠬᠡᠯᠪᠡᠷᠢ᠎ᠪᠠᠷ ᠡᠯ᠎ᠡ ᠪᠦᠷᠢᠯᠳᠦᠭᠦᠨ ᠨᠢᠬᠡᠴᠢ ᠵᠢᠨ ᠨᠠᠰᠤᠲᠠᠢ᠌ᠴᠤᠳ᠎ᠲᠤ ᠬᠣᠯᠪᠣᠭᠳᠠᠭᠰᠠᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠦᠷᠦᠯ ᠵᠦᠢ᠍ᠯ᠎ᠤᠨ ᠠᠬᠢᠴᠠ ᠵᠢᠨ ᠪᠠᠢ᠌ᠳᠠᠯ᠎ᠢ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ ᠲᠣᠬᠢᠷᠠᠭᠤᠯᠤᠨ ᠠᠬᠢᠭᠤᠯᠬᠤ ᠬᠡᠷᠡᠭᠳᠡᠢ᠃ ᠲᠣᠰ ᠪᠡᠶ᠎ᠡ ᠵᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠳᠤ᠎ᠪᠠᠨ ᠰᠠᠭᠤᠷᠢᠯᠠᠨ᠂ ᠲᠥᠷᠥ ᠵᠢᠨ ᠪᠣᠳᠣᠯᠭ᠎ᠠ ᠵᠢᠨ ᠬᠠᠷᠢᠯᠴᠠᠨ ᠵᠣᠬᠢᠴᠠᠯᠳᠤᠬᠤ᠂ ᠠᠵᠢᠯ᠎ᠤᠨ ᠪᠦᠲᠦᠮᠵᠢᠲᠡᠶ ᠵᠣᠯᠭ᠋ᠠᠯᠳᠤᠬᠤ ᠵᠢ ᠪᠠᠲᠤᠯᠠᠬᠤ ᠬᠡᠷᠡᠭᠲᠡᠢ》 ᠭᠡᠵᠤ ᠱᠠᠭ᠋ᠠᠷᠳᠠᠪᠠ᠃
ᠨᠠᠰᠤᠵᠢᠯ᠎ᠤᠨ ᠦᠢ᠍ᠯᠡᠴᠢᠯᠡᠭᠡ
ᠤᠯᠠᠭ᠋ᠠᠨᠬᠠᠳᠠ ᠬᠣᠲᠠ ᠵᠢᠨ ᠠᠩᠬᠠᠳᠠᠭᠴᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠵᠢᠱ᠌ᠢᠶ᠎ᠡ ᠦᠵᠡᠭᠦᠯᠬᠦ ᠲᠥᠪ ᠤᠷᠴᠢᠮ᠎ᠳᠤ ᠵᠢᠩᠬᠢᠨᠢ᠎ᠪᠠᠷ ᠫᠠᠢ᠌ᠰᠠ ᠡᠯᠬᠦᠪᠡ᠃ ᠡᠨᠡ ᠬᠦ᠌ ᠲᠥᠪ᠎ᠨᠢ ᠤᠯᠠᠭ᠋ᠠᠨᠬᠠᠳᠠ ᠬᠣᠲᠠ ᠵᠢᠨ ᠬᠡᠷ᠎ᠲᠤ᠎ᠪᠠᠨ ᠰᠠᠭᠤᠵᠤ ᠠᠰᠠᠷᠠᠭᠤᠯᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠠᠷᠢᠮᠵᠢᠶᠠᠵᠢᠭᠰᠠᠨ ᠪᠦᠲᠦᠭᠡᠨ ᠪᠠᠢ᠌ᠭᠤᠯᠤᠯᠲᠠ ᠶᠣᠰᠣᠭ᠋ᠠᠷ ᠭᠥᠯᠢᠶᠡᠨ ᠠᠪᠬᠤ ᠦᠢ᠍ᠯᠡᠴᠢᠯᠡᠭᠡᠨ᠎ᠤ ᠲᠣᠭᠣᠷᠢᠭ᠂ ᠠᠮᠢᠳᠤᠷᠠᠯ᠎ᠢ ᠬᠠᠷᠠᠭ᠋ᠠᠯᠵᠠᠬᠤ ᠲᠣᠭᠣᠷᠢᠭ᠂ ᠴᠢᠳᠠᠪᠤᠷᠢ ᠵᠢ ᠦᠨᠡᠯᠡᠬᠦ ᠲᠣᠭᠣᠷᠢᠭ ᠵᠡᠷᠭᠡ 《8 + 2》 ᠴᠢᠳᠠᠮᠵᠢᠲᠤ ᠣᠷᠣᠨ ᠪᠦᠰᠡ ᠵᠢ ᠵᠢᠷᠤᠮᠵᠢᠭᠤᠯᠤᠨ ᠪᠠᠢ᠌ᠷᠢᠯᠠᠭᠤᠯᠵᠤ᠂ ᠬᠣᠭᠣᠯᠠ ᠤᠮᠳᠠ᠂ ᠤᠬᠢᠶᠠᠯᠭ᠎ᠠ ᠵᠡᠷᠭᠡ 《ᠵᠢᠷᠭᠤᠭ᠎ᠠ᠎ᠳᠤ ᠲᠤᠰᠠᠯᠠᠬᠤ》 ᠪᠠ ᠰᠣᠶᠣᠯ ᠪᠡᠶ᠎ᠡ ᠵᠢᠨ ᠲᠠᠮᠢᠷ ᠵᠤᠭ᠎ᠠ ᠴᠡᠡᠭᠭᠡᠬᠦᠨ᠎ᠤ ᠦᠢ᠍ᠯᠡᠴᠢᠯᠡᠭᠡ ᠬᠠᠩᠭ᠋ᠠᠵᠤ᠂ ᠨᠠᠰᠤᠲᠠᠢ᠌ᠴᠤᠳ᠎ᠤᠨ ᠪᠣᠳᠠᠰ᠎ᠤᠨ ᠪᠠ ᠣᠶᠤᠨ ᠰᠠᠨᠠᠭ᠋ᠠᠨ᠎ᠤ ᠲᠠᠯ᠎ᠠ ᠵᠢᠨ ᠥᠪᠡᠷᠮᠢᠴᠡ ᠣᠨᠴᠠᠯᠢᠭ᠎ᠲᠠᠢ ᠨᠠᠰᠤᠵᠢᠯ᠎ᠤᠨ ᠠᠰᠠᠷᠠᠮᠵᠢ ᠵᠢᠨ ᠬᠡᠷᠡᠭᠴᠡᠭᠡ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ᠂ ᠣᠯᠠᠨ ᠲᠠᠯ᠎ᠠ᠎ᠠᠴᠠ ᠬᠠᠡᠭᠭ᠋ᠠᠬᠤ ᠪᠤᠯᠤᠨ᠎ᠠ᠃