ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.10
ᠨᠡᠶᠢᠲᠡᠯᠡᠭᠰᠡᠨ ᠴᠠᠭ᠄ 2025-01-13

  ᠴᠢᠬᠤᠯᠠ ᠮᠡᠳᠡᠭᠡ


   ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ᠎ᠤᠨ᠎ᠬᠢᠨ ᠤᠷᠴᠢᠮ᠎ᠳᠤ 《ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ ᠠᠷᠠᠳ᠎ᠤᠨ ᠶᠠᠪᠤᠳᠠᠯ᠎ᠤᠨ  ᠬᠦᠷᠢᠶ᠎ᠡ ᠴᠠᠷᠠᠭ᠎ᠠ᠎ᠳᠤ᠎ᠬᠢ ᠭᠠᠵᠠᠷ ᠬᠥᠳᠡᠯᠦᠯᠲᠡ᠎ᠲᠠᠢ ᠲᠡᠮᠡᠴᠡᠨ ᠭᠠᠮᠰᠢᠭ᠎ᠠᠴᠠ ᠠᠪᠤᠷᠠᠬᠤ ᠠᠵᠢᠯ᠎ᠢ ᠰᠠᠢ᠌ᠲᠤᠷ ᠬᠢᠬᠦ ᠲᠤᠬᠠᠢ ᠪᠠᠴᠢᠮ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠄ 《ᠲᠥᠪᠡᠳ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ᠎ᠢ ᠵᠢᠯᠣᠭᠣᠳᠤᠨ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠ᠊ ᠲᠤᠭᠤᠰᠢᠯᠠᠭᠤᠯᠵᠤ  ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠭᠠᠮᠰᠢᠭᠳᠠᠭᠰᠠᠨ ᠪᠠᠢ᠌ᠳᠠᠯ᠎ᠢ ᠴᠠᠭ ᠲᠤᠬᠠᠢ᠎ᠳᠤ᠎ᠨᠢ ᠪᠠᠢ᠌ᠴᠠᠭ᠋ᠠᠵᠤ᠂  ᠲᠤᠰᠠᠯᠠᠮᠵᠢ ᠵᠢᠨ ᠲᠦᠷᠦ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ ᠨᠡᠢ᠌ᠭᠡᠮ᠎ᠤᠨ ᠬᠦᠴᠦᠨ᠎ᠢ ᠲᠠᠢ᠍ᠢ᠍ᠴᠢᠯᠠᠨ ᠭᠠᠵᠠᠷ ᠬᠥᠳᠡᠯᠦᠯᠲᠡ᠎ᠲᠠᠢ ᠲᠡᠮᠡᠴᠡᠵᠦ ᠭᠠᠮᠰᠢᠭ᠎ᠠᠴᠠ ᠠᠪᠤᠷᠠᠬᠤ ᠠᠵᠢᠯ᠎ᠳᠤ ᠡᠮᠬᠢ ᠵᠢᠷᠤᠮ᠎ᠲᠠᠢ᠎ᠪᠠᠷ ᠣᠷᠣᠯᠴᠠᠭᠤᠯᠵᠤ ᠠᠷᠠᠳ᠎ᠤᠨ ᠶᠠᠪᠤᠳᠠᠯ᠎ᠤᠨ ᠦᠢ᠍ᠯᠡᠴᠢᠯᠡᠬᠡ ᠬᠦᠷᠳᠡᠭᠰᠡᠳ᠎ᠤᠨ ᠠᠮᠢ ᠨᠠᠰᠤᠨ᠎ᠤ ᠠᠮᠤᠷ ᠲᠦᠪᠰᠢᠨ᠎ᠢ  ᠴᠢᠷᠮᠠᠢ᠌ᠨ ᠬᠠᠮᠠᠭ᠋ᠠᠯᠠᠵᠤ᠂ ᠭᠠᠮᠰᠢᠭᠳᠠᠭᠰᠠᠨ ᠬᠦᠴᠢᠷᠳᠡᠯᠲᠡᠢ ᠤᠯᠠᠨ ᠲᠦᠮᠡᠨ᠎ᠤ ᠦᠨᠳᠦᠰᠦᠨ ᠠᠮᠢᠳᠤᠷᠠᠯ ᠪᠠ ᠠᠮᠤᠷ ᠲᠦᠪᠰᠢᠨ ᠵᠶ᠋ᠡᠷ ᠡᠪᠦᠯᠵᠢᠬᠦ ᠬᠡᠷᠡᠭᠳᠡᠢ》 ᠭᠡᠵᠡᠢ᠃
    ᠠᠷᠠᠳ᠎ᠤᠨ ᠶᠠᠪᠤᠳᠠᠯ᠎ᠤᠨ ᠶᠠᠮᠤᠨ ᠣᠷᠴᠢᠮᠬᠠᠨ ᠪᠦᠬᠦ ᠤᠯᠤᠰ᠎ᠤᠨ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢ ᠳᠠᠶ᠋ᠢᠴᠢᠯᠠᠨ ᠵᠢᠯᠤᠭᠣᠳᠴᠤ ᠪᠠᠢ᠌ᠭ᠋ᠠᠳ ᠭᠠᠮᠰᠢᠭ᠎ᠠᠴᠠ ᠠᠪᠤᠷᠠᠬᠤ ᠨᠢᠭᠦᠯᠡᠰᠦᠩᠭᠦᠢ ᠵᠢᠨ ᠬᠠᠨᠳᠢᠪ᠎ᠢ ᠬᠠᠤᠯᠢ ᠲᠣᠭᠲᠠᠭ᠋ᠠᠯ ᠶᠣᠰᠣᠭ᠋ᠠᠷ ᠥᠷᠨᠢᠭᠦᠯᠵᠦ ᠲᠥᠪᠡᠳ᠎ᠤᠨ ᠭᠠᠮᠰᠢᠭᠳᠠᠭᠰᠠᠨ ᠣᠷᠣᠨ᠎ᠢ ᠢᠳᠡᠪᠬᠢᠲᠡᠢ ᠪᠥᠭᠡᠳ ᠡᠮᠬᠢ ᠵᠢᠷᠤᠮ ᠎ᠲᠠᠢ᠎ᠪᠠᠷ ᠳᠡᠮᠵᠢᠵᠦ᠂ ᠳᠤᠮᠳᠠᠳᠤ ᠤᠯᠤᠰ᠎ᠤᠨ ᠨᠢᠭᠦᠯᠡᠰᠦᠩᠭᠦᠢ ᠵᠢᠨ ᠬᠣᠯᠪᠣᠭ᠋ᠠᠲᠤ ᠬᠤᠷᠠᠯ᠂ ᠳᠤᠮᠳᠠᠳᠤ ᠵᠢᠨ ᠨᠢᠭᠦᠯᠡᠰᠦᠩᠭᠦᠢ ᠵᠢᠨ ᠶᠡᠷᠦᠩᠬᠡᠢ ᠡᠪᠯᠡᠯ ᠭᠠᠵᠠᠷ ᠬᠥᠳᠡᠯᠦᠯᠲᠡ᠎ᠲᠠᠢ ᠲᠡᠮᠡᠴᠡᠨ ᠭᠠᠮᠰᠢᠭ᠎ᠠᠴᠠ ᠠᠪᠤᠷᠠᠬᠤ ᠠᠵᠢᠯ᠎ᠢ ᠳᠡᠮᠵᠢᠬᠦ ᠠᠷᠠᠳ᠎ᠤᠨ ᠶᠠᠪᠤᠳᠠᠯ᠎ᠤᠨ ᠶᠠᠮᠤᠨ ᠢᠨᠲ᠋ᠧᠷ ᠰᠦᠯᠵᠢᠶᠡᠨ᠎ᠤ ᠢᠯᠡ᠎ᠪᠠᠷ ᠬᠠᠨᠳᠢᠪ ᠴᠤᠭᠯᠠᠭᠤᠯᠬᠤ 29 ᠦᠢ᠍ᠯᠡᠴᠢᠯᠡᠭᠡᠨ᠎ᠤ ᠲᠠᠪᠴᠠᠩ᠎ᠢ ᠱᠠᠭ᠋ᠠᠷᠳᠠᠵᠤ ᠢᠯᠡ᠎ᠪᠠᠷ ᠴᠤᠭᠯᠠᠭᠤᠯᠤᠭᠰᠠᠨ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ 《ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ ᠢᠯᠡ᠎ᠪᠠᠷ ᠬᠠᠨᠳᠢᠪ ᠴᠤᠭᠯᠠᠭᠤᠯᠬᠤ ᠬᠠᠮᠢᠶᠠᠷᠤᠯᠲᠠ ᠵᠢᠨ ᠠᠷᠭ᠎ᠠ》 ᠵᠢᠨ ᠱᠠᠭ᠋ᠠᠷᠳᠠᠯᠭ᠎ᠠ ᠶᠣᠰᠣᠭ᠋ᠠᠷ ᠭᠠᠮᠰᠢᠭ᠎ᠠᠴᠠ ᠠᠪᠤᠷᠠᠬᠤ ᠬᠠᠨᠳᠢᠪ ᠴᠤᠭᠯᠠᠭᠤᠯᠬᠤ ᠠᠵᠢᠯᠯᠠᠭ᠎ᠠ ᠵᠢ ᠤᠷᠢᠳ ᠵᠶ᠋ᠡᠷ ᠦᠷᠨᠢᠬᠦᠯᠤᠬᠡᠳ ᠳᠠᠭᠢᠵᠤ ᠨᠥᠬᠥᠵᠦ ᠳᠠᠩᠰᠠᠯᠠᠭᠤᠯᠬᠤ ᠭᠠᠷ ᠭᠦᠢ᠍ᠴᠡᠳᠬᠡᠯ᠎ᠢ ᠬᠠᠤᠯᠢ ᠶᠣᠰᠣᠭ᠋ᠠᠷ ᠰᠠᠢ᠌ᠲᠤᠷ ᠬᠢᠬᠦ ᠵᠢ ᠳᠡᠮᠵᠢᠬᠦ ᠬᠡᠷᠡᠭᠲᠡᠢ ᠭᠡᠵᠡᠢ᠃


ᠠᠷᠠᠳ᠎ᠤᠨ ᠶᠠᠪᠤᠳᠠᠯ᠎ᠤᠨ ᠶᠠᠮᠤᠨ


    ᠪᠥᠬᠥ ᠤᠯᠤᠰ᠎ᠤᠨ ᠡᠮᠡᠭᠲᠡᠢ᠌ᠴᠦᠳ᠎ᠤᠨ ᠬᠣᠯᠪᠣᠭ᠋ᠠᠲᠤ ᠬᠤᠷᠠᠯ᠂ ᠠᠷᠠᠳ᠎ᠤᠨ ᠶᠠᠪᠤᠳᠠᠯ᠎ᠤᠨ ᠶᠠᠮᠤᠨ ᠵᠡᠷᠭᠡ 16 ᠰᠠᠯᠠᠭ᠎ᠠ ᠮᠥᠴᠢᠷ᠎ᠤᠨ᠎ᠬᠢᠨ ᠤᠷᠴᠢᠮ᠎ᠳᠤ ᠮᠡᠳᠡᠭᠳᠡᠯ ᠳᠠᠷᠤᠮᠠᠯᠯᠠᠨ ᠲᠠᠷᠬᠠᠭ᠋ᠠᠵᠤ᠂ 