ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.2
ᠨᠡᠶᠢᠲᠡᠯᠡᠭᠰᠡᠨ ᠴᠠᠭ᠄ 2024-12-03

  ᠣᠷᠣᠨ ᠬᠤᠪᠢᠶᠠᠷᠢᠯᠠᠯ ᠭᠠᠵᠠᠷ᠎ᠤᠨ ᠨᠡᠷᠡᠰ


   ᠤᠯᠠᠭ᠋ᠠᠨᠬᠠᠳᠠ ᠬᠣᠲᠠ ᠭᠠᠵᠠᠷ᠎ᠤᠨ ᠨᠡᠷᠡᠰ᠎ᠤᠨ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠨᠡᠷᠡᠰ᠎ᠤᠨ ᠵᠢᠭᠰᠠᠭ᠋ᠠᠯᠲᠠ ᠵᠢ ᠮᠡᠳᠡᠭᠦᠯᠬᠦ ᠠᠵᠢᠯ᠎ᠢ ᠢᠳᠡᠪᠬᠢᠲᠡᠢ ᠵᠣᠬᠢᠶᠠᠨ ᠪᠠᠢ᠌ᠭᠤᠯᠪᠠ᠃ ᠬᠢᠨᠠᠨ ᠬᠠᠷᠭᠤᠭᠤᠯᠵᠤ ᠮᠠᠭ᠋ᠠᠳᠯᠠᠨ ᠲᠣᠭᠲᠠᠭ᠋ᠠᠭᠰᠠᠨ ᠵᠶ᠋ᠠᠷ᠂  ᠴᠠᠭ᠋ᠠᠨᠬᠤᠳᠠ᠂ ᠱᠠᠪᠠᠷᠲᠠᠶ ᠭᠠᠴᠠᠭ᠎ᠠ᠂ ᠰᠠᠴᠢᠨᠳᠠᠯ᠎ᠠ ᠭᠠᠴᠠᠭ᠎ᠠ ᠵᠡᠷᠭᠡ 3 ᠵᠤᠷᠪᠤᠰ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠂ ᠬᠤᠩᠱ᠌ᠠᠨ᠂ ᠰᠢᠷ᠎ᠡ ᠮᠦᠷᠡᠨ ᠭᠣᠣᠯ᠂ ᠯᠣᠬ᠎ᠠ ᠭᠣᠣᠯ ᠵᠡᠷᠭᠡ 3 ᠵᠤᠷᠪᠤᠰ ᠪᠠᠢ᠌ᠭ᠋ᠠᠯᠢ ᠵᠢᠨ ᠭᠠᠵᠠᠷ ᠵᠦᠢ ᠵᠢᠨ ᠪᠣᠳᠠᠲᠤ ᠴᠣᠭᠴᠠ ᠵᠢᠨ ᠨᠡᠷᠡᠢ᠌ᠳᠦᠯ᠎ᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ᠎ᠤᠨ  ᠨᠡᠷᠡᠰ᠎ᠤᠨ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠨᠡᠷᠡᠰ᠎ᠤᠨ ᠵᠢᠭᠰᠠᠭ᠋ᠠᠯᠲᠠ》 (ᠨᠢᠭᠡᠳᠦᠭᠡᠷ ᠪᠦᠯᠦᠭ)᠎ᠳᠤ ᠣᠷᠣᠭᠤᠯᠪᠠ᠃


ᠨᠠᠰᠤᠵᠢᠯ᠎ᠤᠨ ᠦᠢ᠍ᠯᠡᠴᠢᠯᠡᠭᠡ


      ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ ᠠᠷᠠᠳ᠎ᠠᠴᠠ ᠡᠷᠭᠢᠯᠡᠭᠰᠡᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠂ ᠢᠳᠡᠭᠡᠨ ᠤᠮᠳᠠᠭ᠋ᠠᠨ᠎ᠤ ᠠᠵᠤ ᠠᠬᠤᠢ᠌ᠯᠠᠯ᠂ ᠡᠮᠴᠢᠯᠡᠭᠡᠨ᠎ᠤ ᠪᠠᠢ᠌ᠭᠤᠯᠤᠮᠵᠢ ᠵᠢ ᠣᠷᠣᠭᠤᠯᠤᠨ ᠠᠪᠴᠢᠷᠠᠬᠤ ᠵᠢᠨ ᠬᠠᠮᠲᠤ ᠬᠣᠲᠠ᠂ ᠰᠢᠶᠠᠨ ᠬᠣᠶᠠᠷ ᠱᠠᠲᠤᠨ᠎ᠤ ᠰᠠᠢ᠌ᠨ ᠲᠤᠷᠠᠴᠤᠤᠯ᠎ᠤᠨ ᠨᠡᠢ᠌ᠭᠡᠮᠯᠢᠭ᠎ᠲᠠᠢ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠡᠩᠨᠡᠭᠡ ᠵᠢ ᠵᠣᠬᠢᠶᠠᠨ ᠪᠠᠢ᠌ᠭᠤᠯᠵᠤ᠂ ᠨᠠᠰᠤᠲᠠᠢ᠌ᠴᠤᠳ᠎ᠤᠨ ᠠᠮᠢᠳᠤᠷᠠᠯ᠎ᠤᠨ 《ᠵᠢᠷᠭᠤᠭ᠎ᠠ ᠵᠢ ᠬᠦᠷᠭᠡᠬᠦ》 (ᠡᠮᠴᠢᠯᠡᠭᠡ ᠬᠦᠷᠭᠡᠬᠦ᠂ ᠵᠤᠭ᠎ᠠ ᠴᠡᠩᠭᠡᠯ ᠬᠦᠷᠭᠡᠬᠦ᠂ ᠬᠠᠤᠯᠢ ᠳᠦᠷᠢᠮ ᠬᠦᠷᠭᠡᠬᠦ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ᠂ ᠠᠷᠢᠭᠤᠨ ᠴᠡᠪᠡᠷ ᠬᠦᠷᠭᠡᠬᠦ᠂ ᠬᠠᠯᠠᠮᠵᠢ ᠬᠦᠷᠭᠡᠬᠦ) ᠵᠢᠨ ᠲᠣᠭᠣᠷᠢᠨ᠎ᠳᠤ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠣᠨ᠎ᠤ ᠲᠥᠯᠥᠪᠯᠡᠭᠡ ᠵᠢᠨ ᠬᠦᠰᠦᠨᠦᠭᠲᠦ ᠵᠢ ᠭᠣᠣᠯᠳᠠᠯᠭ᠎ᠠ᠎ᠲᠠᠢ ᠲᠣᠭᠲᠠᠭ᠋ᠠᠵᠤ᠂ ᠨᠠᠰᠤᠵᠢᠯ᠎ᠤᠨ ᠦᠢ᠍ᠯᠡᠴᠢᠯᠡᠭᠡᠨ᠎ᠢ 《ᠦᠨᠳᠦᠰᠦᠨ ᠨᠠᠰᠤᠵᠢᠯ᠎ᠤᠨ ᠠᠰᠠᠷᠠᠮᠵᠢ》᠎ᠠᠴᠠ 《ᠴᠢᠨᠰᠠᠭ᠎ᠠ ᠰᠠᠢ᠌ᠳᠠᠢ ᠨᠠᠰᠤᠵᠢᠯ᠎ᠤᠨ ᠠᠰᠠᠷᠠᠮᠵᠢ》 ᠲᠡᠢ᠌ᠰᠢ ᠠᠬᠢᠭᠤᠯᠪᠠ᠃
