ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.27
ᠨᠡᠶᠢᠲᠡᠯᠡᠭᠰᠡᠨ ᠴᠠᠭ᠄ 2024-12-31

ᠠᠷᠠᠳ᠎ᠤᠨ ᠶᠠᠪᠤᠳᠠᠯ᠎ᠤᠨ ᠶᠠᠮᠤᠨ


     ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ᠎ᠬᠢᠨ ᠤᠷᠴᠢᠮ᠎ᠳᠤ 《2025 ᠣᠨ᠎ᠤ ᠰᠢᠨ᠎ᠡ ᠵᠢᠯ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ᠎ᠬᠢ ᠬᠣᠯᠪᠣᠭᠳᠠᠯ ᠪᠦᠬᠦᠢ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠪᠠ᠃ ᠮᠡᠳᠡᠭᠳᠡᠯ᠎ᠳᠤ᠄ 《ᠶᠠᠳᠠᠭᠤ ᠬᠦᠴᠢᠷᠳᠡᠯᠲᠡᠢ ᠤᠯᠠᠨ ᠲᠦᠮᠡᠨ᠎ᠢ  ᠬᠠᠯᠠᠮᠵᠢᠯᠠᠨ᠂ ᠪᠠᠴᠢᠮᠳᠠᠯ ᠬᠦᠴᠢᠷᠳᠡᠯ ᠵᠤᠪᠠᠨᠢᠯ᠎ᠢ᠎ᠨᠢ ᠬᠦᠴᠦᠯᠡᠨ ᠰᠢᠢ᠍ᠳᠪᠦᠷᠢᠯᠡᠬᠦ ᠬᠡᠷᠡᠭᠲᠡᠢ᠃ ᠨᠡᠢ᠌ᠭᠡᠮ᠎ᠤᠨ ᠲᠤᠰᠠᠯᠠᠮᠵᠢ ᠵᠢᠨ ᠡᠯ᠎ᠡ ᠲᠥᠷᠥ ᠵᠢᠨ ᠪᠣᠳᠣᠯᠭ᠎ᠠ ᠵᠢ ᠨᠢᠮᠪᠠᠢ ᠨᠠᠢ᠌ᠳᠠᠪᠤᠷᠢᠵᠢᠭᠤᠯᠵᠤ᠂ ᠡᠯ᠎ᠡ ᠲᠥᠷᠥᠯ᠎ᠤᠨ ᠲᠤᠰᠠᠯᠠᠮᠵᠢ ᠵᠢᠨ ᠮᠥᠩᠭᠥ ᠵᠢ ᠲᠣᠭᠲᠠᠭ᠋ᠠᠯ ᠶᠣᠰᠣᠭ᠋ᠠᠷ ᠴᠠᠭ ᠲᠤᠬᠠᠢ᠎ᠳᠤ᠎ᠨᠢ ᠲᠣᠭ᠎ᠠ ᠶᠣᠰᠣᠭ᠋ᠠᠷ ᠲᠠᠷᠬᠠᠭ᠋ᠠᠬᠤ ᠬᠡᠷᠡᠭᠳᠡᠢ᠃ ᠲᠦᠷ ᠴᠠᠭ᠎ᠤᠨ  ᠲᠤᠰᠠᠯᠠᠮᠵᠢ ᠵᠢᠨ ᠡᠷᠴᠢᠮ᠎ᠢ ᠴᠢᠩᠭ᠋ᠠᠷᠠᠭᠤᠯᠵᠤ᠂ ᠭᠡᠨᠡᠳᠲᠡ ᠵᠢᠨ᠂ ᠲᠤᠯᠭ᠋ᠠᠮ ᠬᠦᠴᠢᠷᠳᠡᠯ᠎ᠳᠤ ᠲᠤᠯᠭ᠋ᠠᠷᠠᠭᠰᠠᠨ ᠣᠯᠠᠨ ᠲᠦᠮᠡᠨ᠎ᠳᠤ ᠴᠠᠭ ᠲᠤᠬᠠᠢ᠎ᠳᠤ᠎ᠨᠢ ᠦᠨᠳᠦᠰᠦᠨ ᠠᠮᠢᠳᠤᠷᠠᠯ᠎ᠤᠨ ᠪᠠᠲᠤᠯᠠᠭ᠎ᠠ ᠣᠯᠭᠣᠬᠤ ᠬᠡᠷᠡᠭᠲᠡᠢ᠃ ᠣᠨᠴᠠᠭ᠋ᠠᠶ ᠬᠦᠴᠢᠷᠳᠡᠯ᠎ᠲᠠᠢ ᠨᠠᠰᠤᠲᠠᠢ᠌ᠴᠤᠳ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠂ ᠵᠡᠮᠳᠡᠭᠴᠦᠳ᠎ᠢ ᠬᠠᠯᠠᠮᠵᠢᠯᠠᠨ ᠲᠡᠳᠬᠦᠬᠦ ᠠᠵᠢᠯ᠎ᠢ ᠴᠢᠡᠭᠭ᠋ᠠᠳᠬᠠᠬᠤ ᠬᠡᠷᠡᠭᠳᠡᠢ᠃ 《ᠬᠠᠬᠢᠷ ᠡᠪᠦᠯ᠎ᠤᠨ ᠬᠦᠢ᠍ᠳᠡᠨ᠎ᠳᠤ ᠬᠠᠯᠠᠮᠵᠢ ᠬᠦᠷᠭᠡᠬᠦ》 ᠲᠤᠰᠬᠠᠢ  ᠲᠤᠰᠠᠯᠠᠮᠵᠢ ᠵᠢᠨ ᠠᠵᠢᠯᠯᠠᠭ᠎ᠠ ᠵᠢ ᠥᠷᠨᠢᠭᠦᠯᠵᠦ  ᠲᠡᠨᠦᠭᠦᠴᠢᠯᠡᠨ ᠭᠤᠢ᠌ᠷᠠᠨᠴᠢᠯᠠᠬᠰᠠᠳ ᠪᠠ ᠲᠦᠷ ᠴᠠᠭ ᠬᠦᠴᠢᠷᠳᠡᠯ᠎ᠳᠤ ᠲᠤᠯᠭ᠋ᠠᠷᠠᠭᠰᠠᠨ ᠬᠥᠮᠥᠰ᠎ᠤᠨ ᠠᠮᠤᠷ ᠲᠦᠪᠰᠢᠨ ᠵᠶ᠋ᠡᠷ ᠡᠪᠦᠯᠵᠢᠬᠦ ᠵᠢ ᠪᠠᠳᠤᠯᠠᠬᠤ ᠬᠡᠷᠡᠭᠳᠡᠢ》 ᠬᠡᠵᠡᠢ᠃


ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ


   ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠬᠣᠲᠠ ᠵᠢᠨ ᠲᠣᠰ ᠱᠠᠲᠤᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ 2023 ᠣᠨ᠎ᠤ ᠣᠨ᠎ᠤ ᠪᠠᠢ᠌ᠴᠠᠭ᠋ᠠᠯᠲᠠ ᠵᠢᠨ ᠠᠵᠢᠯ᠎ᠢ ᠡᠮᠬᠢ ᠵᠢᠷᠤᠮ᠎ᠲᠠᠢ ᠥᠷᠨᠢᠭᠦᠯᠦᠭᠰᠡᠨ ᠪᠥᠭᠡᠳ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠠᠯᠪᠠᠨ᠎ᠤ ᠰᠦᠯᠵᠢᠶ᠎ᠡ᠎ᠪᠠᠷ ᠳᠠᠮᠵᠢᠭᠤᠯᠤᠨ ᠬᠥᠬᠡᠬᠣᠲᠠ ᠵᠢᠨ ᠲᠣᠰ ᠱᠠᠲᠤᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ 2023 ᠣᠨ᠎ᠤ ᠪᠠᠢ᠌ᠴᠠᠭ᠋ᠠᠯᠲᠠ ᠵᠢᠨ ᠳ᠋ᠦᠩᠨᠡᠯᠲᠡ (ᠬᠣᠶᠠᠳᠤᠭ᠋ᠠᠷ ᠪᠦᠯᠦᠭ) ᠵᠢ 178 ᠨᠡᠢ᠌ᠲᠡᠯᠡᠪᠡ᠂ ᠡᠭᠦᠨ᠎ᠳᠤ᠄ ᠬᠢᠷᠢ ᠲᠡᠩᠴᠡᠭᠰᠡᠨ᠎ᠨᠢ 64᠂ ᠦᠨᠳᠦᠰᠦᠨ᠎ᠳᠤ᠎ᠪᠠᠨ ᠬᠢᠷᠢ ᠲᠡᠩᠴᠡᠭᠰᠡᠨ᠎ᠨᠢ 105᠂ ᠬᠢᠷᠢ ᠲᠡᠩᠴᠡᠭᠰᠡᠨ ᠦᠭᠡᠢ᠎ᠨᠢ 5᠂ ᠣᠨ᠎ᠤ ᠮᠡᠳᠡᠭᠦᠯᠦᠯᠲᠡ ᠵᠢ ᠪᠡᠶᠡᠯᠡᠭᠦᠯᠦᠭᠰᠡᠨ ᠨᠢᠭᠦᠯᠡᠰᠦᠩᠭᠦᠢ ᠵᠢᠨ ᠲᠥᠷᠥᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ 4 ᠪᠣᠶ᠃ ᠡᠭᠦᠨ᠎ᠤ ᠵᠡᠷᠭᠡ᠎ᠳᠤ 76 ᠬᠣᠲᠠ ᠵᠢᠨ ᠲᠣᠰ ᠱᠠᠲᠤᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ 2023 ᠣᠨ᠎ᠤ ᠪᠠᠢ᠌ᠴᠠᠭ᠋ᠠᠯᠲᠠ᠎ᠳᠤ ᠣᠷᠣᠯᠴᠠᠭᠰᠠᠨ ᠦᠭᠡᠢ ᠠᠯᠪᠠᠨ ᠵᠠᠷ᠎ᠢ ᠨᠡᠢ᠌ᠲᠡᠯᠡᠵᠦ᠂ ᠲᠣᠭᠲᠠᠭ᠋ᠠᠯ ᠶᠣᠰᠣᠭ᠋ᠠᠷ ᠣᠨ᠎ᠤ ᠪᠠᠢ᠌ᠴᠠᠭ᠋ᠠᠯᠲᠠ᠎ᠳᠤ ᠣᠷᠣᠯᠴᠠᠭᠰᠠᠨ ᠦᠭᠡᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠠᠵᠢᠯᠯᠠᠭ᠎ᠠ ᠵᠢᠨ ᠬᠡᠪ᠎ᠤᠨ ᠪᠤᠰᠤ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠬᠤ ᠤᠷᠤᠭᠤᠯᠪᠠ᠃


ᠨᠠᠰᠤᠵᠢᠯ᠎ᠤᠨ ᠦᠢ᠍ᠯᠡᠴᠢᠯᠡᠭᠡ


