ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ12.3
ᠨᠡᠶᠢᠲᠡᠯᠡᠭᠰᠡᠨ ᠴᠠᠭ᠄ 2024-12-03

ᠠᠷᠠᠳ᠎ᠤᠨ ᠶᠠᠪᠤᠳᠠᠯ᠎ᠤᠨ ᠶᠠᠮᠤᠨ


     ᠪᠥᠬᠥ ᠤᠯᠤᠰ᠎ᠤᠨ ᠲᠠᠰ ᠳᠠᠪᠬᠤᠷᠭ᠎ᠠ ᠲᠥᠷᠥᠯ ᠬᠤᠪᠢᠶᠠᠭᠰᠠᠨ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠢ ᠠᠬᠢᠭᠤᠯᠬᠤ ᠬᠤᠷᠠᠯ ᠤᠷᠴᠢᠮ᠎ᠳᠤ ᠬᠤᠷᠠᠯᠳᠤᠵᠤ᠂ ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠰᠠᠢ᠌ᠳ ᠯᠦ᠍ ᡁᠢ ᠶᠤᠸᠠᠨ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠰᠠᠢ᠌ᠳ ᠬᠤ᠌ ᠬᠠᠢ ᠹᠧᠩ ᠬᠤᠷᠠᠯ᠎ᠢ ᠡᠷᠭᠢᠯᠡᠪᠡ᠃ ᠬᠤᠷᠠᠯ ᠲᠡᠬᠡᠷ᠎ᠡ᠄ 《ᠰᠢ ᠵᠢᠨ ᠫᠢᠩ ᠶᠡᠷᠦᠩᠬᠡᠢ ᠱᠦᠵᠢ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠪᠣᠯᠣᠨ ᠨᠡᠢ᠌ᠭᠡᠮ᠎ᠤᠨ ᠠᠪᠤᠷᠠᠨ ᠲᠤᠰᠠᠯᠠᠬᠤ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠣᠢ᠌ᠯᠠᠭ᠋ᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠭᠣᠣᠯ ᠡᠭᠦᠷᠭᠡ ᠪᠣᠯᠣᠨ  ᠴᠢᠨᠠᠷᠯᠢᠭ ᠬᠥᠭᠵᠢᠯᠲᠡ ᠵᠢᠨ ᠲᠡᠷᠢᠭᠦᠨ ᠴᠢᠬᠤᠯᠠ ᠡᠭᠦᠷᠭᠡ ᠵᠢᠨ ᠲᠣᠭᠣᠷᠢᠨ᠎ᠳᠤ ᠨᠡᠢ᠌ᠭᠡᠮ᠎ᠤᠨ ᠲᠤᠰᠠᠯᠠᠮᠵᠢ ᠵᠢᠨ ᠦᠨᠳᠦᠰᠦᠨ ᠪᠠᠳᠤᠯᠠᠭ᠎ᠠ᠂ ᠠᠶᠤᠯ ᠲᠦᠭᠰᠢᠭᠦᠷᠢ ᠵᠢ ᠰᠡᠷᠭᠡᠢ᠌ᠯᠡᠬᠦ᠂ ᠬᠥᠭᠵᠢᠯᠲᠡ ᠵᠢ ᠠᠬᠢᠭᠤᠯᠬᠤ ᠴᠢᠳᠠᠮᠵᠢ ᠦᠢ᠍ᠯᠡᠳᠦᠯ᠎ᠢ ᠨᠡᠩ ᠰᠠᠢ᠌ᠲᠤᠷ ᠪᠠᠳᠠᠷᠠᠭᠤᠯᠬᠤ᠎ᠳᠤ ᠰᠠᠭᠤᠷᠢᠯᠠᠨ ᠲᠦᠷᠦ ᠵᠢᠨ ᠪᠣᠳᠣᠯᠭ᠎ᠠ ᠳᠦᠷᠢᠮ᠎ᠤᠨ ᠰᠢᠰᠲ᠋ᠧᠮ᠂ ᠦᠢ᠍ᠯᠡᠴᠢᠯᠡᠭᠡᠨ᠎ᠤ ᠪᠠᠲᠤᠯᠠᠭ᠎ᠠ ᠵᠢᠨ ᠰᠢᠰᠲ᠋ᠧᠮ᠂ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠂ ᠨᠡᠢ᠌ᠭᠡᠮ᠎ᠤᠨ ᠣᠷᠣᠯᠴᠠᠬᠤ ᠰᠢᠰᠲ᠋ᠧᠮ᠎ᠢ  ᠪᠤᠰᠢᠭᠤᠬᠠᠨ ᠲᠡᠭᠦᠯᠳᠡᠷᠵᠢᠭᠦᠯᠵᠦ ᠨᠡᠢ᠌ᠭᠡᠮ᠎ᠤᠨ  ᠲᠤᠰᠠᠯᠠᠮᠵᠢ ᠵᠢᠨ ᠠᠵᠢᠯ᠎ᠤᠨ ᠲᠦᠪᠰᠢᠨ᠎ᠢ ᠴᠢᠷᠮᠠᠢ᠌ᠨ  ᠲᠡᠭᠡᠭᠰᠢᠯᠡᠬᠦᠯᠤᠬᠡᠳ ᠨᠡᠢ᠌ᠭᠡᠮ᠎ᠤᠨ  ᠲᠤᠰᠠᠯᠠᠮᠵᠢ ᠵᠢᠨ ᠴᠢᠨᠠᠷᠯᠢᠭ ᠬᠥᠭᠵᠢᠯᠲᠡ ᠵᠢ ᠪᠡᠶᠡᠯᠡᠭᠦᠯᠵᠦ ᠠᠷᠠᠳ᠎ᠤᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠬᠣᠷᠢᠭ᠎ᠠ ᠱᠤᠭᠤᠮ᠎ᠢ ᠨᠡᠩ ᠰᠠᠢ᠌ᠲᠤᠷ ᠪᠠᠳᠤᠯᠠᠨ ᠪᠡᠬᠢᠵᠢᠬᠦᠯᠬᠦ ᠬᠡᠷᠡᠭᠳᠡᠢ》 ᠭᠡᠵᠤ ᠴᠢᠬᠤᠯᠠᠴᠢᠯᠠᠬᠰᠠᠨ ᠪᠠᠢ᠌ᠨ᠎ᠠ᠃ 


ᠨᠡᠢ᠌ᠭᠡᠮ᠎ᠤᠨ ᠲᠤᠰᠠᠯᠠᠮᠵᠢ


    ᠪᠤᠭᠤᠲᠤ ᠬᠣᠲᠠ ᠵᠢᠨ ᠲᠤᠰᠠᠯᠠᠮᠵᠢ ᠵᠢᠨ ᠥᠷᠲᠡᠭᠡ ᠵᠢᠨ᠎ᠬᠢᠨ᠎ᠨᠢ 《ᠬᠠᠬᠢᠷ ᠡᠪᠦᠯ᠎ᠤᠨ ᠬᠦᠢ᠍ᠳᠡᠨ᠎ᠳᠤ ᠬᠠᠯᠠᠭᠤᠨ ᠳᠤᠯᠠᠭ᠋ᠠᠨ ᠬᠦᠷᠭᠡᠬᠦ》 ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠭᠣᠣᠯᠳᠠᠯᠭ᠎ᠠ᠎ᠲᠠᠢ  ᠬᠦᠮᠦᠰ ᠎ᠢ  ᠲᠤᠰᠠᠯᠠᠬᠤ ᠵᠢ ᠲᠣᠪᠤᠢ᠌ᠯᠭ᠋ᠠᠨ᠂ 《  ᠤᠷᠢᠳ ᠵᠶ᠋ᠡᠷ ᠡᠮᠴᠢᠯᠡᠨ ᠵᠠᠰᠠᠵᠤ ᠳᠠᠷᠠᠭ᠎ᠠ᠎ᠨᠢ ᠲᠤᠰᠠᠯᠠᠬᠤ》 ᠵᠠᠷᠴᠢᠮ ᠶᠣᠰᠣᠭ᠋ᠠᠷ ᠬᠦᠨᠳᠦ ᠲᠦᠭᠰᠢᠭᠦᠷᠢᠲᠡᠢ ᠡᠪᠡᠳᠴᠢᠲᠡᠨ᠂ ᠡᠪᠡᠳᠴᠢᠨ ᠬᠥᠳᠡᠯᠬᠦ ᠬᠤᠭᠤᠴᠠᠭ᠋ᠠᠨ᠎ᠳᠤ ᠪᠠᠢ᠌ᠭ᠎ᠠ ᠣᠶᠤᠨ᠎ᠤ ᠪᠡᠷᠭᠡᠰᠢᠶᠡᠯ᠎ᠤᠨ ᠰᠡᠵᠢᠭᠯᠡᠯᠲᠡᠢ ᠡᠪᠡᠳᠴᠢᠲᠡᠨ᠎ᠢ ᠲᠣᠭᠲᠠᠭᠰᠠᠨ ᠡᠮᠴᠢᠯᠡᠭᠡᠨ᠎ᠤ ᠪᠠᠢ᠌ᠭᠤᠯᠤᠮᠵᠢ᠎ᠳᠤ ᠬᠠᠮᠠᠭ᠋ᠠᠯᠠᠨ ᠬᠦᠷᠭᠡᠵᠦ ᠠᠪᠤᠷᠠᠨ  ᠲᠤᠰᠠᠯᠠᠭᠤᠯᠪᠠ᠃ ᠬᠤᠪᠢ ᠬᠥᠮᠥᠨ᠎ᠤ ᠪᠡᠶ᠎ᠡ ᠬᠡᠮ᠎ᠤᠨ ᠮᠡᠳᠡᠭᠡ ᠵᠠᠩᠭᠢ ᠵᠢ ᠬᠠᠩᠭ᠋ᠠᠵᠤ ᠳᠡᠶ᠋ᠢᠯᠬᠦ ᠦᠭᠡᠢ ᠬᠥᠮᠥᠰ᠎ᠲᠤ ᠳᠣᠲᠣᠭ᠋ᠠᠳᠤ ᠵᠢ ᠬᠠᠮᠠᠭ᠋ᠠᠯᠠᠬᠤ ᠡᠷᠦᠬᠡ ᠠᠮᠠ ᠵᠢᠨ ᠬᠠᠷᠢᠶ᠎ᠠ ᠵᠢᠨ ᠰᠦᠯᠵᠢᠶ᠎ᠡ᠂ DNA ᠵᠢᠨ ᠬᠠᠷᠢᠴᠠᠭᠤᠯᠤᠯ ᠪᠠ 《ᠢᠨᠲ᠋ᠧᠷ ᠰᠦᠯᠵᠢᠶ᠎ᠡ +》 ᠵᠡᠷᠭᠡ ᠣᠯᠠᠨ ᠵᠦᠢ᠍ᠯ᠎ᠤᠨ ᠲᠥᠷᠥᠯ ᠰᠠᠳᠤᠨ ᠵᠶ᠋ᠠᠨ ᠡᠷᠢᠬᠦ ᠠᠷᠭ᠎ᠠ ᠵᠢ ᠠᠰᠢᠭᠯᠠᠨ ᠠᠷᠤ ᠭᠡᠷ᠎ᠲᠤ ᠬᠠᠷᠢᠭᠤᠯᠪᠠ᠃ ᠠᠵᠢᠯᠯᠠᠭ᠎ᠠ ᠵᠢ ᠥᠷᠨᠢᠭᠦᠯᠦᠭᠰᠡᠨ᠎ᠠᠴᠠ ᠨᠠᠭ᠋ᠠᠰᠢ 6 ᠬᠥᠮᠥᠨ᠎ᠢ ᠡᠮᠨᠡᠨ ᠠᠪᠤᠷᠠᠵᠤ᠂ 43 ᠬᠥᠮᠥᠨ᠎ᠢ ᠬᠠᠪᠰᠤᠷᠤᠨ ᠨᠤᠲᠤᠭ᠎ᠲᠤ᠎ᠨᠢ ᠪᠤᠴᠠᠭ᠋ᠠᠪᠠ᠃
   ᠦᠬᠠᠢ ᠬᠣᠲᠠ ᠵᠢᠨ᠎ᠬᠢᠨ 《ᠬᠠᠯᠠᠭᠤᠨ ᠳᠤᠯᠠᠭ᠋ᠠᠨ᠂ ᠠᠮᠤᠷ ᠲᠦᠪᠰᠢᠨ ᠡᠪᠤᠯᠵᠢᠬᠦᠯᠬᠦ》 ᠲᠤᠬᠠᠢ ᠰᠣᠷᠪᠤᠯᠵᠢᠯᠠᠭ᠎ᠠ ᠪᠠ ᠡᠪᠦᠯ᠎ᠤᠨ ᠠᠶᠤᠯ ᠦᠬᠡᠢ ᠵᠢᠨ ᠮᠡᠳᠡᠯᠭᠡ ᠵᠢᠨ ᠤᠬᠠᠭᠤᠯᠭ᠎ᠠ ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠣᠨᠴᠠ ᠬᠦᠴᠢᠷᠳᠡᠯᠲᠡᠢ ᠬᠥᠮᠥᠰ ᠪᠠ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠭᠥᠷᠳᠡᠵᠦ ᠪᠠᠢ᠌ᠭ᠎ᠠ ᠨᠠᠰᠤᠲᠠᠢ᠌ᠴᠤᠳ᠎ᠤᠨ ᠭᠡᠷ᠎ᠲᠤ ᠭᠦᠨᠵᠡᠭᠡᠢ᠌ᠷᠡᠨ ᠲᠡᠳᠡᠨ᠎ᠤ ᠬᠦᠴᠢᠷᠳᠡᠯ ᠪᠠ ᠬᠦᠰᠡᠯ ᠱᠠᠭ᠋ᠠᠷᠳᠠᠯᠭ᠎ᠠ᠂ ᠠᠮᠢᠳᠤᠷᠠᠯ᠎ᠤᠨ ᠪᠠᠢ᠌ᠳᠠᠯ᠂ ᠪᠡᠶ᠎ᠡ ᠮᠠᠬᠠᠪᠤᠳ᠎ᠤᠨ ᠪᠠᠢ᠌ᠳᠠᠯ ᠪᠠ  ᠲᠤᠰᠠᠯᠠᠮᠵᠢ ᠵᠢᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠣᠢ᠌ᠯᠠᠭ᠋ᠠᠵᠤ᠂ ᠭᠡᠷ ᠪᠦᠯᠢ ᠵᠢᠨ ᠴᠠᠬᠢᠯᠭ᠋ᠠᠨ ᠬᠡᠷᠡᠭᠯᠡᠬᠦ ᠠᠮᠤᠷ ᠲᠦᠪᠰᠢᠨ᠎ᠤ ᠶᠡᠷᠦ ᠵᠢᠨ ᠮᠡᠳᠡᠯᠭᠡ᠂ ᠪᠠᠴᠢᠮ᠎ᠢ  ᠠᠷᠭ᠋ᠠᠴᠠᠭ᠋ᠠᠬᠤ ᠠᠷᠭ᠎ᠠ ᠵᠡᠷᠭᠡ ᠵᠢ ᠲᠦᠭᠡᠮᠡᠯᠵᠢᠭᠦᠯᠪᠡ᠃ ᠣᠳᠣᠬᠠᠨ᠎ᠳᠤ ᠨᠢᠭᠡᠨᠲᠡ 200 ᠭᠠᠷᠤᠢ ᠣᠨᠴᠠᠭ᠋ᠠᠢ ᠬᠦᠴᠢᠷᠳᠡᠯᠲᠡᠢ ᠤᠯᠠᠨ ᠲᠦᠮᠡᠨ᠎ᠢ ᠰᠤᠷᠪᠤᠯᠵᠢᠯᠠᠵᠤ  ᠬᠦᠴᠢᠷᠳᠡᠯᠲᠡᠢ 12 ᠤᠯᠠᠨ ᠲᠦᠮᠡᠨ᠎ᠳᠤ ᠬᠥᠪᠥᠩ ᠬᠥᠨᠵᠢᠯᠡ᠂ ᠴᠠᠬᠢᠯᠭ᠋ᠠᠨ ᠬᠠᠯᠠᠭ᠋ᠠᠯᠲᠠ ᠵᠢᠨ ᠲᠡᠪᠢᠰᠬᠡᠷ ᠵᠡᠷᠭᠡ ᠳᠤᠯᠠᠭ᠋ᠠᠯᠠᠭ᠎ᠠ ᠵᠢᠨ ᠡᠳ᠋ ᠪᠣᠳᠠᠰ᠎ᠢ ᠬᠦᠷᠭᠡᠵᠦ ᠥᠭᠴᠡᠢ᠃


ᠣᠷᠣᠨ ᠬᠤᠪᠢᠶᠠᠷᠢᠯᠠᠯ ᠭᠠᠵᠠᠷ᠎ᠤᠨ ᠨᠡᠷᠡᠰ


     ᠣᠷᠳᠣᠰ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 11 ᠳ᠋ᠤᠬᠡᠷ ᠰᠠᠷ᠎ᠠ ᠵᠢᠨ 28 ᠂ 29᠎ᠳᠤ ᠬᠠᠩᠭᠢᠨ ᠬᠣᠰᠢᠭᠤ᠂ ᠣᠲᠣᠭ ᠬᠣᠰᠢᠭᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ᠎ᠢ ᠵᠣᠬᠢᠶᠠᠨ ᠪᠠᠢ᠌ᠭᠤᠯᠵᠤ 2024 ᠣᠨ᠎ᠤ 《ᠬᠠᠩᠭᠢᠨ ᠬᠣᠰᠢᠭᠤ — ᠣᠲᠣᠭ ᠬᠣᠰᠢᠭᠤᠨ᠎ᠤ ᠵᠠᠭ᠋ᠠᠭ》᠎ᠤᠨ ᠣᠶᠤᠨᠲᠤ ᠬᠢᠯᠢ ᠵᠢᠨ ᠱᠣᠩ᠎ᠢ ᠰᠣᠯᠢᠬᠤ ᠠᠵᠢᠯ᠎ᠤᠨ ᠲᠥᠷᠥᠯ ᠵᠦᠢ᠍ᠯ᠎ᠢ ᠰᠢᠯᠭ᠋ᠠᠨ ᠠᠪᠤᠯ᠎ᠠ᠂ ᠲᠣᠰ ᠤᠳᠠᠭ᠎ᠠ ᠣᠶᠤᠨᠲᠤ ᠬᠢᠯᠢ ᠵᠢᠨ ᠱᠣᠩ᠎ᠢ 43 ᠰᠣᠯᠢᠪᠠ᠃

ᠨᠠᠰᠤᠵᠢᠯ᠎ᠤᠨ ᠦᠢ᠍ᠯᠡᠴᠢᠯᠡᠭᠡ

      ᠬᠥᠯᠥᠨ ᠪᠣᠶ᠋ᠢᠷ ᠬᠣᠲᠠ ᠵᠢᠨ᠎ᠬᠢᠨ ᠤᠷᠴᠢᠮ᠎ᠳᠤ ᠠᠷᠠᠳ᠎ᠤᠨ ᠶᠠᠪᠤᠳᠠᠯ᠎ᠤᠨ ᠶᠠᠮᠤᠨ᠂ ᠡᠳ᠋᠎ᠤᠨ ᠵᠠᠰᠠᠭ᠎ᠤᠨ ᠶᠠᠮᠤᠨ᠎ᠤ 2024 ᠣᠨ᠎ᠤ ᠪᠥᠬᠥ ᠤᠯᠤᠰ᠎ᠤᠨ ᠰᠢᠶᠠᠨ᠎ᠤ ᠬᠡᠪᠴᠢᠶᠡᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲ᠋ᠧᠮ᠎ᠤᠨ ᠰᠢᠨ᠎ᠡ ᠵᠢ ᠡᠭᠦᠳᠬᠦ ᠲᠤᠷᠰᠢᠯᠲᠠ ᠵᠢᠨ ᠴᠡᠭ᠎ᠤᠨ ᠲᠥᠷᠥᠯ ᠵᠦᠢ᠍ᠯ᠎ᠢ ᠠᠮᠵᠢᠯᠲᠠ᠎ᠲᠠᠢ ᠭᠤᠶᠤᠴᠢᠯᠠᠬᠰᠠᠨ ᠵᠶ᠋ᠡᠷ ᠲᠣᠰ ᠲᠥᠷᠥᠯ ᠵᠦᠢ᠍ᠯ᠎ᠨᠢ ᠮᠣᠷᠢᠨᠳᠠᠪᠠᠭ᠎ᠠ ᠳᠠᠭᠤᠷ ᠦᠨᠳᠦᠰᠦᠲᠡᠨ᠎ᠤ ᠥᠪᠡᠷᠲᠡᠭᠡᠨ ᠵᠠᠰᠠᠬᠤ ᠬᠣᠰᠢᠭᠤᠨ᠎ᠳᠤ ᠨᠤᠲᠤᠭᠰᠢᠪᠠ᠃ ᠣᠳᠣᠬᠠᠨ᠎ᠳᠤ ᠬᠣᠲᠠ ᠬᠣᠰᠢᠭᠤ ᠬᠣᠶᠠᠷ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠲᠥᠷᠥᠯ ᠵᠦᠢ᠍ᠯ᠎ᠢ ᠨᠠᠢ᠌ᠳᠠᠪᠤᠷᠢᠵᠢᠭᠤᠯᠬᠤ ᠠᠵᠢᠯ᠎ᠢ ᠢᠳᠡᠪᠬᠢᠲᠡᠢ ᠠᠬᠢᠭᠤᠯᠵᠤ᠂ ᠬᠡᠷᠡᠭᠵᠢᠭᠦᠯᠬᠦ ᠲᠥᠰᠥᠯ ᠲᠣᠭᠲᠠᠭ᠋ᠠᠵᠤ᠂ ᠲᠥᠷᠥᠯ ᠵᠦᠢ᠍ᠯ᠎ᠤᠨ ᠪᠡᠯᠡ ᠮᠥᠩᠭᠥ ᠵᠢ 400 ᠲᠦᠮᠡᠨ ᠲᠥᠭᠥᠷᠢᠭ᠂ ᠬᠣᠲᠠ ᠵᠢᠨ ᠲᠣᠰ ᠱᠠᠲᠤᠨ᠎ᠤ ᠢᠵᠢ ᠪᠦᠷᠢᠳᠦᠭᠦᠯᠬᠦ ᠪᠡᠯᠡ ᠮᠥᠩᠭᠥ ᠵᠢ 85 ᠲᠦᠮᠡᠨ ᠲᠥᠭᠥᠷᠢᠭ ᠪᠠᠭᠤᠯᠭ᠋ᠠᠵᠤ᠂ ᠡᠬᠦᠨ᠎ᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠬᠦ᠂ ᠪᠠᠢ᠌ᠷᠢᠰᠢᠯ᠎ᠨᠢ ᠵᠦᠢ ᠵᠣᠬᠢᠰᠲᠠᠢ᠂ ᠠᠵᠢᠯᠯᠠᠭ᠋ᠠᠨ᠎ᠨᠢ ᠥᠨᠳᠥᠷ ᠪᠦᠲᠦᠮᠵᠢᠲᠡᠶ᠂ ᠦᠷᠭᠦᠯᠵᠢᠯᠡᠬᠦᠢ᠌ᠴᠡ ᠰᠢᠶᠠᠨ ᠰᠢᠶᠠᠩ ᠲᠣᠰᠬᠣᠨ ᠭᠤᠷᠪᠠᠨ ᠱᠠᠲᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠤᠤᠷᠵᠢᠯ᠎ᠢ ᠪᠠᠶ᠋ᠢᠭᠤᠯᠬᠤ᠂ ᠨᠠᠰᠤᠵᠢᠯ᠎ᠤᠨ ᠠᠰᠠᠷᠠᠮᠵᠢ ᠵᠢᠨ ᠦᠨᠳᠦᠰᠦᠨ ᠦᠢ᠍ᠯᠡᠴᠢᠯᠡᠭᠡᠨ᠎ᠤ ᠰᠢᠰᠲᠸᠮ᠎ᠤᠨ ᠪᠠᠢ᠌ᠭᠤᠯᠤᠯᠲᠠ ᠵᠢ ᠲᠡᠭᠦᠯᠳᠡᠷᠵᠢᠭᠦᠯᠬᠦ ᠵᠡᠷᠭᠡ ᠭᠣᠣᠯᠳᠠᠯᠭ᠎ᠠ᠎ᠲᠠᠢ ᠡᠭᠦᠷᠭᠡ᠎ᠳᠤ  ᠬᠡᠷᠡᠭᠯᠡᠬᠦ ᠪᠤᠯᠤᠨ᠎ᠠ᠃


 


  

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.5
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.4
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.6
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.9
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.10
 
            