ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《ᠲᠣᠭ᠋ᠠᠴᠢᠯᠠᠭᠰᠠᠨ ᠠᠷᠠᠳ᠎ᠤᠨ ᠶᠠᠪᠤᠳᠠᠯ》᠎ᠤᠨ ᠲᠥᠷᠥᠯ ᠵᠦᠢ᠍ᠯ᠎ᠤᠨ ᠱᠠᠳᠤᠴᠢ ᠰᠢᠯᠭ᠋ᠠᠨ ᠠᠪᠤᠯᠳᠠ ᠵᠢᠨ ᠬᠤᠷᠠᠯ ᠬᠢᠪᠡ
ᠨᠡᠶᠢᠲᠡᠯᠡᠭᠰᠡᠨ ᠴᠠᠭ᠄ 2024-12-03

    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2024 ᠣᠨ᠎ᠤ 11 ᠳ᠋ᠤᠬᠡᠷ ᠰᠠᠷ᠎ᠠ ᠵᠢᠨ 29᠎ᠤ ᠡᠳᠦᠷ ᠲᠣᠮᠣ ᠳ᠋ᠠᠢ᠌ᠲ᠋ᠠ ᠵᠢᠨ ᠲᠥᠪ᠎ᠤᠨ᠎ᠬᠢᠨ᠎ᠲᠠᠢ ᠬᠠᠮᠲᠤᠷᠠᠨ 《ᠲᠣᠭ᠋ᠠᠴᠢᠯᠠᠭᠰᠠᠨ ᠠᠷᠠᠳ᠎ᠤᠨ ᠶᠠᠪᠤᠳᠠᠯ》᠎ᠤᠨ ᠲᠥᠷᠥᠯ ᠵᠦᠢ᠍ᠯ᠎ᠤᠨ ᠱᠠᠳᠤᠴᠢ ᠰᠢᠯᠭ᠋ᠠᠨ ᠠᠪᠤᠯᠳᠠ ᠵᠢᠨ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ ᠲᠥᠷᠥᠯ ᠵᠦᠢ᠍ᠯ᠎ᠢ ᠰᠢᠯᠭ᠋ᠠᠨ ᠠᠪᠬᠤ ᠳᠤᠭᠤᠢ᠌ᠯᠠᠩ᠎ᠤᠨ ᠲᠤᠰᠬᠠᠢ ᠮᠡᠷᠭᠡᠵᠢᠯᠲᠡᠨ᠂ ᠠᠷᠠᠳ᠎ᠤᠨ ᠶᠠᠪᠤᠳᠠᠯ᠎ᠤᠨ ᠲᠢᠩᠬᠢᠮ ᠪᠠ ᠲᠣᠮᠣ ᠳ᠋ᠠᠢ᠌ᠲ᠋ᠠ ᠵᠢᠨ ᠲᠥᠪ᠎ᠤᠨ ᠬᠠᠮᠢᠶ᠎ᠠ ᠪᠦᠬᠦᠢ ᠭᠠᠵᠠᠷ ᠲᠠᠰᠤᠭ᠂ ᠳᠠᠭ᠋ᠠᠭ᠋ᠠᠨ ᠪᠠᠶ᠋ᠢᠭᠤᠯᠬᠤ ᠨᠢᠬᠡᠴᠢ᠂ ᠬᠢᠨᠠᠨ ᠬᠠᠮᠢᠶᠠᠷᠬᠤ ᠨᠢᠬᠡᠴᠢ ᠵᠢᠨ ᠬᠢᠨᠨ ᠬᠤᠷᠠᠯ᠎ᠳᠤ ᠣᠷᠣᠯᠴᠠᠵᠠᠢ᠃

W020241203319709274253_ORIGIN.jpg


    ᠲᠣᠰ ᠰᠢᠯᠭ᠋ᠠᠨ ᠠᠪᠬᠤ ᠠᠭᠤᠯᠭ᠎ᠠ᠎ᠳᠤ᠄ 《ᠲᠣᠭ᠋ᠠᠴᠢᠯᠠᠭᠰᠠᠨ ᠠᠷᠠᠳ᠎ᠤᠨ ᠶᠠᠪᠤᠳᠠᠯ》᠎ᠤᠨ ᠲᠥᠷᠥᠯ ᠵᠦᠢ᠍ᠯ᠎ᠤᠨ ᠵᠥᠭᠡᠯᠡᠨ ᠬᠠᠲᠠᠭᠤ ᠲᠣᠨᠣᠭ ᠬᠤᠳᠠᠯᠳᠤᠨ ᠠᠪᠬᠤ᠂ ᠬᠡᠷᠡᠭᠯᠡᠭᠡᠨ᠎ᠤ ᠰᠢᠰᠲ᠋ᠧᠮ᠎ᠢ ᠲᠣᠭᠲᠠᠭ᠋ᠠᠨ ᠦᠢ᠍ᠯᠡᠳᠴᠦ ᠨᠡᠭᠡᠭᠡᠨ ᠬᠥᠭᠵᠢᠭᠦᠯᠬᠦ ᠪᠠ ᠰᠢᠰᠲ᠋ᠧᠮ᠎ᠤᠨ ᠬᠤᠷᠠᠮᠠᠯ ᠠᠭᠤᠯᠭ᠎ᠠ ᠪᠠᠭᠲᠠᠨ᠎ᠠ᠃ ᠬᠤᠷᠠᠯ ᠳᠡᠭᠡᠷ᠎ᠡ ᠲᠣᠮᠣ ᠳ᠋ᠠᠢ᠌ᠲ᠋ᠠ ᠵᠢᠨ ᠲᠥᠪ᠂ ᠳᠠᠭ᠋ᠠᠭ᠋ᠠᠴᠢᠯᠠᠨ ᠪᠠᠶ᠋ᠢᠭᠤᠯᠬᠤ  ᠨᠢᠬᠡᠴᠢ ᠪᠠ ᠬᠢᠨᠠᠨ ᠬᠠᠮᠢᠶᠠᠷᠬᠤ ᠨᠢᠬᠡᠴᠢ ᠵᠢᠨ᠎ᠬᠢᠨ ᠲᠣᠰ ᠲᠣᠰ 《ᠲᠣᠭ᠋ᠠᠴᠢᠯᠠᠭᠰᠠᠨ ᠠᠷᠠᠳ᠎ᠤᠨ ᠶᠠᠪᠤᠳᠠᠯ》᠎ᠤᠨ ᠲᠥᠷᠥᠯ ᠵᠦᠢ᠍ᠯ᠎ᠤᠨ ᠪᠦᠬᠦᠯᠢ ᠴᠣᠭᠴᠠ ᠵᠢᠨ ᠪᠦᠲᠦᠭᠡᠨ ᠪᠠᠢ᠌ᠭᠤᠯᠤᠯᠲᠠ᠂ ᠱᠠᠲᠤ ᠦᠶ᠎ᠡ ᠵᠢᠨ ᠦᠷ᠎ᠡ ᠪᠦᠲᠦᠭᠡᠯ ᠵᠢᠴᠢ ᠬᠢᠨᠠᠨ ᠬᠠᠮᠢᠶᠠᠷᠬᠤ ᠠᠵᠢᠯ᠎ᠤᠨ ᠪᠠᠢ᠌ᠳᠠᠯ᠎ᠤᠨ ᠲᠤᠬᠠᠢ ᠨᠠᠷᠢᠨ ᠲᠣᠳᠣᠷᠬᠠᠢ ᠬᠠᠷᠢᠭᠤ ᠮᠡᠳᠡᠭᠦᠯᠦᠯᠲᠡ ᠬᠢᠵᠡᠢ᠃ ᠲᠤᠰᠬᠠᠢ ᠮᠡᠷᠭᠡᠵᠢᠯᠲᠡᠨ᠎ᠤ ᠳᠤᠭᠤᠢ᠌ᠯᠠᠩ ᠪᠢᠴᠢᠭ ᠮᠠᠲ᠋ᠧᠷᠢᠶᠠᠯ᠎ᠤᠨ ᠮᠠᠲ᠋ᠧᠷᠢᠶᠠᠯ᠎ᠢ ᠬᠢᠨᠠᠨ ᠦᠵᠡᠵᠦ᠂ ᠦᠵᠡᠭᠦᠯᠦᠯᠭᠡ ᠵᠢᠨ ᠰᠢᠰᠲ᠋ᠧᠮ᠎ᠤᠨ ᠴᠢᠳᠠᠮᠵᠢ ᠵᠢᠨ ᠦᠵᠡᠭᠦᠯᠦᠯᠭᠡ ᠵᠢ ᠦᠵᠡᠭᠰᠡᠨ᠎ᠤ ᠳᠠᠷᠠᠭ᠎ᠠ ᠬᠡᠰᠡᠭ ᠠᠰᠠᠭᠤᠳᠠᠯ᠎ᠳᠤ ᠴᠢᠭᠯᠡᠭᠦᠯᠦᠨ ᠲᠤᠯᠭ᠋ᠠᠨ ᠠᠰᠠᠭᠤᠵᠤ᠂ ᠵᠦᠢ᠍ᠯᠡᠰ᠎ᠢ ᠬᠡᠷᠡᠭᠵᠢᠭᠦᠯᠦᠭᠰᠡᠨ ᠪᠠᠢ᠌ᠳᠠᠯ᠎ᠳᠤ ᠣᠯᠠᠨ ᠲᠠᠯ᠎ᠠ ᠵᠢᠨ ᠴᠢᠩᠭ᠎ᠠ ᠬᠢᠨᠠᠨ ᠪᠠᠢ᠌ᠴᠠᠭ᠋ᠠᠯᠲᠠ ᠬᠢᠵᠦ᠂ ᠬᠣᠯᠪᠣᠭᠳᠠᠯ ᠪᠦᠬᠦᠢ ᠰᠠᠨᠠᠯ ᠰᠠᠨᠠᠭᠤᠯᠭ᠎ᠠ ᠵᠢ ᠲᠤᠷᠠᠳᠤᠬᠰᠠᠨ ᠪᠠᠢ᠌ᠨ᠎ᠠ᠃ ᠭᠦᠢ᠍ᠴᠡᠳ ᠶᠠᠷᠢᠯᠴᠠᠬᠤ᠎ᠪᠠᠷ ᠲᠠᠮᠵᠢᠨ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠤᠨ᠎ᠬᠢᠨ ᠲᠤᠰ ᠱᠠᠲᠤᠨ᠎ᠤ ᠰᠢᠯᠭ᠋ᠠᠨ ᠠᠪᠬᠤ ᠵᠦᠢ᠍ᠯᠡᠰ᠎ᠢ ᠪᠠᠲᠤᠯᠠᠬᠤ ᠵᠢ ᠰᠠᠨᠠᠯ ᠨᠢᠭᠡᠲᠡᠢ ᠵᠥᠪᠰᠢᠶᠡᠷᠡᠪᠡ᠃