    ᠦᠬᠠᠢ ᠬᠤᠳᠠ ᠵᠢᠨ᠎ᠬᠢᠨ ᠦᠨᠤ ᠵᠢᠯ ᠡᠯ᠎ᠡ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠪᠠᠯᠭ᠋ᠠᠰᠤᠨ᠎ᠤ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠰᠠᠯᠠᠭ᠎ᠠ ᠮᠥᠴᠢᠷ᠎ᠢ ᠵᠣᠬᠢᠶᠠᠨ ᠪᠠᠢ᠌ᠭᠤᠯᠵᠤ ᠪᠦᠬᠦ ᠬᠤᠳᠠ ᠵᠢᠨ ᠬᠦᠴᠢᠷᠳᠡᠯᠲᠡᠢ ᠨᠠᠰᠤᠲᠠᠢ᠌ᠴᠤᠳ᠎ᠲᠤ ᠪᠠᠢ᠌ᠳᠠᠯ᠎ᠢ ᠣᠢ᠌ᠯᠠᠭ᠋ᠠᠬᠤ ᠪᠠᠢ᠌ᠴᠠᠭ᠋ᠠᠯᠲᠠ ᠬᠢᠵᠡᠢ᠃ ᠰᠤᠷᠪᠤᠯᠵᠢᠯᠠᠬᠤ᠂ ᠲᠥᠷᠥ ᠵᠢᠨ ᠪᠣᠳᠣᠯᠭ᠎ᠠ ᠵᠢ ᠲᠠᠢ᠌ᠯᠪᠤᠷᠢᠯᠠᠬᠤ᠂ ᠪᠥᠬᠥ ᠲᠠᠯ᠎ᠠ᠎ᠪᠠᠷ ᠦᠨᠡᠯᠡᠬᠦ ᠵᠡᠷᠭᠡ ᠠᠷᠭ᠎ᠠ ᠎ᠪᠠᠷ ᠶᠢᠰᠦᠨ ᠲᠥᠷᠥᠯ᠎ᠤᠨ ᠤᠨᠴᠠᠭ᠋ᠠᠢ ᠬᠦᠴᠢᠷᠳᠡᠯᠲᠡᠢ ᠨᠠᠰᠤᠲᠠᠢ᠌ᠴᠤᠳ᠎ᠲᠤ 《ᠨᠢᠭᠡ ᠡᠷᠦᠬᠡ᠎ᠳᠤ ᠨᠢᠭᠡ ᠲᠥᠷᠥ ᠵᠢᠨ ᠪᠣᠳᠣᠯᠭ᠎ᠠ》 ᠵᠢᠨ ᠨᠠᠰᠤᠵᠢᠯᠲᠠ᠎ᠳᠤ ᠲᠣᠬᠢᠷᠠᠬᠤ ᠥᠭᠡᠷᠡᠴᠢᠯᠡᠯᠲᠡ ᠵᠢᠨ ᠲᠥᠰᠥᠯ᠎ᠢ ᠲᠣᠭᠲᠠᠭ᠋ᠠᠨ ᠥᠭᠴᠦ ᠨᠠᠰᠤᠲᠠᠢ᠌ᠴᠤᠳ᠎ᠤᠨ ᠠᠳᠠᠯᠢ ᠪᠤᠰᠤ ᠬᠡᠷᠡᠭᠴᠡᠭᠡ ᠱᠠᠭ᠋ᠠᠷᠳᠠᠯᠭ᠎ᠠ ᠪᠠ ᠬᠦᠴᠢᠷᠳᠡᠯ᠎ᠤᠨ ᠬᠡᠮᠵᠢᠶ᠎ᠡ ᠵᠢ ᠦᠨᠳᠦᠰᠦᠯᠡᠨ 3000 ᠲᠥᠭᠥᠷᠢᠭ (ᠰᠠᠭᠤᠷᠢ ᠲᠥᠷᠥᠯ) ᠪᠠ 5000 ᠲᠥᠭᠥᠷᠢᠭ (ᠭᠡᠷ ᠪᠦᠯᠢ ᠵᠢᠨ ᠰᠤᠪᠢᠯᠠᠯᠲᠠ ᠵᠢᠨ ᠣᠷᠣ)᠎ᠤᠨ ᠥᠭᠡᠷᠡᠴᠢᠯᠡᠯᠲᠡ ᠵᠢᠨ ᠨᠥᠬᠥᠪᠦᠷᠢ ᠵᠢ ᠲᠥᠷᠥᠯ ᠬᠤᠪᠢᠶᠠᠨ ᠬᠠᠩᠭ᠋ᠠᠵᠤ᠂ ᠨᠠᠰᠤᠲᠠᠢ᠌ᠴᠤᠳ᠎ᠤᠨ ᠥᠪᠡᠷᠮᠢᠴᠡ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠬᠠᠡᠭᠭ᠋ᠠᠭ᠋ᠠᠳ 812 ᠡᠷᠦᠬᠡ ᠵᠢᠨ ᠨᠠᠰᠤᠵᠢᠯᠲᠠ ᠵᠢᠨ ᠥᠭᠡᠷᠡᠴᠢᠯᠡᠯᠲᠡ ᠵᠢ ᠨᠢᠭᠡᠨᠲᠡ ᠪᠡᠶᠡᠯᠡᠭᠦᠯᠵᠡᠢ᠃


