ᠠᠷᠠᠳ᠎ᠤᠨ ᠶᠠᠪᠤᠳᠠᠯ᠎ᠤᠨ ᠶᠠᠮᠤᠨ
ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮᠤᠬᠢᠨ ᠤᠷᠴᠢᠮ᠎ᠳᠤ 《〈ᠬᠥᠳᠡᠭᠡ ᠲᠣᠰᠬᠣᠨ᠎ᠤ ᠨᠠᠷᠠᠲᠤ ᠠᠵᠢᠯᠯᠠᠭ᠎ᠠ〉 ᠵᠢᠨ ᠠᠩᠬᠠᠨ᠎ᠤ ᠪᠦᠯᠦᠭ᠎ᠤᠨ ᠨᠡᠢ᠌ᠲᠡᠯᠢᠭ ᠲᠤᠷᠰᠢᠯᠭ᠎ᠠ ᠠᠷᠭ᠎ᠠ ᠵᠢ ᠳᠡᠯᠭᠡᠷᠡᠭᠦᠯᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠾᠧᠪᠧᠢ ᠮᠤᠵᠢ ᠵᠢᠨ ᠽᠣᠣ ᠴᠢᠶᠠᠩ ᠰᠢᠶᠠᠨ ᠵᠡᠷᠭᠡ 24 ᠰᠢᠶᠠᠨ (ᠬᠣᠲᠠ᠂ ᠲᠣᠭᠣᠷᠢᠭ)᠎ᠤ ᠨᠡᠢ᠌ᠲᠡᠯᠢᠭ ᠲᠤᠷᠰᠢᠯᠭ᠎ᠠ ᠠᠷᠭ᠎ᠠ ᠬᠢᠳᠡᠯ᠎ᠢ ᠰᠣᠩᠭᠣᠨ ᠣᠷᠣᠭᠤᠯᠪᠠ᠃ ᠮᠡᠳᠡᠭᠳᠡᠯ᠎ᠳᠤ ᠱᠠᠭ᠋ᠠᠷᠳᠠᠭᠰᠠᠨ᠎ᠨᠢ᠂ ᠡᠯ᠎ᠡ ᠭᠠᠵᠠᠷ᠎ᠤᠨ᠎ᠬᠢᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠰᠤᠷᠤᠯᠴᠠᠵᠤ ᠯᠠᠪᠯᠠᠯᠲᠠ ᠪᠣᠯᠭ᠋ᠠᠵᠤ᠂ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠬᠤ᠂ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠠᠷᠭ᠎ᠠ ᠵᠠᠮ᠎ᠤᠨ ᠵᠠᠭᠪᠤᠷ᠎ᠢ ᠦᠷᠭᠦᠯᠵᠢᠯᠡᠨ ᠭᠦᠨᠵᠡᠭᠡᠢ ᠰᠦᠪᠡᠭᠴᠢᠯᠡᠵᠦ᠂ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠬᠠᠮᠢᠶᠠᠷᠤᠯᠲᠠ ᠦᠢ᠍ᠯᠡᠴᠢᠯᠡᠭᠡᠨ᠎ᠤ ᠲᠦᠪᠰᠢᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠂ ᠣᠷᠣᠰᠢᠨ ᠰᠠᠭᠤᠬᠤ᠎ᠳᠤ ᠲᠣᠬᠢᠷᠠᠮᠵᠢᠲᠠᠢ ᠠᠵᠢᠯ ᠦᠢ᠍ᠯᠡᠰ ᠪᠠ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ᠎ᠳᠤ ᠬᠦᠴᠦᠨ ᠨᠡᠮᠡᠷᠢᠯᠡᠬᠦ ᠬᠡᠷᠡᠭᠲᠡᠢ᠃
ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠂ ᠠᠷᠠᠳ᠎ᠤᠨ ᠶᠠᠪᠤᠳᠠᠯ᠎ᠤᠨ ᠶᠠᠮᠤᠨ᠂ ᠳᠤᠮᠳᠠᠳᠤ ᠤᠯᠤᠰ᠎ᠤᠨ ᠵᠡᠮᠳᠡᠭᠴᠦᠳ᠎ᠤᠨ ᠬᠣᠯᠪᠣᠭ᠎ᠠ ᠵᠡᠷᠭᠡ ᠰᠠᠯᠠᠭ᠎ᠠ ᠮᠥᠴᠢᠷ᠎ᠤᠨ᠎ᠬᠢᠨ ᠤᠷᠴᠢᠮ᠎ᠳᠤ ᠬᠠᠮᠲᠤᠷᠠᠨ ᠬᠤᠷᠠᠯ ᠬᠤᠷᠠᠯᠳᠤᠭᠤᠯᠵᠤ᠂ ᠵᠡᠮᠳᠡᠭᠴᠦᠳ᠎ᠤᠨ ᠷᠠᠳᠢᠣ᠋ ᠲᠧᠯᠸᠢᠰ᠎ᠤᠨ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠪᠠᠲᠤᠯᠠᠭ᠎ᠠ ᠵᠢ ᠠᠬᠢᠭᠤᠯᠬᠤ ᠲᠤᠬᠠᠢ ᠪᠠᠢ᠌ᠷᠢᠯᠠᠭᠤᠯᠪᠠ᠃ ᠬᠤᠷᠠᠯ ᠲᠡᠬᠡᠷ᠎ᠡ ᠵᠠᠰᠠᠭ᠎ᠤᠨ ᠣᠷᠳᠣᠨ᠎ᠠᠴᠠ ᠵᠡᠮᠳᠡᠭᠴᠦᠳ ᠵᠡᠷᠭᠡ ᠣᠨᠴᠠᠭ᠋ᠠᠢ ᠬᠦᠮᠦᠰ᠎ᠤᠨ ᠤᠲᠠᠰᠤᠲᠤ ᠲᠧᠯᠸᠢᠰ᠎ᠤᠨ ᠤᠯᠠᠨ ᠨᠡᠶ᠋ᠢᠲᠡ ᠵᠢᠨ ᠦᠢ᠍ᠯᠡᠴᠢᠯᠡᠭᠡ ᠵᠢ ᠬᠤᠳᠠᠯᠳᠤᠨ ᠠᠪᠬᠤ ᠠᠵᠢᠯ᠎ᠢ ᠴᠢᠨᠠᠭᠰᠢᠳᠠ ᠰᠠᠢ᠌ᠲᠤᠷ ᠨᠠᠢ᠌ᠳᠠᠪᠤᠷᠢᠵᠢᠭᠤᠯᠵᠤ᠂ ᠰᠠᠭ᠋ᠠᠳ ᠦᠭᠡᠢ ᠤᠢ᠌ᠯᠠᠭ᠋ᠠᠯᠴᠠᠭ᠎ᠠ ᠵᠢ ᠰᠢᠯᠢᠳᠡᠭᠵᠢᠭᠦᠯᠵᠦ᠂ ᠣᠨᠴᠠᠭ᠋ᠠᠢ ᠬᠦᠮᠦᠰ᠎ᠲᠤ ᠨᠡᠩ ᠳᠥᠭᠥᠮ ᠳᠥᠲᠡ ᠲᠦᠷᠭᠡᠨ ᠵᠶ᠋ᠡᠷ ᠲᠧᠯᠸᠢᠰ ᠦᠵᠡᠬᠦᠯᠵᠤ᠂ ᠲᠧᠯᠸᠢᠰ ᠬᠡᠷᠡᠭᠯᠡᠭᠦᠯᠬᠦ ᠪᠣᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
ᠣᠷᠣᠨ ᠬᠤᠪᠢᠶᠠᠷᠢᠯᠠᠯ ᠭᠠᠵᠠᠷ᠎ᠤᠨ ᠨᠡᠷᠡᠰ
ᠪᠤᠭᠤᠲᠤ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠵᠢᠤᠶᠤᠸᠠᠨ ᠲᠣᠭᠣᠷᠢᠭ᠎ᠤᠨ ᠮᠠ ᡂᠢ ᠪᠠᠯᠭ᠋ᠠᠰᠤ᠎ᠪᠠᠷ ᠲᠤᠷᠰᠢᠯᠲᠠ ᠵᠢᠨ ᠴᠡᠭ ᠪᠣᠯᠭ᠋ᠠᠵᠤ ᠲᠣᠭ᠋ᠠᠴᠢᠯᠠᠭᠰᠠᠨ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢ ᠠᠬᠢᠭᠤᠯᠵᠤ ᠲᠣᠰᠬᠣᠨ᠎ᠤ ᠠᠷᠠᠳ ᠭᠠᠷ ᠤᠲᠠᠰᠤ᠎ᠪᠠᠷ ᠣᠶᠤᠨᠲᠤ ᠡᠭᠦᠳᠡᠨ ᠫᠠᠢ᠌ᠰᠠ ᠵᠢᠨ ᠮᠡᠷᠬᠡᠨ ᠴᠤᠬᠤᠷ᠎ᠢ ᠰᠢᠷᠪᠢᠪᠡᠯ ᠬᠦᠷᠢᠶᠡᠨ᠎ᠤ ᠡᠭᠦᠳᠡᠨ ᠫᠠᠢ᠌ᠰᠠ ᠵᠢᠨ ᠬᠠᠶᠢᠭ ᠪᠠ ᠴᠠᠭᠳᠠᠭ᠎ᠠ ᠵᠢᠨ ᠴᠢᠮᠡᠭᠡ ᠮᠡᠳᠡᠭᠡ᠂ ᠰᠢᠲᠠᠮᠠᠬᠠᠢ ᠬᠡᠢ᠂ ᠤᠰᠤ ᠬᠠᠩᠭ᠋ᠠᠬᠤ᠂ ᠴᠠᠬᠢᠯᠭ᠋ᠠᠨ ᠬᠠᠩᠭ᠋ᠠᠬᠤ ᠵᠠᠪᠳᠤᠨ ᠵᠠᠰᠠᠬᠤ ᠤᠲᠠᠰᠤ ᠵᠡᠷᠭᠡ ᠡᠯ᠎ᠡ ᠲᠦᠷᠦᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠮᠡᠳᠡᠭᠡ ᠵᠠᠩᠭᠢ ᠵᠢ ᠣᠯᠵᠤ ᠪᠣᠯᠣᠨ᠎ᠠ᠃ ᠣᠲᠣ ᠪᠣᠯᠲᠠᠯ᠎ᠠ ᠲᠤᠷᠰᠢᠯᠲᠠ ᠵᠢᠨ ᠭᠠᠵᠠᠷ ᠣᠷᠣᠨ᠎ᠳᠤ ᠨᠡᠶ᠋ᠢᠲᠡ 63 ᠵᠤᠷᠪᠤᠰ ᠬᠥᠳᠡᠭᠡ ᠲᠣᠰᠬᠣᠨ᠎ᠤ ᠵᠠᠮ᠎ᠢ ᠨᠡᠷᠡᠢ᠌ᠳᠴᠦ᠂ 19 ᠵᠠᠰᠠᠭ ᠵᠠᠬᠢᠷᠭ᠋ᠠᠨ᠎ᠤ ᠲᠣᠰᠬᠣᠨ᠎ᠤ 4 ᠨᠡᠢ᠌ᠭᠡᠮ ᠲᠣᠭᠣᠷᠢᠭ᠎ᠲᠤ ᠨᠡᠶ᠋ᠢᠲᠡ 13041 ᠣᠶᠤᠨᠲᠤ ᠡᠭᠦᠳᠡᠨ ᠫᠠᠢ᠌ᠰᠠ᠂ 750 ᠰᠠᠭᠤᠷᠢ ᠫᠠᠢ᠌ᠰᠠ ᠤᠭᠰᠠᠷᠠᠵᠤ᠂ ᠲᠤᠷᠰᠢᠯᠲᠠ ᠵᠢᠨ ᠭᠠᠵᠠᠷ ᠣᠷᠣᠨ᠎ᠤ ᠲᠣᠰᠬᠣᠨ (ᠨᠡᠢ᠌ᠭᠡᠮ ᠲᠣᠭᠣᠷᠢᠭ)᠎ᠢ ᠪᠦᠬᠦᠨ᠎ᠢ ᠬᠠᠮᠤᠷᠬᠤ ᠵᠢ ᠪᠡᠶᠡᠯᠡᠭᠦᠯᠪᠡ᠃
ᠨᠠᠰᠤᠵᠢᠯ᠎ᠤᠨ ᠦᠢ᠍ᠯᠡᠴᠢᠯᠡᠭᠡ
ᠰᠢᠯᠢ ᠵᠢᠨ ᠭᠣᠣᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 2024 ᠣᠨ᠎ᠳᠤ ᠨᠠᠰᠤᠵᠢᠯᠲᠠ᠎ᠳᠤ ᠲᠣᠬᠢᠷᠠᠬᠤ ᠦᠢ᠍ᠯᠡᠳᠬᠦᠨ ᠪᠠ ᠡᠷᠡᠭᠦᠯᠵᠢᠯ᠎ᠳᠤ ᠲᠤᠰᠠᠯᠠᠬᠤ ᠪᠠᠭ᠋ᠠᠵᠢ ᠵᠢ ᠨᠡᠢ᠌ᠭᠡᠮ ᠲᠣᠭᠣᠷᠢᠭ᠎ᠲᠤ ᠣᠷᠣᠭᠤᠯᠬᠤ ᠠᠵᠢᠯ᠎ᠢ ᠥᠷᠨᠢᠭᠦᠯᠪᠡ᠃ ᠣᠳᠣᠬᠠᠨ᠎ᠳᠤ᠂ ᠨᠠᠰᠤᠵᠢᠯᠲᠠ᠎ᠳᠤ ᠲᠣᠬᠢᠷᠠᠬᠤ 28 ᠦᠢ᠍ᠯᠡᠳᠬᠦᠨ ᠪᠠ ᠡᠷᠡᠭᠦᠯᠵᠢᠯ᠎ᠳᠤ ᠲᠤᠰᠠᠯᠠᠬᠤ ᠪᠠᠭ᠋ᠠᠵᠢ ᠵᠢ ᠨᠡᠢ᠌ᠭᠡᠮ ᠲᠣᠭᠣᠷᠢᠭ᠎ᠲᠤ ᠣᠷᠣᠭᠤᠯᠬᠤ ᠵᠦᠢ᠍ᠯᠡᠰ᠎ᠢ ᠨᠢᠭᠡᠨᠲᠡ ᠪᠡᠶᠡᠯᠡᠭᠦᠯᠵᠦ᠂ 72%᠎ᠤᠨ ᠵᠡᠭᠡᠯᠢ ᠭᠤᠳᠤᠮᠵᠢ ᠬᠡᠷᠡᠭ ᠡᠷᠭᠢᠯᠡᠬᠦ ᠭᠠᠵᠠᠷ᠎ᠤᠨ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠬᠦᠭᠡᠷᠦᠮᠵᠢ ᠵᠢ ᠬᠠᠮᠤᠷᠪᠠ᠃ ᠡᠭᠦᠨ᠎ᠳᠤ ᠰᠢᠯᠢᠩᠬᠣᠲᠠ᠎ᠳᠤ ᠪᠠᠢ᠌ᠭᠤᠯᠤᠭᠰᠠᠨ ᠡᠷᠡᠭᠦᠯᠵᠢᠯ᠎ᠳᠤ ᠲᠤᠰᠠᠯᠠᠬᠤ ᠪᠠᠭ᠋ᠠᠵᠢ ᠪᠠ ᠨᠠᠰᠤᠵᠢᠯᠲᠠ᠎ᠳᠤ ᠲᠣᠬᠢᠷᠠᠬᠤ ᠦᠢ᠍ᠯᠡᠳᠬᠦᠨ᠎ᠢ ᠳᠡᠯᠭᠡᠨ ᠦᠵᠡᠭᠦᠯᠬᠦ ᠦᠢ᠍ᠯᠡᠴᠢᠯᠡᠭᠡᠨ᠎ᠤ ᠵᠢᠱ᠌ᠢᠶ᠎ᠡ ᠦᠵᠡᠭᠦᠯᠬᠦ ᠲᠥᠪ᠎ᠨᠢ ᠰᠠᠭᠤᠯᠭ᠋ᠠᠵᠤ ᠰᠤᠪᠢᠯᠠᠬᠤ᠂ ᠭᠡᠷ ᠪᠦᠯᠢ᠎ᠪᠠᠷ ᠰᠤᠪᠢᠯᠠᠬᠤ᠂ ᠭᠡᠷ ᠪᠦᠯᠢ᠎ᠪᠠᠷ ᠡᠷᠡᠭᠦᠯᠵᠢᠭᠦᠯᠬᠦ ᠪᠠ ᠡᠳᠦᠷ ᠲᠤᠲᠤᠮ᠎ᠤᠨ ᠶᠠᠪᠤᠵᠤ ᠰᠠᠭᠤᠬᠤ ᠵᠡᠷᠭᠡ ᠨᠠᠰᠤᠵᠢᠯᠲᠠ᠎ᠳᠤ ᠲᠣᠬᠢᠷᠠᠬᠤ ᠦᠵᠡᠭᠦᠯᠦᠯᠭᠡ ᠵᠢ ᠨᠢᠭᠡ ᠴᠣᠭᠴᠠᠵᠢᠭᠤᠯᠤᠨ᠂ ᠨᠠᠰᠤᠲᠠᠢ᠌ᠴᠤᠳ᠎ᠤᠨ ᠣᠯᠠᠨ ᠶᠠᠩᠵᠤ ᠵᠢᠨ᠂ ᠣᠯᠠᠨ ᠲᠠᠰ ᠳᠠᠪᠬᠤᠷᠭ᠎ᠠ ᠵᠢᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠬᠡᠷᠡᠭᠰᠡᠯ᠎ᠢ ᠲᠣᠬᠢᠷᠠᠭᠤᠯᠬᠤ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠤᠯᠠᠮ ᠰᠠᠢ᠌ᠳᠤᠷ ᠬᠠᠡᠭᠭ᠋ᠠᠬᠤ ᠪᠤᠯᠤᠯ᠎ᠠ᠃
ᠬᠡᠦᠬᠡᠳ᠎ᠤᠨ ᠠᠰᠠᠷᠠᠮᠵᠢ
ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠰᠡᠳᠬᠢᠴᠡ ᠵᠢᠨ ᠡᠷᠡᠭᠦᠯ ᠮᠡᠨᠳᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠥᠷᠥ ᠵᠢᠨ ᠪᠣᠳᠣᠯᠭ᠎ᠠ ᠵᠢ ᠨᠢᠭᠡᠳᠦᠯᠲᠡᠢ ᠲᠥᠯᠥᠪᠯᠡᠨ ᠬᠡᠷᠡᠭᠵᠢᠭᠦᠯᠵᠦ ᠨᠠᠷᠢᠯᠢᠭ ᠣᠨᠣᠴᠠᠲᠠᠢ᠎ᠪᠠᠷ ᠬᠠᠯᠠᠮᠵᠢᠯᠠᠨ ᠤᠯᠠᠷᠢᠯ ᠪᠦᠷᠢ ᠪᠥᠬᠥ ᠬᠣᠲᠠ ᠵᠢᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠭᠡᠷ᠎ᠤᠨ ᠰᠣᠷᠪᠤᠯᠵᠢᠯᠠᠭ᠎ᠠ ᠬᠢᠬᠦ᠂ ᠰᠡᠳᠬᠢᠯ᠎ᠤᠨ ᠦᠭᠡ᠎ᠪᠠᠨ ᠶᠠᠷᠢᠯᠴᠠᠬᠤ᠂ ᠠᠰᠠᠭᠤᠯᠲᠠ ᠵᠢᠨ ᠬᠠᠭᠤᠳᠠᠰᠤ᠎ᠪᠠᠷ ᠪᠠᠢ᠌ᠴᠠᠭ᠋ᠠᠯᠲᠠ ᠬᠢᠬᠦ ᠵᠡᠷᠭᠡ ᠠᠷᠭ᠎ᠠ᠎ᠪᠠᠷ ᠪᠥᠬᠥ ᠠᠵᠢᠯᠲᠠᠨ᠎ᠤ ᠰᠡᠳᠬᠢᠴᠡ ᠵᠢᠨ ᠡᠷᠡᠭᠦᠯ ᠮᠡᠨᠳᠦ ᠵᠢ ᠦᠨᠡᠯᠡᠬᠦ ᠠᠵᠢᠯ᠎ᠢ ᠥᠷᠨᠢᠭᠦᠯᠵᠦ᠂ ᠬᠠᠨᠳᠤᠯᠭ᠎ᠠ᠎ᠲᠠᠢ᠂ ᠪᠦᠳᠤᠮᠵᠢᠳᠠᠢ᠂ ᠪᠦᠲᠦᠮᠵᠢᠲᠦ ᠴᠢᠨᠠᠷᠲᠠᠢ᠂ ᠥᠪᠡᠷᠮᠢᠴᠡ ᠬᠠᠯᠠᠮᠵᠢᠯᠠᠬᠤ ᠦᠢ᠍ᠯᠡᠴᠢᠯᠡᠭᠡ ᠬᠠᠡᠭᠭ᠋ᠠᠭ᠋ᠠᠳ ᠣᠲᠣ ᠪᠣᠯᠲᠠᠯ᠎ᠠ ᠰᠡᠳᠬᠢᠴᠡ ᠵᠢᠨ ᠣᠨᠴᠠᠭ᠋ᠠᠶ ᠬᠡᠷᠡᠭ᠎ᠤᠨ ᠯᠠᠪᠯᠠᠯᠲᠠ ᠵᠢ ᠨᠡᠶ᠋ᠢᠲᠡ 415 ᠤᠳᠠᠭ᠎ᠠ ᠥᠷᠨᠢᠭᠦᠯᠵᠦ᠂ ᠨᠢᠭᠡ᠎ᠳᠤ ᠨᠢᠭᠡ ᠵᠢᠨ ᠰᠡᠳᠬᠢᠴᠡ ᠵᠢᠨ ᠯᠠᠪᠯᠠᠯᠲᠠ ᠵᠢ 23 ᠬᠥᠮᠥᠨ ᠥᠷᠨᠢᠭᠦᠯᠵᠦ᠂ ᠰᠡᠳᠬᠢᠴᠡ ᠵᠢᠨ ᠡᠷᠡᠭᠦᠯ ᠮᠡᠨᠳᠦ ᠵᠢᠨ ᠭᠣᠣᠯ ᠰᠡᠳᠦᠪᠲᠦ ᠳᠤᠭᠤᠢ᠌ᠯᠠᠩ᠂ ᠨᠡᠢ᠌ᠭᠡᠮ ᠲᠣᠭᠣᠷᠢᠭ᠎ᠤᠨ ᠲᠤᠰᠬᠠᠢ ᠮᠡᠷᠭᠡᠵᠢᠯ᠎ᠤᠨ ᠦᠢ᠍ᠯᠡᠴᠢᠯᠡᠭᠡ ᠵᠢ 16 ᠤᠳᠠᠭ᠎ᠠ ᠥᠷᠨᠢᠭᠦᠯᠵᠦ᠂ ᠰᠡᠳᠬᠢᠴᠡ ᠵᠢᠨ ᠪᠦᠯᠬᠦᠮ᠎ᠤᠨ ᠦᠢ᠍ᠯᠡᠴᠢᠯᠡᠭᠡ ᠵᠢ 314 ᠤᠳᠠᠭ᠎ᠠ ᠥᠷᠨᠢᠭᠦᠯᠪᠡ᠃