ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 12.31
ᠨᠡᠶᠢᠲᠡᠯᠡᠭᠰᠡᠨ ᠴᠠᠭ᠄ 2024-12-31

ᠠᠷᠠᠳ᠎ᠤᠨ ᠶᠠᠪᠤᠳᠠᠯ᠎ᠤᠨ ᠶᠠᠮᠤᠨ


   ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ ᠣᠨᠣᠯ ᠰᠤᠷᠤᠯᠴᠠᠬᠤ ᠭᠣᠣᠯ ᠳᠤᠭᠤᠢ᠌ᠯᠠᠩ᠎ᠤᠨ ᠎ᠬᠢᠨ ᠤᠷᠴᠢᠮ᠎ᠳᠤ ᠲᠤᠰᠬᠠᠢ ᠰᠡᠳᠦᠪᠲᠦ ᠰᠤᠷᠤᠯᠴᠠᠬᠤ (ᠥᠷᠭᠡᠳᠬᠡᠭᠰᠡᠨ) ᠬᠤᠷᠠᠯ ᠬᠤᠷᠠᠯᠳᠤᠭᠤᠯᠵᠤ᠂ ᠰᠢ ᠵᠢᠨ ᠫᠢᠩ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ᠎ᠳᠤ᠎ᠬᠢ ᠠᠷᠠᠳ᠎ᠤᠨ ᠶᠠᠪᠤᠳᠠᠯ᠎ᠤᠨ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢ ᠤᠯᠠᠮ ᠴᠢᠩᠭ᠋ᠠᠳᠬᠠᠬᠤ ᠰᠡᠳᠬᠢᠴᠡ ᠠᠷᠭ᠎ᠠ ᠵᠢ ᠰᠤᠳᠤᠯᠵᠠᠢ᠃ ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠶᠠᠮᠤᠨ᠎ᠤ ᠰᠠᠢ᠌ᠳ ᠯᠦ᠍ ᡁᠢ ᠶᠤᠸᠠᠨ ᠬᠤᠷᠠᠯ ᠡᠷᠭᠢᠯᠡᠪᠡ᠃
    ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ ᠤᠷᠴᠢᠮ᠎ᠳᠤ ᠮᠡᠳᠡᠭᠳᠡᠯ ᠳᠠᠷᠤᠮᠠᠯᠯᠠᠨ ᠲᠠᠷᠬᠠᠭ᠋ᠠᠵᠤ᠄ 《ᠡᠯ᠎ᠡ ᠭᠠᠵᠠᠷ᠎ᠤᠨ᠎ᠬᠢᠨ 2025 ᠣᠨ᠎ᠤ ᠰᠢᠨ᠎ᠡ ᠵᠢᠯ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ᠎ᠬᠢ ᠶᠠᠳᠠᠭᠤ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠪᠠᠳᠤᠯᠠᠭ᠎ᠠ ᠵᠢᠨ ᠠᠵᠢᠯ᠎ᠢ ᠰᠠᠢ᠌ᠲᠤᠷ ᠬᠢᠬᠦ ᠲᠤᠬᠠᠢ ᠪᠠᠢ᠌ᠷᠢᠯᠠᠭᠤᠯᠵᠤ᠂ ᠣᠷᠣᠯᠭ᠎ᠠ ᠪᠠᠭ᠎ᠠ ᠬᠦᠮᠦᠰ᠎ᠢ ᠮᠠᠭ᠋ᠠᠳᠯᠠᠨ ᠲᠣᠭᠲᠠᠭ᠋ᠠᠬᠤ ᠪᠠ ᠬᠥᠳᠡᠯᠦᠩᠭᠦᠢ ᠪᠠᠢ᠌ᠳᠠᠯ᠎ᠢ᠎ᠨᠢ ᠬᠢᠨᠠᠬᠤ ᠠᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠵᠤ᠂ ᠨᠡᠢ᠌ᠭᠡᠮ᠎ᠤᠨ ᠲᠤᠰᠠᠯᠠᠮᠵᠢ ᠵᠢᠨ ᠦᠨᠳᠦᠰᠦᠨ ᠪᠠᠳᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠵᠢᠷᠤᠮᠵᠢᠭᠤᠯᠤᠨ ᠨᠠᠢ᠌ᠳᠠᠪᠤᠷᠢᠵᠢᠭᠤᠯᠵᠤ᠂ ᠬᠦᠴᠢᠷᠳᠡᠯᠲᠡᠢ ᠣᠯᠠᠨ ᠲᠦᠮᠡᠨ᠎ᠢ ᠬᠠᠯᠠᠮᠵᠢᠯᠠᠬᠤ ᠠᠵᠢᠯ᠎ᠢ ᠦᠨᠡᠨ ᠬᠦ᠌ ᠰᠠᠢ᠌ᠲᠤᠷ ᠬᠢᠵᠦ᠂ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ ᠵᠢ ᠴᠢᠩᠭ᠋ᠠᠳᠬᠠᠬᠤ ᠬᠡᠷᠡᠭᠲᠡᠢ᠃ ᠨᠡᠢ᠌ᠭᠡᠮ᠎ᠤᠨ ᠲᠤᠰᠠᠯᠠᠮᠵᠢ ᠵᠢᠨ ᠦᠨᠳᠦᠰᠦᠨ ᠪᠠᠲᠤᠯᠠᠭ᠎ᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠣᠳᠣᠬᠠᠨ᠎ᠤ ᠨᠡᠢ᠌ᠭᠡᠮ᠎ᠤᠨ  ᠲᠤᠰᠠᠯᠠᠮᠵᠢ ᠵᠢᠨ ᠬᠦᠷᠢᠶ᠎ᠡ ᠴᠠᠷᠠᠭ᠎ᠠ᠎ᠳᠤ᠎ᠬᠢ ᠠᠮᠤᠷ ᠲᠦᠪᠰᠢᠨ ᠲᠣᠭᠲᠠᠭᠤᠨ᠎ᠤ ᠠᠵᠢᠯ᠎ᠢ ᠦᠨᠡᠨ ᠬᠦ᠌ ᠰᠠᠢ᠌ᠲᠤᠷ ᠬᠢᠵᠦ᠂ ᠰᠢᠨ᠎ᠡ ᠵᠢᠯ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ᠎ᠬᠢ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠰᠠᠢ᠌ᠲᠤᠷ ᠪᠠᠳᠤᠯᠠᠬᠤ ᠬᠡᠷᠡᠭᠳᠡᠢ》 ᠭᠡᠵᠦ ᠱᠠᠭ᠋ᠠᠷᠳᠠᠪᠠ᠃


ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ


    12 ᠰᠠᠷ᠎ᠠ ᠵᠢᠨ ᠳᠤᠮᠳᠠᠴᠢ᠎ᠠᠴᠠ ᠨᠠᠭ᠋ᠠᠰᠢ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ ᠳᠤᠮᠳᠠᠳᠤ ᠵᠢᠨ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ᠎ᠤᠨ᠎ᠬᠢᠨ᠎ᠲᠠᠢ ᠬᠣᠯᠪᠤᠭ᠋ᠠᠯᠠᠨ 2024 ᠣᠨ᠎ᠤ 《ᠨᠢᠭᠦᠯᠡᠰᠦᠩᠭᠦᠢ ᠵᠢᠨ ᠦᠢ᠍ᠯᠡᠰ ᠲᠦᠮᠡᠨ ᠡᠷᠦᠬᠡ ᠵᠢ ᠲᠤᠯᠠᠭ᠋ᠠᠴᠠᠭᠤᠯᠤᠶ᠎ᠠ — ᠥᠪᠥᠷ ᠮᠣᠩᠭᠣᠯ᠎ᠢ  ᠲᠤᠯᠠᠭ᠋ᠠᠴᠠᠭᠤᠯᠤᠶ᠎ᠠ》 ᠬᠡᠬᠦ ᠲᠣᠬᠣᠨᠢᠭᠤᠯᠬᠤ ᠠᠵᠢᠯᠯᠠᠭ᠎ᠠ ᠵᠢ ᠭᠦᠨᠵᠡᠭᠡᠢ ᠥᠷᠨᠢᠭᠦᠯᠪᠡ᠃ ᠲᠣᠰ ᠠᠵᠢᠯᠯᠠᠭ᠎ᠠ᠎ᠨᠢ ᠬᠥᠯᠥᠨ ᠪᠣᠶ᠋ᠢᠷ ᠬᠣᠲᠠ᠂ ᠲᠦᠩᠯᠢᠶᠣᠣ ᠬᠣᠲᠠ᠂ ᠤᠯᠠᠭ᠋ᠠᠨᠬᠠᠳᠠ ᠬᠣᠲᠠ᠂ ᠰᠢᠯᠢ ᠵᠢᠨ ᠭᠣᠣᠯ ᠠᠢ᠌ᠮᠠᠭ᠂ ᠪᠠᠶᠠᠨᠨᠠᠭᠤᠷ ᠬᠣᠲᠠ ᠵᠡᠷᠭᠡ ᠭᠠᠵᠠᠷ᠎ᠤᠨ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠭᠡᠷ ᠪᠦᠯᠢ ᠵᠢᠨ ᠬᠦᠴᠢᠷᠳᠡᠯᠲᠡᠢ ᠰᠤᠷᠤᠭᠴᠢᠳ ᠪᠠ ᠮᠠᠯᠵᠢᠬᠤ ᠲᠠᠷᠢᠶᠠᠯᠠᠬᠤ ᠣᠷᠣᠨ᠎ᠤ ᠬᠦᠴᠢᠷᠳᠡᠯᠲᠡᠢ ᠣᠯᠠᠨ ᠲᠦᠮᠡᠨ᠎ᠳᠤ ᠨᠡᠶ᠋ᠢᠲᠡ 100 ᠲᠦᠮᠡᠨ ᠲᠥᠭᠥᠷᠢᠭ᠎ᠤᠨ ᠲᠣᠬᠣᠨᠢᠭᠤᠯᠬᠤ ᠮᠥᠩᠭᠥ ᠲᠠᠷᠬᠠᠭ᠋ᠠᠵᠤ᠂ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ ᠮᠠᠨ᠎ᠤ ᠣᠷᠣᠨ᠎ᠤ ᠬᠦᠴᠢᠷᠳᠡᠯᠲᠡᠢ ᠬᠦᠮᠦᠰ᠎ᠢ  ᠬᠠᠯᠠᠮᠵᠢᠯᠠᠵᠤ ᠪᠠᠢ᠌ᠬᠤ ᠵᠢ ᠭᠦᠢ᠍ᠴᠡᠳ ᠬᠠᠷᠠᠭᠤᠯᠪᠠ ᠭᠡᠵᠦ ᠲᠤᠷᠠᠳᠪᠠ᠃ ᠲᠣᠰ ᠠᠵᠢᠯᠯᠠᠭ᠎ᠠ᠎ᠳᠤ ᠬᠥᠯᠥᠨ ᠪᠣᠶ᠋ᠢᠷ ᠬᠣᠲᠠ᠂ ᠲᠦᠩᠯᠢᠶᠣᠣ ᠬᠣᠲᠠ᠂ ᠤᠯᠠᠭ᠋ᠠᠨᠬᠠᠳᠠ ᠬᠣᠲᠠ᠂ ᠰᠢᠯᠢ ᠵᠢᠨ ᠭᠣᠣᠯ ᠠᠢ᠌ᠮᠠᠭ᠂ ᠪᠠᠶᠠᠨᠨᠠᠭᠤᠷ ᠬᠣᠲᠠ ᠵᠡᠷᠭᠡ ᠭᠠᠵᠠᠷ᠎ᠤᠨ ᠥᠨᠥᠴᠢᠨ ᠬᠡᠦᠬᠡᠳ᠂ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠭᠡᠷ ᠪᠦᠯᠢ ᠵᠢᠨ ᠬᠦᠴᠢᠷᠳᠡᠯᠲᠡᠢ ᠰᠤᠷᠤᠭᠴᠢᠳ ᠪᠠ ᠮᠠᠯᠵᠢᠬᠤ ᠲᠠᠷᠢᠶᠠᠯᠠᠬᠤ ᠣᠷᠣᠨ᠎ᠤ ᠬᠦᠴᠢᠷᠳᠡᠯᠲᠡᠢ ᠣᠯᠠᠨ ᠲᠦᠮᠡᠨ᠎ᠳᠤ ᠨᠡᠶ᠋ᠢᠲᠡ 100 ᠲᠦᠮᠡᠨ ᠲᠥᠭᠥᠷᠢᠭ᠎ᠤᠨ ᠲᠣᠬᠣᠨᠢᠭᠤᠯᠬᠤ ᠮᠥᠩᠭᠥ ᠲᠠᠷᠬᠠᠭ᠋ᠠᠭᠰᠠᠨ ᠪᠠᠢ᠌ᠨ᠎ᠠ᠃


ᠨᠡᠢ᠌ᠭᠡᠮ᠎ᠤᠨ ᠶᠠᠪᠤᠳᠠᠯ


   ᠬᠥᠯᠥᠨ ᠪᠣᠶ᠋ᠢᠷ ᠬᠣᠲᠠ ᠵᠢᠨ᠎ᠬᠢᠨ 《ᠬᠠᠬᠢᠷ ᠡᠪᠦᠯ᠎ᠤᠨ ᠬᠦᠢ᠍ᠳᠡᠨ᠎ᠳᠤ ᠬᠠᠯᠠᠭᠤᠨ ᠳᠤᠯᠠᠭ᠋ᠠᠨ᠎ᠢ ᠬᠦᠷᠭᠡᠬᠦ》 ᠲᠤᠰᠠᠯᠠᠮᠵᠢ ᠵᠢᠨ ᠠᠵᠢᠯᠯᠠᠭ᠎ᠠ ᠵᠢ ᠯᠠᠪᠳᠠᠭᠤᠨ ᠪᠠᠲᠤᠲᠠᠢ ᠥᠷᠨᠢᠭᠦᠯᠵᠦ᠂ ᠲᠤᠰᠠᠯᠠᠮᠵᠢ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢᠨ ᠬᠡᠯᠪᠡᠷᠢ ᠵᠢᠨ ᠰᠢᠨ᠎ᠡ ᠵᠢ ᠡᠭᠦᠳᠴᠦ᠂ ᠲᠤᠰᠬᠠᠢ ᠠᠵᠢᠯᠯᠠᠭ᠎ᠠ ᠵᠢᠨ ᠣᠨᠣᠪᠴᠢ ᠵᠢᠨ ᠬᠡᠮᠵᠢᠶ᠎ᠡ ᠵᠢ ᠳᠡᠭᠡᠭᠰᠢᠯᠡᠭᠦᠯᠪᠡ᠃ 24 ᠴᠠᠭ ᠵᠶ᠋ᠠᠷ ᠵᠢᠵᠢᠭᠦᠷᠯᠡᠬᠦ ᠳᠦᠷᠢᠮ᠎ᠢ ᠬᠡᠷᠡᠭᠵᠢᠭᠦᠯᠵᠦ ᠬᠡᠰᠡᠭ ᠭᠠᠵᠠᠷ ᠣᠷᠣᠨ᠎ᠳᠤ 《ᠡᠳᠦᠷ ᠵᠶ᠋ᠡᠷ ᠲᠣᠭᠣᠷᠢᠨ ᠪᠠᠶ᠋ᠢᠴᠠᠭ᠋ᠠᠬᠤ+ ᠰᠥᠨᠢ᠎ᠪᠠᠷ ᠲᠣᠭᠣᠷᠢᠨ ᠪᠠᠢ᠌ᠴᠠᠭ᠋ᠠᠬᠤ》 ᠬᠣᠶᠠᠷ ᠡᠭᠡᠯᠵᠢ ᠵᠢᠨ ᠳᠦᠷᠢᠮ᠎ᠢ ᠬᠡᠷᠡᠭᠵᠢᠭᠦᠯᠦᠨ ᠵᠡᠭᠡᠯᠢ ᠭᠤᠳᠤᠮᠵᠢ᠎ᠪᠠᠷ ᠲᠣᠭᠣᠷᠢᠨ ᠪᠠᠢ᠌ᠴᠠᠭ᠋ᠠᠬᠤ ᠠᠵᠢᠯ ᠥᠷᠨᠢᠭᠦᠯᠵᠦ ᠡᠯ᠎ᠡ ᠰᠠᠯᠠᠭ᠎ᠠ ᠮᠥᠴᠢᠷ᠎ᠤᠨ᠎ᠬᠢᠨ᠎ᠤ ᠬᠠᠮᠵᠢᠯᠴᠠᠭ᠎ᠠ᠂ ᠰᠠᠢ᠌ᠨ ᠲᠤᠷᠠᠴᠤᠤᠯ᠎ᠤᠨ᠎ᠬᠢᠨ᠎ᠯᠦᠭᠡ ᠵᠢᠨ ᠬᠠᠮᠵᠢᠯᠴᠠᠭ᠎ᠠ ᠵᠢ ᠴᠢᠩᠭ᠋ᠠᠳᠬᠠᠪᠠ᠃ ᠣᠳᠣᠬᠠᠨ ᠪᠣᠯᠲᠠᠯ᠎ᠠ ᠪᠦᠬᠦ ᠬᠤᠳᠠ ᠵᠢᠨ ᠬᠡᠪᠴᠢᠶᠡᠨ᠎ᠳᠤ  925 ᠤᠳᠠᠭ᠎ᠠ ᠵᠡᠭᠡᠯᠢ᠎ᠪᠠᠷ ᠲᠣᠭᠣᠷᠢᠨ  ᠪᠠᠢ᠌ᠴᠠᠭ᠋ᠠᠵᠤ ᠡᠯ᠎ᠡ ᠵᠦᠢ᠍ᠯ᠎ᠤᠨ ᠤᠬᠠᠭᠤᠯᠭ᠎ᠠ᠂ ᠲᠤᠬᠤᠨᠢᠭᠤᠯᠭ᠎ᠠ ᠵᠢ ᠠᠵᠢᠯᠯᠠᠭ᠎ᠠ ᠵᠢ  28 ᠤᠳᠠᠭ᠎ᠠ ᠥᠷᠨᠢᠭᠦᠯᠵᠦ 231 ᠬᠥᠮᠥᠨ᠎ᠢ ᠲᠤᠰᠠᠯᠠᠪᠠ᠃


ᠬᠡᠦᠬᠡᠳ᠎ᠤᠨ ᠠᠰᠠᠷᠠᠮᠵᠢ


    ᠪᠠᠶᠠᠨᠨᠠᠭᠤᠷ ᠬᠣᠲᠠ ᠵᠢᠨ᠎ᠬᠢᠨ ᠤᠷᠴᠢᠮ᠎ᠳᠤ ᠠᠩᠬᠠᠳᠤᠭ᠋ᠠᠷ ᠬᠤᠭᠤᠴᠠᠭ᠋ᠠᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠥᠨᠥᠴᠢᠨ ᠵᠡᠮᠳᠡᠭ ᠬᠡᠦᠬᠡᠳ ᠠᠰᠠᠷᠠᠭᠴᠢ ᠵᠢᠨ ᠤᠷ᠎ᠠ ᠮᠡᠷᠭᠡᠵᠢᠯ᠎ᠤᠨ ᠤᠷᠤᠯᠳᠤᠭ᠋ᠠᠨ᠎ᠢ ᠡᠷᠭᠢᠯᠡᠵᠦ᠂ ᠤᠷᠤᠯᠳᠤᠭ᠋ᠠᠨ᠎ᠳᠤ ᠣᠷᠣᠯᠴᠠᠭᠰᠠᠳ᠎ᠤᠨ ᠲᠤᠰᠬᠠᠢ ᠮᠡᠷᠭᠡᠵᠢᠯ᠎ᠤᠨ ᠮᠡᠳᠡᠯᠭᠡ᠂ ᠪᠣᠳᠠᠲᠠᠢ ᠲᠠᠮᠢᠷ᠎ᠤᠨ ᠤᠷ᠎ᠠ ᠴᠢᠳᠠᠪᠤᠷᠢ᠂ ᠬᠥᠮᠥᠯᠢᠭ ᠰᠣᠶᠣᠯ᠎ᠤᠨ ᠬᠠᠯᠠᠮᠵᠢᠯᠠᠯ ᠵᠡᠷᠭᠡ ᠶᠡᠷᠦᠩᠬᠡᠢ᠌ᠯᠡᠭᠰᠡᠨ ᠴᠢᠳᠠᠪᠤᠷᠢ ᠵᠢ ᠪᠥᠬᠥ ᠲᠠᠯ᠎ᠠ᠎ᠪᠠᠷ ᠰᠢᠨᠵᠢᠯᠡᠨ ᠪᠠᠢ᠌ᠴᠠᠭ᠋ᠠᠬᠤ᠎ᠪᠠᠷ ᠳᠡᠮᠵᠢᠨ ᠣᠨᠣᠯ᠎ᠤᠨ ᠲᠠᠯ᠎ᠠ᠎ᠪᠠᠷ ᠯᠠᠪᠳᠠᠭᠤᠨ ᠪᠠᠲᠤᠲᠠᠢ᠂  ᠴᠢᠳᠠᠪᠤᠷᠢᠳᠠᠢ᠂ ᠬᠡᠪ ᠴᠢᠨᠠᠷ ᠰᠢᠯᠢᠳᠡᠭ ᠥᠨᠥᠴᠢᠨ ᠵᠡᠮᠳᠡᠭ ᠬᠡᠦᠬᠡᠳ ᠠᠰᠠᠷᠠᠬᠤ ᠴᠢᠳᠠᠪᠤᠷᠢᠲᠠᠨ᠎ᠤ ᠡᠩᠨᠡᠭᠡ ᠵᠢ ᠰᠢᠯᠢᠨ ᠰᠣᠩᠭᠣᠵᠤ ᠪᠠᠢ᠌ᠭᠤᠯᠤᠭᠰᠠᠨ ᠪᠠᠢ᠌ᠨ᠎ᠠ᠃ ᠡᠯ᠎ᠡ ᠬᠣᠰᠢᠭᠤ ᠰᠢᠶᠠᠨ ᠲᠣᠭᠣᠷᠢᠭ᠎ᠤᠨ 20  ᠬᠦᠮᠦᠨ ᠤᠷᠤᠯᠳᠤᠭ᠋ᠠᠨ᠎ᠳᠤ ᠤᠷᠤᠯᠴᠠᠬᠰᠠᠨ᠎ᠤ ᠳ᠋ᠦᠡᠭ᠎ᠳᠤ ᠬᠤᠪᠢ ᠬᠥᠮᠥᠨ᠎ᠤ ᠱᠠᠩᠨᠠᠯ᠎ᠢ 3᠂ ᠰᠢᠯᠢᠳᠡᠭ ᠱᠠᠩᠨᠠᠯ ᠪᠠ ᠰᠢᠯᠢᠳᠡᠭ ᠬᠢᠨᠠᠭᠴᠢ ᠵᠢᠨ ᠱᠠᠩᠨᠠᠯ᠎ᠢ 7 ᠰᠢᠯᠭ᠋ᠠᠷᠠᠭᠤᠯᠪᠠ᠃





   

  

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.2
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ1.3
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.6
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.7
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.8
 
            