   《ᠲᠣᠭ᠋ᠠᠴᠢᠯᠠᠭᠰᠠᠨ ᠠᠷᠠᠳ᠎ᠤᠨ ᠶᠠᠪᠤᠳᠠᠯ》 ᠎ᠤᠨ ᠲᠦᠷᠦᠯ ᠵᠦᠢ᠍ᠯ  ᠱᠠᠳᠤᠴᠢ ᠰᠢᠯᠭ᠋ᠠᠨ ᠠᠪᠤᠯᠳᠠ ᠵᠢᠨ ᠪᠠᠢ᠌ᠴᠠᠭ᠋ᠠᠯᠲᠠ ᠵᠢ ᠠᠮᠵᠢᠯᠲᠠ᠎ᠲᠠᠢ ᠥᠩᠭᠡᠷᠡᠭᠡᠭᠰᠡᠨ᠎ᠨᠢ ᠲᠦᠷᠦᠯ ᠵᠦᠢ᠍ᠯ ᠪᠦᠬᠦ ᠲᠠᠯ᠎ᠠ᠎ᠪᠠᠷ ᠰᠢᠪᠲᠤᠯᠤᠯᠲᠠ ᠬᠢᠬᠦ ᠵᠠᠩᠭᠢᠯᠠᠭ᠎ᠠ ᠵᠢᠨ ᠬᠤᠭᠤᠴᠠᠭ᠋ᠠᠨ᠎ᠳᠤ ᠣᠷᠣᠭᠰᠠᠨ᠎ᠢ ᠬᠠᠷᠠᠭᠤᠯᠵᠤ ᠬᠣᠢ᠌ᠰᠢᠳᠠ ᠵᠢᠨ ᠠᠵᠢᠯ᠎ᠢ ᠠᠬᠢᠭᠤᠯᠬᠤ᠎ᠳᠤ ᠪᠠᠲᠤ ᠪᠡᠬᠢ ᠰᠠᠭᠤᠷᠢ ᠵᠢ ᠲᠠᠯᠪᠢᠭᠰᠠᠨ ᠪᠠᠢ᠌ᠨ᠎ᠠ᠃  
    ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠡᠭᠦᠨ ᠵᠶ᠋ᠡᠷ ᠠᠵᠠ ᠲᠣᠬᠢᠶᠠᠯ ᠪᠣᠯᠭ᠋ᠠᠵᠤ ᠵᠢᠷᠤᠭ ᠲᠥᠯᠥᠪᠯᠡᠭᠡ ᠵᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠰᠢᠰᠲᠸᠮ᠎ᠤᠨ ᠴᠢᠳᠠᠪᠬᠢ ᠵᠢ ᠰᠢᠯᠢᠳᠡᠭᠵᠢᠬᠦᠯᠤᠬᠡᠳ ᠲᠦᠷᠦᠯ ᠵᠦᠢ᠍ᠯ᠎ᠤᠨ ᠥᠨᠳᠥᠷ ᠶᠠᠰᠤ ᠴᠢᠨᠠᠷ᠎ᠲᠠᠢ ᠥᠨᠳᠥᠷ ᠪᠦᠲᠦᠮᠵᠢᠲᠡᠢ ᠬᠠᠷᠠᠯᠲᠠ ᠡᠭᠦᠷᠭᠡ᠎ᠪᠠᠨ ᠪᠡᠶᠡᠯᠡᠭᠦᠯᠬᠦ ᠵᠢ ᠪᠠᠲᠤᠯᠠᠵᠤ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠥᠭᠡᠷᠡᠴᠢᠯᠡᠯᠲᠡ ᠵᠢᠨ ᠡᠭᠦᠷᠭᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ᠎ᠳᠤ ᠬᠦᠴᠦ ᠨᠡᠮᠡᠷᠢᠯᠡᠵᠦ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢᠨ ᠰᠢᠨ᠎ᠡ ᠠᠯᠬᠤᠮ᠎ᠢ ᠠᠯᠬᠤᠬᠤ ᠵᠢ ᠠᠬᠢᠭᠤᠯᠬᠤ ᠪᠤᠯᠤᠨ᠎ᠠ᠃





     

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.2
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ12.3
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.5
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.4
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.6
 
            