《ᠬᠠᠢ᠌ᠷ᠎ᠠ ᠵᠢ ᠭᠡᠷ᠎ᠲᠤ᠎ᠨᠢ ᠬᠦᠷᠬᠡᠵᠤ ᠰᠡᠳᠬᠢᠯ ᠵᠶ᠋ᠡᠨ ᠨᠢᠭᠡᠳᠬᠡᠨ ᠦᠰᠦᠨ ᠪᠣᠶ᠋ᠢᠵᠢᠯᠲᠠ᠎ᠪᠠᠨ ᠬᠠᠮᠠᠭ᠋ᠠᠯᠠᠬᠤ》 2025 ᠡᠪᠦᠯ᠎ᠤᠨ ᠠᠮᠠᠷᠠᠯᠲᠠ ᠵᠢᠨ ᠬᠡᠦᠬᠡᠳ᠎ᠢ ᠬᠠᠯᠠᠮᠵᠢᠯᠠᠬᠤ  ᠦᠢ᠍ᠯᠡᠴᠢᠯᠡᠬᠡᠨ᠎ᠤ ᠠᠵᠢᠯᠯᠠᠭ᠎ᠠ ᠵᠢ ᠬᠠᠮᠲᠤᠷᠠᠨ ᠪᠠᠢ᠌ᠷᠢᠯᠠᠭᠤᠯᠪᠠ᠃ ᠮᠡᠳᠡᠭᠳᠡᠯ᠎ᠳᠤ᠄ 《ᠭᠡᠷ᠎ᠲᠤ᠎ᠪᠠᠨ ᠬᠣᠴᠣᠷᠤᠭᠰᠠᠨ ᠬᠡᠦᠬᠡᠳ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠂ ᠨᠡᠭᠦᠳᠡᠯ ᠬᠡᠦᠬᠡᠳ ᠵᠡᠷᠭᠡ ᠣᠨᠴᠠᠭ᠋ᠠᠶ ᠬᠦᠴᠢᠷᠳᠡᠯ᠎ᠲᠠᠢ ᠬᠦᠮᠦᠰ᠎ᠤᠨ ᠪᠣᠳᠠᠲᠠᠢ ᠬᠡᠷᠡᠭᠴᠡᠭᠡ ᠵᠢ ᠣᠨᠴᠠᠭ᠋ᠠᠢ᠌ᠯᠠᠨ ᠠᠩᠬᠠᠷᠴᠤ᠂ ᠲᠡᠳᠡᠨ᠎ᠢ ᠬᠠᠪᠰᠤᠷᠤᠨ ᠬᠦᠴᠢᠷᠳᠡᠯ᠎ᠢ᠎ᠨᠢ ᠰᠢᠢ᠍ᠳᠪᠦᠷᠢᠯᠡᠵᠦ ᠥᠭᠬᠦ ᠬᠡᠷᠡᠭᠲᠡᠢ᠃  ᠬᠡᠷ᠎ᠲᠤ᠎ᠨᠢ ᠬᠦᠷᠴᠦ ᠰᠤᠷᠪᠤᠯᠵᠢᠯᠠᠬᠤ ᠵᠢ ᠴᠢᠩᠭ᠋ᠠᠳᠬᠠᠵᠤ᠂ ᠡᠮᠡᠭᠲᠡᠢ᠌ᠴᠦᠳ᠎ᠤᠨ ᠬᠣᠯᠪᠣᠭ᠋ᠠᠲᠤ ᠬᠤᠷᠠᠯ᠎ᠤᠨ ᠭᠦᠢ᠍ᠴᠡᠳᠬᠡᠬᠦ ᠵᠥᠪᠯᠡᠯ᠂ ᠬᠡᠦᠬᠡᠳ᠎ᠤᠨ ᠡᠷᠬᠢᠯᠡᠭᠴᠢ ᠵᠡᠷᠭᠡ ᠵᠢ ᠳᠠᠶ᠋ᠢᠴᠢᠯᠠᠨ ᠬᠠᠷᠢᠶᠠᠲᠤ ᠣᠷᠣᠨ᠎ᠤ ᠭᠡᠷ᠎ᠲᠤ᠎ᠪᠠᠨ ᠬᠣᠴᠣᠷᠤᠭᠰᠠᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠭᠡᠷ᠎ᠲᠤ ᠤᠴᠢᠭᠤᠯᠬᠤ ᠬᠡᠷᠡᠭᠲᠡᠢ᠃ ᠬᠣᠣᠰᠯᠠᠨ ᠬᠠᠯᠠᠮᠵᠢᠯᠠᠬᠤ ᠠᠵᠢᠯ᠎ᠢ ᠰᠠᠢ᠌ᠲᠤᠷ ᠬᠢᠵᠦ᠂ ᠡᠵᠢ᠎ᠪᠠᠨ ᠬᠠᠢ᠌ᠷᠠᠯᠠᠬᠤ ᠵᠡᠷᠭᠡ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠡᠩᠨᠡᠭᠡ ᠵᠢᠨ ᠦᠢ᠍ᠯᠡᠳᠦᠯ᠎ᠢ ᠪᠠᠳᠠᠷᠠᠭᠤᠯᠬᠤ ᠬᠡᠷᠡᠭᠳᠡᠢ》 ᠭᠡᠵᠤ ᠴᠢᠬᠤᠯᠠᠴᠢᠯᠠᠨ ᠲᠤᠷᠠᠳᠪᠠ᠃
  
ᠨᠡᠢ᠌ᠭᠡᠮ᠎ᠤᠨ ᠶᠠᠪᠤᠳᠠᠯ


   ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠬᠡᠳᠤᠨ ᠵᠢᠯ 《ᠣᠷᠣᠭ ᠲᠠᠡᠭᠰᠠᠯᠠᠬᠤ + ᠠᠵᠤ ᠠᠬᠤᠢ》 ᠵᠢᠨ ᠵᠠᠭᠪᠤᠷ᠎ᠤᠨ ᠰᠢᠨ᠎ᠡ ᠵᠢ ᠡᠭᠦᠳᠪᠡ᠃ ᠪᠦᠬᠦ ᠬᠣᠲᠠ ᠵᠢᠨ ᠡᠯ᠎ᠡ ᠭᠠᠵᠠᠷ᠎ᠤᠨ ᠦᠵᠡᠮᠵᠢ ᠵᠢᠨ ᠣᠷᠣᠨ᠂ ᠬᠤᠳᠠᠯᠳᠤᠭ᠋ᠠᠨ᠎ᠤ ᠵᠡᠭᠡᠯᠢ ᠲᠣᠭᠣᠷᠢᠭ᠂ ᠬᠣᠲᠠ ᠵᠢᠨ ᠪᠡᠯᠭᠡ ᠲᠡᠮᠳᠡᠭᠴᠢ ᠪᠠᠷᠢᠯᠭ᠎ᠠ ᠵᠡᠷᠭᠡ᠎ᠳᠤ ᠲᠦᠰᠢᠭᠯᠡᠨ ᠣᠨᠴᠠᠯᠢᠭᠲᠤ ᠤᠷᠤᠭ ᠲᠠᠡᠭᠰᠠᠯᠠᠬᠤ ᠲᠠᠯᠠᠪᠤᠷ ᠪᠤᠶᠤ ᠤᠷᠤᠭ᠎ᠤᠨ ᠪᠠᠳᠤᠯᠠᠪᠤᠷᠢ ᠵᠢ ᠭᠠᠳᠠᠨ᠎ᠠ ᠤᠯᠭᠤᠬᠤ ᠴᠡᠭ᠎ᠢ ᠪᠤᠶ ᠪᠣᠯᠭ᠋ᠠᠵᠤ᠂ ᠤᠯᠠᠭ᠋ᠠᠨᠴᠠᠪ ᠬᠣᠲᠠ ᠵᠢᠨ ᠴᠠᠬᠠᠷ ᠪᠠᠷᠠᠭᠤᠨ ᠭᠠᠷᠤᠨ ᠬᠣᠢ᠌ᠲᠤ ᠬᠣᠰᠢᠭᠤᠨ᠎ᠤ ᠤᠯᠠᠭ᠋ᠠᠨᠬᠠᠳᠠ ᠭᠠᠯᠲᠤ ᠠᠭᠤᠯᠠ᠂ ᠰᠢᠩ ᠾᠧ ᠰᠢᠶᠠᠨ᠎ᠤ ᠴᠠᠬᠠᠷ ᠨᠠᠭᠤᠷ᠎ᠤᠨ ᠠᠮᠢ ᠠᠬᠤᠢ ᠵᠢᠨ ᠵᠢᠭᠤᠯᠴᠢᠯᠠᠯ᠎ᠤᠨ ᠠᠮᠠᠷᠠᠯᠲᠠ ᠵᠢᠨ ᠣᠷᠣᠨ ᠵᠡᠷᠭᠡ ᠭᠠᠵᠠᠷ᠎ᠨᠢ ᠨᠢᠭᠡᠨᠲᠡ ᠣᠯᠠᠨ᠎ᠤ ᠠᠩᠬᠠᠷᠤᠯ᠎ᠢ ᠲᠠᠲᠠᠭᠰᠠᠨ ᠣᠷᠣᠭ ᠲᠠᠡᠭᠰᠠᠯᠠᠭᠤᠯᠬᠤ ᠰᠦᠯᠵᠢᠶᠡᠨ᠎ᠤ ᠤᠯᠠᠭ᠋ᠠᠨ ᠲᠡᠮᠳᠡᠭ ᠪᠣᠯᠵᠤ᠂ ᠵᠠᠯᠠᠭᠤᠴᠤᠳ᠎ᠲᠤ ᠤᠯᠠᠭ᠋ᠠᠨᠴᠠᠪ ᠬᠣᠲᠠ ᠵᠢᠨ ᠥᠪᠡᠷᠮᠢᠴᠡ ᠣᠨᠴᠠᠯᠢᠭ᠎ᠲᠠᠢ ᠦᠨᠡᠮᠯᠡᠯ ᠣᠯᠭᠣᠬᠤ ᠦᠢ᠍ᠯᠡᠴᠢᠯᠡᠭᠡᠨ᠎ᠤ ᠨᠠᠷᠠᠲᠤ ᠲᠡᠮᠳᠡᠭ᠎ᠢ ᠠᠯᠬᠤᠮ ᠠᠯᠬᠤᠮ ᠵᠶ᠋ᠠᠷ ᠪᠣᠶ ᠪᠣᠯᠭ᠋ᠠᠵᠤ ᠥᠭᠭᠦᠭᠰᠡᠨ ᠪᠠᠢ᠌ᠨ᠎ᠠ᠃ 2024 ᠣᠨ᠎ᠳᠤ ᠬᠠᠮᠲᠤ ᠵᠢᠨ ᠦᠨᠡᠮᠯᠡᠯ ᠣᠯᠭᠣᠬᠤ ᠶᠣᠰᠣᠯᠠᠯ᠂ ᠬᠠᠮᠲᠤ ᠵᠢᠨ ᠬᠤᠷᠢᠮ᠎ᠤᠨ ᠶᠣᠰᠣᠯᠠᠯ᠎ᠢ ᠨᠡᠢ᠍ᠢ᠍ᠳᠡ 20 ᠭᠠᠷᠤᠢ ᠲᠠᠯᠠᠪᠠᠢ ᠡᠷᠬᠢᠯᠡᠵᠤ 400 ᠭᠠᠷᠤᠢ ᠬᠣᠣᠰ ᠰᠢᠨ᠎ᠡ ᠬᠥᠮᠥᠨ ᠠᠵᠢᠯᠯᠠᠭ᠎ᠠ᠎ᠳᠤ ᠣᠷᠣᠯᠴᠠᠵᠠᠢ᠃
   ᠠᠯᠠᠱ᠌ᠠ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ ᠡᠯᠪᠡᠭ ᠪᠠᠶᠠᠯᠢᠭ ᠰᠣᠶᠣᠯ ᠵᠤᠭ᠋ᠠᠴᠠᠯ᠎ᠤᠨ ᠡᠬᠢ ᠪᠠᠶᠠᠯᠢᠭ᠎ᠲᠤ ᠲᠦᠰᠢᠭᠯᠡᠨ ᠤᠯᠠᠨ ᠲᠠᠯ᠎ᠠ ᠵᠢᠨ ᠬᠦᠴᠦᠨ᠎ᠢ ᠨᠢᠭᠲᠠᠷᠠᠭᠤᠯᠵᠤ ᠥᠪᠡᠷᠮᠢᠴᠡ ᠣᠨᠴᠠᠯᠢᠭ᠎ᠲᠠᠢ ᠠᠯᠠᠱ᠌ᠠ ᠵᠢᠨ 《ᠰᠠᠢ᠌ᠨ》 ᠰᠣᠶᠣᠯ ᠬᠤᠷᠢᠮ᠎ᠤᠨ ᠵᠠᠩ ᠦᠢ᠍ᠯᠡ ᠵᠢᠨ ᠲᠦᠷᠦᠯ ᠲᠡᠮᠳᠡᠭ᠎ᠢ ᠢᠳᠡᠪᠬᠢᠲᠡᠢ ᠡᠭᠦᠳᠴᠡᠢ᠃ 2024 ᠣᠨ᠎ᠳᠤ 《ᠪᠢᠯᠢᠭ᠎ᠤᠨ ᠤᠯᠠᠷᠢᠯ᠎ᠤᠨ ᠲᠤᠯᠤᠭ᠋ᠠᠨ ᠰᠠᠷ᠎ᠠ ᠵᠢᠨ ᠳᠤᠯᠤᠭ᠋ᠠᠨ᠎ᠤ ᠡᠳᠦᠷ ᠪᠣᠯᠵᠣᠵᠤ ᠪᠣᠳᠠᠰ᠎ᠤᠨ ᠪᠤᠰᠤ ᠰᠣᠶᠣᠯ᠎ᠤᠨ ᠥᠪ ᠲᠡᠬᠡᠷ᠎ᠡ ᠵᠠᠶᠠᠭ᠎ᠠ᠎ᠪᠠᠨ ᠬᠤᠯᠪᠤᠶ᠎ᠠ》 ᠬᠡᠬᠦ ᠵᠡᠷᠭᠡ ᠲᠣᠮᠣ ᠬᠡᠯᠪᠡᠷᠢ ᠵᠢᠨ ᠬᠠᠮᠲᠤ ᠵᠢᠨ ᠬᠤᠷᠢᠮ᠎ᠤᠨ ᠶᠣᠰᠣᠯᠠᠯ᠂ ᠵᠠᠯᠠᠭᠤᠴᠤᠳ᠎ᠤᠨ  ᠨᠠᠢ᠌ᠵᠠᠯᠠᠬᠤ ᠠᠵᠢᠯᠯᠠᠭ᠎ᠠ ᠵᠢ 10 ᠤᠳᠠᠭ᠎ᠠ ᠥᠷᠨᠢᠭᠦᠯᠵᠦ 1000 ᠭᠠᠷᠤᠢ ᠬᠥᠮᠥᠨ ᠣᠷᠣᠯᠴᠠᠵᠤ ᠰᠢᠨ᠎ᠡ ᠮᠠᠶᠢᠭ᠎ᠤᠨ  ᠤᠷᠤᠭ᠎ᠤᠨ ᠵᠠᠩᠰᠢᠯ᠎ᠤᠨ ᠦᠵᠡᠯᠲᠡ ᠵᠢ ᠤᠯᠠᠮ ᠴᠢᠨᠠᠭᠰᠢᠳᠠ ᠰᠠᠨᠠᠭ᠋ᠠᠴᠢᠯᠠᠵᠤ ᠵᠠᠯᠠᠭᠤᠴᠤᠳ᠎ᠢ ᠳᠠᠭ᠋ᠠᠭᠤᠯᠤᠨ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠬᠣᠰᠢᠭᠤᠴᠢ ᠬᠦᠴᠦᠨ ᠪᠣᠯᠭ᠋ᠠᠪᠠ᠃
 
 
 

 

 

ᠢᠷᠡᠯᠲᠡ᠄ ᠥᠪᠥᠷ ᠮᠣᠩᠭᠣᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.13
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.14
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ1.15
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.16
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.17
 
            