   ᠲᠦᠩᠯᠢᠶᠣᠣ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠨᠠᠰᠤᠵᠢᠯ᠎ᠤᠨ ᠬᠠᠮ ᠲᠡᠷᠭᠡ》 ᠵᠢᠨ ᠦᠢ᠍ᠯᠡᠴᠢᠯᠡᠭᠡᠨ᠎ᠤ ᠵᠠᠭᠪᠤᠷ᠎ᠢ ᠢᠳᠡᠪᠬᠢᠲᠡᠢ ᠳᠡᠯᠭᠡᠷᠡᠭᠦᠯᠵᠦ᠂ ᠲᠡᠷᠭᠡ ᠬᠥᠰᠬᠡ᠎ᠪᠠᠷ ᠲᠠᠪᠴᠠᠩ ᠪᠣᠯᠭ᠋ᠠᠨ᠂ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ᠂ ᠨᠠᠰᠤᠵᠢᠯ᠎ᠤᠨ ᠦᠢ᠍ᠯᠡᠴᠢᠯᠡᠭᠡᠨ᠎ᠤ ᠲᠦᠬᠦᠬᠡᠷᠤᠮᠵᠢ ᠵᠢ ᠨᠠᠰᠤᠲᠠᠢ᠌ᠴᠤᠳ᠎ᠯᠤᠭ᠎ᠠ ᠬᠣᠯᠪᠣᠵᠤ᠂  ᠨᠠᠰᠤᠲᠠᠢ᠌ᠴᠤᠳ᠎ᠲᠤ ᠦᠢ᠍ᠯᠡᠴᠢᠯᠡᠬᠦ ᠲᠤᠰᠬᠠᠢ ᠮᠡᠷᠬᠡᠵᠢᠯ᠎ᠤᠨ ᠦᠢ᠍ᠯᠡᠴᠢᠯᠡᠬᠡ ᠵᠢ ᠲᠤᠬᠳᠠᠮᠠᠯ ᠬᠤᠭᠤᠴᠠᠭ᠎ᠠ᠎ᠲᠠᠢ᠎ᠪᠠᠷ ᠵᠤᠬᠢᠶᠠᠨ ᠪᠠᠢ᠌ᠭᠤᠯᠵᠤ᠂ ᠬᠥᠳᠡᠭᠡ ᠲᠣᠰᠬᠣᠨ᠎ᠤ ᠨᠠᠰᠤᠲᠠᠢ᠌ᠴᠤᠳ᠎ᠲᠤ 《ᠨᠡᠬᠦᠳᠡᠯ》᠎ᠤᠨ ᠦᠢ᠍ᠯᠡᠴᠢᠯᠡᠭᠡ ᠬᠠᠡᠭᠭ᠋ᠠᠪᠠ᠃  ᠡᠨᠡ ᠬᠦ᠌ ᠠᠵᠢᠯᠯᠠᠭ᠎ᠠ ᠵᠢ ᠳᠡᠯᠭᠡᠷᠡᠭᠦᠯᠦᠭᠰᠡᠨ᠎ᠠᠴᠠ ᠨᠠᠭ᠋ᠠᠰᠢ ᠪᠥᠬᠥ ᠬᠣᠲᠠ᠎ᠳᠤ ᠦᠢ᠍ᠯᠡᠴᠢᠯᠡᠭᠡᠨ᠎ᠤ ᠮᠠᠰᠢᠨ ᠲᠡᠷᠭᠡ 9 ᠵᠢ ᠬᠤᠳᠠᠯᠳᠤᠨ ᠠᠪᠴᠤ᠂ 18 ᠦᠢ᠍ᠯᠡᠴᠢᠯᠡᠭᠡᠨ᠎ᠤ ᠵᠠᠮ ᠱᠤᠭᠤᠮ᠎ᠢ ᠨᠠᠪᠲᠠᠷᠡᠭᠦᠯᠵᠦ᠂ ᠦᠢ᠍ᠯᠡᠴᠢᠯᠡᠭᠡᠨ᠎ᠤ ᠬᠡᠪᠴᠢᠶ᠎ᠡ᠎ᠨᠢ 9 ᠬᠣᠰᠢᠭᠤ ᠰᠢᠶᠠᠨ ᠬᠣᠲᠠ ᠲᠣᠭᠣᠷᠢᠭ᠎ᠤᠨ 50 ᠰᠤᠮᠤ ᠰᠢᠶᠠᠩ ᠪᠠᠯᠭ᠋ᠠᠰᠤ ᠵᠢ ᠬᠠᠮᠤᠷᠤᠭ᠋ᠠᠳ ᠭᠡᠷ᠎ᠲᠤ᠎ᠨᠢ ᠬᠦᠷᠴᠦ ᠦᠢ᠍ᠯᠡᠴᠢᠯᠡᠬᠦ ᠠᠵᠢᠯ᠎ᠢ 2050 ᠺᠢᠯᠣᠮᠧᠲᠷ ᠥᠷᠨᠢᠭᠦᠯᠵᠦ᠂ 1 ᠲᠦᠮᠡ ᠭᠠᠷᠤᠢ ᠨᠠᠰᠤᠲᠠᠢ᠌ᠴᠤᠳ᠎ᠲᠤ 5 ᠲᠦᠮᠡ ᠭᠠᠷᠤᠢ ᠤᠳᠠᠭ᠎ᠠ ᠭᠡᠷ᠎ᠲᠤᠨᠢ ᠬᠦᠷᠴᠦ ᠦᠢ᠍ᠯᠡᠴᠢᠯᠡᠬᠦ ᠦᠢ᠍ᠯᠡᠴᠢᠯᠡᠭᠡ ᠬᠠᠩᠭ᠋ᠠᠵᠤ ᠨᠠᠰᠤᠲᠠᠢ᠌ᠴᠤᠳ᠎ᠤᠨ ᠬᠠᠨᠤᠮᠵᠢ ᠵᠢᠨ ᠬᠡᠮᠵᠢᠶ᠎ᠡ 100%᠎ᠳᠤ ᠬᠥᠷᠪᠡ᠃