ᠬᠡᠦᠬᠡᠳ᠎ᠤᠨ ᠠᠰᠠᠷᠠᠮᠵᠢ


    ᠪᠠᠶᠠᠨᠨᠠᠭᠤᠷ ᠬᠣᠲᠠ ᠵᠢᠨ ᠨᠠᠰᠤᠨ᠎ᠳᠤ ᠥᠯᠥ ᠭᠦᠷᠦᠭᠰᠡᠳ᠎ᠢ ᠲᠤᠰᠠᠯᠠᠵᠤ ᠬᠠᠮᠠᠭ᠋ᠠᠯᠠᠬᠤ ᠲᠥᠪ᠎ᠤᠨ᠎ᠬᠢᠨ ᠤᠷᠴᠢᠮ᠎ᠳᠤ ᠪᠣᠷᠣᠳᠣᠬᠣᠢ ᠳᠡᠭᠡᠳᠦ ᠰᠤᠷᠭ᠋ᠠᠭᠤᠯᠢ ᠵᠢᠨ ᠬᠢᠲᠠᠳ ᠬᠡᠯᠡ ᠤᠳᠬ᠎ᠠ ᠵᠣᠬᠢᠶᠠᠯ᠎ᠤᠨ ᠰᠠᠯᠪᠤᠷᠢ ᠵᠢᠨ ᠱᠤ᠌ ᠭᠤᠸᠠᠩ ᠨᠡᠶ᠋ᠢᠲᠡ ᠵᠢᠨ ᠠᠰᠠᠷᠠᠮᠵᠢ ᠵᠢᠨ ᠬᠣᠷᠢᠶ᠎ᠠ᠎ᠲᠠᠢ ᠭᠠᠷ ᠬᠣᠯᠪᠣᠨ ᠬᠠᠮᠲᠤᠷᠠᠨ ᠬᠠᠪᠰᠤᠷᠤᠨ ᠲᠡᠳᠬᠦᠬᠦ ᠰᠠᠭᠤᠷᠢᠨ ᠭᠠᠵᠠᠷ ᠪᠠᠢ᠌ᠭᠤᠯᠵᠤ᠂ ᠳᠠᠭ᠋ᠠᠳᠬᠠᠯ᠎ᠤᠨ ᠲᠥᠪ᠎ᠲᠤ ᠡᠷᠡᠭᠦᠯᠵᠢᠭᠦᠯᠵᠦ ᠨᠠᠢ᠌ᠳᠠᠨ ᠠᠰᠠᠷᠠᠭᠤᠯᠵᠤ ᠪᠠᠢ᠌ᠭ᠎ᠠ ᠬᠡᠦᠬᠡᠳ᠎ᠲᠤ ᠬᠢᠲᠠᠳ ᠬᠡᠯᠡ ᠤᠳᠬ᠎ᠠ ᠵᠣᠬᠢᠶᠠᠯ᠎ᠤᠨ ᠨᠢᠭᠡ ᠨᠢᠭᠡ ᠵᠢᠨ ᠬᠠᠪᠰᠤᠷᠤᠨ ᠵᠢᠯᠣᠭᠣᠳᠤᠯᠭ᠎ᠠ᠂ ᠤᠯᠠᠮᠵᠢᠯᠠᠯᠲᠤ ᠰᠣᠶᠣᠯ᠎ᠤᠨ ᠠᠵᠢᠯᠯᠠᠭ᠎ᠠ᠂ ᠰᠡᠳᠬᠢᠴᠡ ᠵᠢᠨ ᠵᠢᠯᠣᠭᠣᠳᠤᠯᠭ᠎ᠠ ᠵᠡᠷᠭᠡ ᠦᠢ᠍ᠯᠡᠴᠢᠯᠡᠭᠡ ᠬᠠᠩᠭ᠋ᠠᠵᠤ ᠪᠠᠢ᠌ᠨ᠎ᠠ᠃ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠬᠦᠴᠦᠨ᠎ᠢ ᠢᠳᠡᠪᠬᠢᠲᠡᠢ᠎ᠪᠠᠷ ᠥᠷᠭᠡᠳᠬᠡᠬᠦ᠎ᠪᠠᠷ ᠳᠡᠮᠵᠢᠨ ᠪᠠᠶᠠᠨᠨᠠᠭᠤᠷ ᠬᠣᠲᠠ ᠵᠢᠨ᠎ᠬᠢᠨ ᠨᠠᠩ ᠣᠯᠠᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠥᠪᠡᠷᠮᠢᠴᠡ᠂ ᠣᠯᠠᠨ ᠡᠰᠢᠵᠢᠭᠰᠡᠨ  ᠲᠡᠳᠬᠦᠮᠵᠢ ᠬᠠᠡᠭᠭ᠋ᠠᠬᠰᠠᠨ ᠪᠠᠢ᠌ᠨ᠎ᠠ᠃