  ᠣᠷᠳᠣᠰ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ 《ᠣᠷᠳᠣᠰ ᠬᠣᠲᠠ ᠵᠢᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ  ᠰᠢᠰᠲᠸᠮ᠎ᠤᠨ ᠪᠠᠢ᠌ᠭᠤᠯᠤᠯᠲᠠ ᠵᠢ ᠠᠬᠢᠭᠤᠯᠬᠤ ᠠᠵᠢᠯᠯᠠᠭ᠋ᠠᠨ᠎ᠤ ᠲᠥᠯᠥᠪᠯᠡᠭᠡ (2023 — 2025 ᠣᠨ)》 《ᠣᠷᠳᠣᠰ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠲᠣᠰ ᠬᠣᠲᠠ᠎ᠳᠤ ᠣᠨᠴᠠ ᠬᠦᠴᠢᠷᠳᠡᠯᠲᠡᠢ ᠨᠠᠰᠤᠲᠠᠢ᠌ᠴᠤᠳ᠎ᠤᠨ ᠭᠡᠷ᠎ᠲᠤ᠎ᠨᠢ ᠬᠦᠷᠴᠤ ᠠᠰᠠᠷᠠᠬᠤ ᠨᠡᠢ᠌ᠬᠡᠮ ᠲᠤᠭᠤᠷᠢᠭ᠎ᠤᠨ  ᠨᠠᠰᠤᠵᠢᠯᠳᠠ᠎ᠳᠤ ᠲᠣᠬᠢᠷᠠᠮᠵᠢᠲᠠᠢ ᠥᠭᠡᠷᠡᠴᠢᠯᠡᠯᠲᠡ ᠵᠢᠨ ᠲᠤᠷᠰᠢᠯᠲᠠ ᠵᠢ ᠥᠷᠨᠢᠭᠦᠯᠬᠦ ᠲᠤᠬᠠᠢ ᠮᠡᠳᠡᠭᠳᠡᠯ》 ᠵᠡᠷᠭᠡ ᠲᠥᠷᠥ ᠵᠢᠨ ᠪᠣᠳᠣᠯᠭ᠎ᠠ ᠵᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠪᠠ᠃ ᠭᠡᠷ᠎ᠲᠤ᠎ᠨᠢ ᠬᠦᠷᠴᠤ ᠠᠰᠠᠷᠠᠬᠤ ᠥᠭᠡᠷᠡᠴᠢᠯᠡᠯᠲᠡ ᠬᠢᠬᠦ ᠵᠢ ᠵᠣᠷᠢᠭᠵᠢᠭᠤᠯᠤᠨ ᠳᠡᠮᠵᠢᠵᠦ᠂ ᠣᠨᠴᠠ ᠬᠦᠴᠢᠷᠳᠡᠯᠲᠡᠢ᠂ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠨᠠᠭ᠋ᠠᠨ᠎ᠠ ᠴᠠᠭ᠋ᠠᠨ᠎ᠠ ᠪᠦᠬᠦᠢ ᠡᠷᠦᠬᠡ ᠵᠢᠨ ᠨᠠᠰᠤᠲᠠᠢ᠌ᠴᠤᠳ᠎ᠲᠤ ᠭᠣᠣᠯᠳᠠᠯᠭ᠎ᠠ᠎ᠲᠠᠢ᠎ᠪᠠᠷ ᠨᠠᠰᠤᠵᠢᠬᠤ᠎ᠳᠤ ᠲᠣᠬᠢᠷᠠᠮᠵᠢᠲᠠᠢ ᠥᠭᠡᠷᠡᠴᠢᠯᠡᠯᠲᠡ ᠬᠢᠬᠦ ᠵᠢᠨ ᠬᠠᠮᠲᠤ ᠬᠣᠶᠠᠷ ᠵᠢᠯ ᠳᠠᠷᠠᠭ᠋ᠠᠯᠠᠨ 《ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ》᠎ᠤᠨ ᠲᠥᠷᠥᠯ ᠵᠦᠢ᠍ᠯ᠎ᠳᠤ ᠣᠷᠣᠭᠤᠯᠪᠠ᠃ 2024 ᠣᠨ᠎ᠤ ᠡᠴᠦᠰ ᠪᠣᠯᠲᠠᠯ᠎ᠠ ᠪᠥᠬᠥ ᠬᠣᠲᠠ᠎ᠳᠤ ᠨᠡᠶ᠋ᠢᠲᠡ 4000 ᠭᠠᠷᠤᠢ ᠡᠷᠦᠬᠡ ᠨᠠᠰᠤᠵᠢᠯᠲᠠ ᠵᠢᠨ ᠥᠭᠡᠷᠡᠴᠢᠯᠡᠯᠲᠡ ᠵᠢ ᠬᠡᠷᠡᠭᠵᠢᠭᠦᠯᠪᠡ᠃


ᠬᠡᠦᠬᠡᠳ᠎ᠤᠨ ᠠᠰᠠᠷᠠᠮᠵᠢ


  ᠠᠯᠠᠱ᠌ᠠ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠣᠯᠠᠨ ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ 《ᠠᠯᠠᠱ᠌ᠠ ᠠᠢ᠌ᠮᠠᠭ᠎ᠤᠨ ᠨᠡᠭᠦᠳᠡᠯ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯᠯᠠᠭ᠎ᠠ ᠵᠢ ᠴᠢᠩᠭ᠋ᠠᠳᠬᠠᠬᠤ ᠲᠤᠬᠠᠢ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠵᠤ᠂ ᠨᠠᠷᠢᠯᠢᠭ ᠣᠨᠣᠴᠠᠲᠠᠢ᠎ᠪᠠᠷ ᠬᠢᠨᠠᠨ ᠰᠢᠯᠭ᠋ᠠᠵᠤ ᠪᠠᠢ᠌ᠴᠠᠭ᠋ᠠᠨ ᠭᠠᠷᠭ᠋ᠠᠬᠤ᠂ ᠳᠦᠷᠢᠮ ᠪᠠ ᠠᠷᠭ᠎ᠠ ᠵᠢ ᠲᠡᠭᠦᠯᠳᠡᠷᠵᠢᠭᠦᠯᠬᠦ᠂ ᠬᠠᠯᠠᠮᠵᠢᠯᠠᠬᠤ ᠦᠢ᠍ᠯᠡᠴᠢᠯᠡᠬᠡ ᠵᠢ ᠴᠢᠩᠭ᠋ᠠᠳᠬᠠᠬᠤ ᠵᠡᠷᠭᠡ 3 ᠲᠠᠯ᠎ᠠ ᠵᠢᠨ ᠲᠣᠭᠣᠷᠢᠨ᠎ᠳᠤ ᠬᠠᠯᠠᠮᠵᠢᠯᠠᠨ ᠬᠠᠮᠠᠭ᠋ᠠᠯᠠᠬᠤ 11 ᠠᠷᠭ᠎ᠠ ᠵᠢ ᠭᠣᠣᠯᠳᠠᠯᠭ᠎ᠠ᠎ᠲᠠᠢ ᠲᠣᠳᠣᠷᠬᠠᠢ᠌ᠯᠠᠪᠠ᠃ 《ᠠᠯᠠᠱ᠌ᠠ ᠠᠢ᠌ᠮᠠᠭ᠎ᠤᠨ ᠨᠡᠭᠦᠳᠡᠯ ᠬᠡᠦᠬᠡᠳ᠎ᠤᠨ ᠣᠷᠣᠰᠢᠨ ᠰᠠᠭᠤᠭ᠎ᠠ ᠭᠠᠵᠠᠷ᠎ᠲᠤ᠎ᠨᠢ ᠬᠠᠯᠠᠮᠵᠢᠯᠠᠬᠤ ᠦᠢ᠍ᠯᠡᠴᠢᠯᠡᠭᠡ ᠭᠥᠷᠳᠡᠬᠦ  ᠦᠨᠳᠤᠰᠤᠨ ᠨᠠᠷᠢᠨ ᠲᠠᠩᠰᠠ》 ᠵᠢ  ᠵᠡᠷᠬᠡ᠎ᠪᠠᠷ ᠲᠣᠭᠲᠠᠭ᠋ᠠᠵᠤ᠂ ᠬᠡᠦᠬᠡᠳ᠎ᠳᠤ ᠴᠡᠴᠡᠷᠯᠢᠭ᠎ᠲᠠᠢ᠂ ᠰᠤᠷᠤᠯᠴᠠᠬᠤ᠎ᠠᠴᠠ ᠰᠤᠷᠭ᠋ᠠᠭᠤᠯᠢ᠎ᠲᠠᠢ᠂ ᠡᠪᠡᠳᠴᠢᠯᠡᠪᠡᠯ ᠡᠮᠨᠡᠯᠭᠡ᠎ᠲᠠᠢ᠂ ᠰᠠᠭᠤᠬᠤ᠎ᠠᠴᠠ ᠣᠷᠣᠨ ᠰᠠᠭᠤᠴᠠ᠎ᠲᠠᠢ᠂ ᠪᠠᠭᠤᠷᠠᠢ᠌ᠴᠤᠤᠯ᠎ᠳᠤ ᠲᠡᠳᠬᠦᠮᠵᠢ᠎ᠲᠠᠢ᠂ ᠬᠥᠭᠵᠢᠯᠲᠡ ᠵᠢᠨ ᠪᠠᠲᠤᠯᠠᠭ᠎ᠠ᠎ᠲᠠᠢ ᠵᠡᠷᠭᠡ 6 ᠲᠠᠯ᠎ᠠ᠎ᠠᠴᠠ 22 ᠦᠢ᠍ᠯᠡᠴᠢᠯᠡᠭᠡᠨ᠎ᠤ ᠠᠷᠭ᠎ᠠ ᠵᠢ ᠲᠤᠷᠠᠳᠪᠠ᠃




 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《ᠲᠣᠭ᠋ᠠᠴᠢᠯᠠᠭᠰᠠᠨ ᠠᠷᠠᠳ᠎ᠤᠨ ᠶᠠᠪᠤᠳᠠᠯ》᠎ᠤᠨ ᠲᠥᠷᠥᠯ ᠵᠦᠢ᠍ᠯ᠎ᠤᠨ ᠮᠡᠳᠡᠬᠦᠯᠤᠯᠳᠠ ᠵᠢᠨ ᠬᠤᠷᠠᠯ ᠬᠢᠪᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ12.30
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.31
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.2
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ1.3
 
            