  ᠨᠢᠬᠦᠯᠡᠰᠤᠡᠭᠭᠦᠢ ᠵᠢᠨ ᠦᠢ᠍ᠯᠡᠰ


    ᠰᠢᠯᠢ ᠵᠢᠨ ᠭᠣᠣᠯ ᠠᠢ᠌ᠮᠠᠭ᠎ᠤᠨ᠎ᠬᠢᠨ 2024 ᠣᠨ᠎ᠳᠤ 《〈ᠢᠯᠨ ᠨᠢᠭᠦᠯᠡᠰᠦᠩᠭᠦᠢ〉 ᠢᠨᠵᠧᠨᠧᠷᠢᠩ᠎ᠤᠨ ᠬᠡᠷᠡᠭᠵᠢᠭᠦᠯᠬᠦ ᠲᠥᠰᠥᠯ》᠎ᠢ ᠲᠣᠭᠲᠠᠭ᠋ᠠᠵᠤ᠂ 《ᠬᠦᠰᠡᠯᠡᠩ᠎ᠤᠨ ᠬᠡᠷᠡᠯ》 ᠨᠠᠷᠠᠲᠤ ᠲᠥᠷᠥᠯ ᠲᠡᠮᠳᠡᠭᠲᠦ ᠵᠢᠨ ᠲᠥᠷᠥᠯ ᠵᠦᠢ᠍ᠯ᠎ᠢ ᠪᠥᠬᠥ ᠲᠠᠯ᠎ᠠ᠎ᠪᠠᠷ ᠪᠣᠶ ᠪᠣᠯᠭ᠋ᠠᠵᠤ᠂ ᠨᠢᠭᠦᠯᠡᠰᠦᠩᠭᠦᠢ ᠵᠢᠨ ᠦᠢ᠍ᠯᠡᠰ᠎ᠤᠨ ᠣᠨᠴᠠᠭ᠋ᠠᠶ ᠬᠠᠮᠲᠤᠯᠢᠭ᠎ᠢ  ᠬᠠᠯᠠᠮᠵᠢᠯᠠᠬᠤ ᠲᠠᠯ᠎ᠠ᠎ᠪᠠᠷ ᠢᠳᠡᠪᠬᠢᠲᠡᠢ ᠦᠢ᠍ᠯᠡᠳᠦᠯ ᠪᠠᠳᠠᠷᠠᠭᠤᠯᠬᠤ ᠵᠢ ᠠᠬᠢᠭᠤᠯᠪᠠ᠃ ᠲᠥᠷᠥᠯ ᠵᠦᠢ᠍ᠯ᠎ᠤᠨ ᠴᠤᠭᠯᠠᠭᠤᠯᠤᠭᠰᠠᠨ ᠪᠡᠯᠡ ᠮᠥᠩᠭᠥ ᠵᠢ ᠰᠢᠭᠡᠰᠦᠨ ᠬᠣᠥᠷᠠᠳᠠᠯᠭ᠎ᠠ ᠵᠢᠨ ᠡᠪᠡᠳᠴᠢᠲᠡᠨ᠎ᠳᠤ ᠲᠤᠰᠬᠠᠢ ᠵᠦᠢ᠍ᠯ᠎ᠤᠨ ᠡᠮᠴᠢᠯᠡᠭᠡᠨ᠎ᠤ ᠨᠥᠬᠥᠪᠦᠷᠢ ᠬᠠᠩᠭ᠋ᠠᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠰᠤᠷᠤᠯᠭ᠎ᠠ ᠵᠢ ᠲᠡᠳᠬᠦᠬᠦ ᠬᠦᠰᠡᠯ ᠵᠡᠭᠦᠳᠦ ᠵᠢ ᠲᠡᠷᠭᠡᠯᠰᠢᠭᠦᠯᠬᠦ ᠮᠥᠩᠭᠥ ᠬᠠᠩᠭ᠋ᠠᠵᠤ᠂ ᠥᠮᠡᠨ ᠡᠪᠡᠳᠴᠢᠲᠡᠨ᠎ᠳᠤ ᠭᠡᠷ ᠪᠦᠯᠢ ᠵᠢᠨ ᠲᠡᠳᠬᠦᠬᠦ ᠪᠡᠯᠡ ᠮᠥᠩᠭᠥ ᠵᠢᠨ ᠨᠥᠬᠥᠪᠦᠷᠢ ᠬᠠᠩᠭ᠋ᠠᠬᠤ ᠵᠢᠨ ᠬᠠᠮᠲᠤ 70 ᠨᠠᠰᠤᠨ᠎ᠠᠴᠠ ᠳᠡᠭᠡᠭᠰᠢᠬᠢ ᠣᠨᠴᠠᠭ᠋ᠠᠶ ᠬᠦᠴᠢᠷᠳᠡᠯ᠎ᠲᠠᠢ  ᠨᠠᠰᠤᠲᠠᠢ᠌ᠴᠤᠳ᠎ᠲᠤ ᠰᠡᠳᠬᠢᠯ᠎ᠢ ᠳᠤᠯᠠᠭ᠋ᠠᠴᠠᠭᠤᠯᠬᠤ ᠡᠳ᠋ ᠪᠣᠳᠠᠰ ᠲᠠᠷᠬᠠᠭ᠋ᠠᠬᠤ᠎ᠳᠤ ᠬᠡᠷᠡᠭᠯᠡᠪᠡ᠃ ᠣᠲᠣ ᠪᠣᠯᠲᠠᠯ᠎ᠠ ᠲᠥᠷᠥᠯ ᠵᠦᠢ᠍ᠯ᠎ᠳᠤ ᠨᠢᠬᠦᠯᠡᠰᠤᠡᠭᠭᠦᠢ ᠵᠢᠨ ᠦᠢ᠍ᠯᠡᠰ᠎ᠤᠨ ᠬᠠᠨᠳᠢᠪ ᠮᠦᠡᠭᠬᠦ 7 ᠲᠦᠮᠡ ᠭᠠᠷᠤᠢ ᠲᠥᠭᠥᠷᠢᠭ ᠴᠤᠭᠯᠠᠭᠤᠯᠵᠤ᠂ 72 ᠣᠨᠴᠠ ᠬᠦᠴᠢᠷᠳᠡᠯᠲᠡᠢ ᠣᠯᠠᠨ ᠲᠦᠮᠡᠨ᠎ᠢ ᠬᠠᠪᠰᠤᠷᠤᠬᠰᠠᠨ ᠪᠠᠢ᠌ᠨ᠎ᠠ᠃




  


 


ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ12.3
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.5
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.4
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.6
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.9
 
            