ᠠᠷᠠᠳ᠎ᠤᠨ ᠶᠠᠪᠤᠳᠠᠯ᠎ᠤᠨ ᠶᠠᠮᠤᠨ
ᠠᠷᠠᠳ᠎ᠤᠨ ᠶᠠᠪᠤᠳᠠᠯ᠎ᠤᠨ ᠶᠠᠮᠤᠨ᠂ ᠲᠥᠪ᠎ᠤᠨ ᠨᠡᠢ᠌ᠭᠡᠮ᠎ᠤᠨ ᠠᠵᠢᠯ᠎ᠤᠨ ᠶᠠᠮᠤᠨ᠂ ᠪᠥᠬᠥ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠵᠢᠨ᠎ᠬᠢᠨ ᠤᠷᠴᠢᠮ᠎ᠳᠤ ᠬᠠᠮᠲᠤᠷᠠᠨ 《ᠣᠨᠳᠣᠣ ᠭᠠᠵᠠᠷ᠎ᠤᠨ ᠬᠤᠳᠠᠯᠳᠤᠭ᠋ᠠᠴᠢᠳ᠎ᠤᠨ ᠡᠪᠯᠡᠯ᠎ᠤᠨ ᠳᠡᠩᠰᠡᠯᠡᠨ ᠬᠠᠮᠢᠶᠠᠷᠬᠤ ᠦᠢ᠍ᠯᠡᠴᠢᠯᠡᠭᠡᠨ᠎ᠤ ᠠᠵᠢᠯ᠎ᠢ ᠴᠢᠩᠭ᠋ᠠᠳᠬᠠᠬᠤ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠪᠠ᠃ 《ᠮᠡᠳᠡᠭᠳᠡᠯ》᠎ᠳᠤ ᠣᠨᠳᠣᠣ ᠭᠠᠵᠠᠷ᠎ᠤᠨ ᠬᠤᠳᠠᠯᠳᠤᠭ᠋ᠠᠴᠢᠳ᠎ᠤᠨ ᠡᠪᠯᠡᠯ᠎ᠤᠨ ᠳᠠᠩᠰᠠᠯᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠬᠦ᠂ ᠣᠨᠳᠣᠣ ᠭᠠᠵᠠᠷ᠎ᠤᠨ ᠬᠤᠳᠠᠯᠳᠤᠭ᠋ᠠᠴᠢᠳ᠎ᠤᠨ ᠡᠪᠯᠡᠯ᠎ᠤᠨ ᠳᠡᠩᠰᠡᠯᠡᠵᠦ ᠬᠢᠨᠠᠨ ᠪᠠᠢ᠌ᠴᠠᠭ᠋ᠠᠬᠤ ᠵᠢ ᠴᠢᠩᠳᠠᠯᠠᠬᠤ᠂ ᠣᠨᠳᠣᠣ ᠭᠠᠵᠠᠷ᠎ᠤᠨ ᠬᠤᠳᠠᠯᠳᠤᠭ᠋ᠠᠴᠢᠳ᠎ᠤᠨ ᠡᠪᠯᠡᠯ᠎ᠤᠨ ᠳᠣᠲᠣᠭ᠋ᠠᠳᠤ ᠵᠢᠨ ᠵᠠᠰᠠᠯᠲᠠ ᠵᠢ ᠲᠡᠬᠦᠯᠳᠡᠷᠵᠢᠬᠦᠯᠬᠦ᠂ ᠣᠨᠳᠣᠣ ᠭᠠᠵᠠᠷ᠎ᠤᠨ ᠬᠤᠳᠠᠯᠳᠤᠭ᠋ᠠᠴᠢᠳ᠎ᠤᠨ ᠡᠪᠯᠡᠯ᠎ᠤᠨ ᠬᠠᠮᠢᠶᠠᠷᠤᠯᠲᠠ ᠦᠢ᠍ᠯᠡᠴᠢᠯᠡᠭᠡ ᠵᠢ ᠴᠢᠩᠭ᠋ᠠᠳᠬᠠᠬᠤ᠂ ᠣᠨᠳᠣᠣ ᠭᠠᠵᠠᠷ᠎ᠤᠨ ᠬᠤᠳᠠᠯᠳᠤᠭ᠋ᠠᠴᠢᠳ᠎ᠤᠨ ᠡᠪᠯᠡᠯ᠎ᠤᠨ ᠣᠨᠴᠠᠯᠢᠭᠲᠤ ᠳᠠᠪᠠᠭᠤᠯᠢᠭ᠎ᠢ ᠪᠠᠳᠠᠷᠠᠭᠤᠯᠬᠤ ᠵᠡᠷᠭᠡ 5 ᠲᠠᠯ᠎ᠠ᠎ᠪᠠᠷ ᠭᠣᠣᠯ ᠠᠭᠤᠯᠭ᠎ᠠ ᠵᠢ ᠲᠣᠳᠣᠷᠬᠠᠢ᠌ᠯᠠᠵᠤ᠂ ᠣᠨᠳᠣᠣ ᠭᠠᠵᠠᠷ᠎ᠤᠨ ᠬᠤᠳᠠᠯᠳᠤᠭ᠋ᠠᠴᠢᠳ᠎ᠤᠨ ᠡᠪᠯᠡᠯ᠎ᠤᠨ ᠡᠷᠡᠭᠦᠯ ᠪᠥᠭᠡᠳ ᠡᠮᠬᠢ ᠵᠢᠷᠤᠮ᠎ᠲᠠᠢ ᠬᠥᠭᠵᠢᠬᠦ ᠵᠢ ᠤᠯᠠᠮ ᠠᠬᠢᠭᠤᠯᠬᠤ ᠬᠡᠷᠡᠭᠳᠡᠢ ᠬᠡᠵᠡᠢ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ
ᠲᠥᠪᠡᠳ᠎ᠤᠨ ᠰᠢᠭ᠋ᠠᠽᠸ ᠬᠣᠲᠠ ᠵᠢᠨ ᠳ᠋ᠢᠩ ᠷᠢ ᠰᠢᠶᠠᠨ᠎ᠤ 6.8 ᠲᠠᠰ᠎ᠤᠨ ᠭᠠᠵᠠᠷ ᠬᠥᠳᠡᠯᠦᠯᠲᠡ ᠡᠭᠦᠰᠦᠭᠰᠡᠨ᠎ᠤ ᠳᠠᠷᠠᠭ᠎ᠠ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠪᠥᠬᠥ ᠣᠷᠣᠨ᠎ᠤ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠪᠠ ᠨᠡᠢ᠌ᠭᠡᠮ᠎ᠤᠨ ᠬᠦᠴᠦᠨ᠎ᠢ ᠬᠠᠮᠤᠭ᠎ᠤᠨ ᠲᠡᠷᠢᠭᠦᠨ᠎ᠳᠤ ᠳᠠᠶ᠋ᠢᠴᠢᠯᠠᠨ ᠬᠠᠯᠠᠮᠵᠢ ᠬᠦᠷᠭᠡᠬᠦ ᠠᠵᠢᠯᠯᠠᠭ᠎ᠠ ᠥᠷᠨᠢᠭᠦᠯᠪᠡ᠃ 1 ᠳ᠋ᠤᠬᠡᠷ ᠰᠠᠷ᠎ᠠ ᠵᠢᠨ 11᠎ᠤ ᠦᠳᠡ ᠵᠢᠨ ᠬᠣᠢ᠌ᠨ᠎ᠠ ᠪᠣᠯᠲᠠᠯ᠎ᠠ ᠮᠠᠨ᠎ᠤ ᠣᠷᠣᠨ᠎ᠤ 21 ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ ᠴᠤᠭᠯᠠᠭᠤᠯᠤᠭᠰᠠᠨ ᠭᠠᠮᠰᠢᠭ᠎ᠠᠴᠠ ᠠᠪᠤᠷᠠᠬᠤ 356.95 ᠲᠦᠮᠡᠨ ᠲᠥᠭᠥᠷᠢᠭ ᠵᠣᠭᠣᠰ ᠮᠥᠩᠭᠥ ᠡᠳ᠋ ᠪᠣᠳᠠᠰ᠎ᠢ ᠴᠥᠮ ᠭᠠᠵᠠᠷ ᠬᠥᠳᠡᠯᠦᠯᠲᠡ ᠵᠢᠨ ᠭᠠᠮᠰᠢᠭᠳᠠᠭᠰᠠᠨ ᠣᠷᠣᠨ᠎ᠳᠤ ᠰᠢᠯᠵᠢᠭᠦᠯᠦᠨ ᠥᠭᠴᠡᠢ᠃
ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ
ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠡᠯ᠎ᠡ ᠬᠣᠰᠢᠭᠤ ᠬᠣᠲᠠ ᠲᠣᠭᠣᠷᠢᠭ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠳᠡᠩᠰᠡᠯᠡᠨ ᠬᠠᠮᠢᠶᠠᠷᠬᠤ ᠪᠠᠢ᠌ᠭᠤᠯᠭ᠎ᠠ ᠵᠢ ᠵᠢᠯᠣᠭᠣᠳᠤᠨ ᠮᠠᠯᠵᠢᠬᠤ ᠲᠠᠷᠢᠶᠠᠯᠠᠬᠤ ᠣᠷᠣᠨ᠎ᠤ ᠬᠡᠷᠡᠭᠴᠡᠭᠡ ᠱᠠᠭ᠋ᠠᠷᠳᠠᠯᠭ᠎ᠠ ᠵᠢᠨ ᠨᠠᠷᠢᠨ ᠲᠠᠩᠰᠠ ᠵᠢ ᠥᠷᠭᠡᠨ ᠵᠶ᠋ᠡᠷ ᠴᠤᠭᠯᠠᠭᠤᠯᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠡᠬᠢ ᠪᠠᠶᠠᠯᠢᠭ᠎ᠤᠨ ᠳᠠᠪᠠᠭᠤᠯᠢᠭ᠎ᠢ ᠭᠦᠨᠵᠡᠭᠡᠢ ᠠᠭᠤᠳᠠᠯᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠳᠤ ᠬᠦᠴᠦ ᠨᠡᠮᠡᠷᠢᠯᠡᠵᠦ᠂ ᠬᠠᠷᠢᠶᠠᠲᠤ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠵᠢᠯᠤᠭᠣᠳᠴᠤ ᠪᠠᠢ᠌ᠭ᠋ᠠᠳ ᠬᠠᠨᠳᠤᠯᠭ᠋ᠠᠲᠤ ᠴᠢᠨᠠᠷᠲᠠᠢ᠎ᠪᠠᠷ ᠠᠵᠢᠯ ᠣᠯᠭᠣᠯᠲᠠ᠂ ᠰᠤᠷᠭ᠋ᠠᠨ ᠬᠥᠮᠦᠵᠢᠯ᠂ ᠨᠠᠰᠤᠵᠢᠯ᠎ᠤᠨ ᠠᠰᠠᠷᠠᠮᠵᠢ᠂ ᠬᠡᠷᠡᠭᠯᠡᠭᠡ᠎ᠪᠠᠷ ᠬᠠᠪᠰᠤᠷᠤᠨ ᠲᠡᠳᠬᠦᠬᠦ ᠵᠡᠷᠭᠡ ᠣᠯᠠᠨ ᠶᠠᠩᠵᠤ ᠵᠢᠨ ᠲᠡᠳᠬᠦᠮᠵᠢ ᠵᠢᠨ ᠠᠵᠢᠯᠯᠠᠭ᠎ᠠ ᠦᠷᠨᠢᠬᠦᠯᠪᠡ᠃ 2024 ᠣᠨ᠎ᠳᠤ ᠪᠦᠬᠦ ᠬᠤᠳᠠ ᠵᠢᠨ 91 ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦ ᠨᠡᠮᠡᠷᠢᠯᠡᠬᠦ ᠠᠵᠢᠯᠯᠠᠭ᠎ᠠ 202 ᠤᠳᠠᠭ᠎ᠠ ᠥᠷᠨᠢᠭᠦᠯᠵᠦ 2089 ᠲᠦᠮᠡᠨ ᠲᠥᠭᠥᠷᠢᠭ᠎ᠤᠨ ᠪᠡᠯᠡ ᠮᠥᠩᠭᠥ ᠣᠷᠣᠭᠤᠯᠵᠤ 3.7 ᠲᠦᠮᠡ ᠭᠠᠷᠤᠢ ᠬᠥᠮᠥᠨ ᠠᠰᠢᠭ ᠬᠦᠷᠲᠡᠵᠡᠢ᠃ ᠡᠭᠦᠨ᠎ᠳᠤ ᠬᠡᠷᠡᠭᠯᠡᠭᠡ᠎ᠪᠠᠷ 1046 ᠲᠦᠮᠡᠨ ᠲᠥᠭᠥᠷᠢᠭ᠎ᠢ ᠲᠡᠳᠬᠦᠵᠦ᠂ 1573 ᠤᠳᠠᠭ᠎ᠠ᠎ᠳᠤ ᠠᠰᠢᠭ ᠬᠦᠷᠲᠡᠭᠡᠪᠡ᠃
ᠨᠠᠰᠤᠵᠢᠯ᠎ᠤᠨ ᠦᠢ᠍ᠯᠡᠴᠢᠯᠡᠭᠡ
ᠪᠤᠭᠤᠲᠤ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠨᠠᠰᠤᠲᠠᠢ᠌ᠴᠤᠳ᠎ᠲᠤ ᠪᠤᠶᠠᠨ ᠵᠢᠷᠭ᠋ᠠᠯ ᠡᠳ᠋ᠯᠡᠬᠦᠯᠵᠤ᠂ ᠨᠠᠰᠤᠲᠠᠢ᠌ᠴᠤᠳ᠎ᠤᠨ ᠪᠠᠳᠤᠯᠠᠭ᠎ᠠ ᠵᠢᠨ ᠰᠠᠭᠤᠷᠢ ᠵᠢ ᠴᠢᠷᠮᠠᠢ᠌ᠨ ᠪᠡᠬᠢᠵᠢᠭᠦᠯᠪᠡ᠃ ᠪᠥᠬᠥ ᠬᠣᠲᠠ ᠵᠢᠨ ᠡᠷᠦᠬᠡ ᠠᠮᠠ ᠵᠢᠨ ᠲᠠᠩᠰᠠ᠎ᠨᠢ ᠪᠦᠬᠦᠯᠢ 60 ᠨᠠᠰᠤ᠎ᠠᠴᠠ ᠳᠡᠭᠡᠭᠰᠢᠬᠢ 64 ᠲᠦᠮᠡᠨ ᠨᠠᠰᠤᠲᠠᠢ᠌ᠴᠤᠳ᠎ᠲᠤ ᠡᠨᠳᠡᠯ᠎ᠤᠨ ᠰᠢᠷᠬᠠᠲᠤᠯ᠎ᠤᠨ ᠳᠠᠭ᠋ᠠᠳᠬᠠᠯ᠎ᠢ ᠨᠢᠭᠡᠳᠦᠯᠲᠡᠢ ᠬᠤᠳᠠᠯᠳᠤᠨ ᠠᠪᠬᠤ ᠵᠢᠨ ᠲᠥᠯᠥᠭᠡ ᠲᠣᠰ ᠲᠥᠷᠥ ᠵᠢᠨ ᠪᠣᠳᠣᠯᠭ᠎ᠠ ᠵᠢ 2021 ᠣᠨ᠎ᠠᠴᠠ ᠡᠬᠢᠯᠡᠨ ᠬᠡᠷᠡᠭᠵᠢᠭᠦᠯᠵᠦ᠂ 2024 ᠣᠨ᠎ᠤ ᠵᠢᠯ᠎ᠤᠨ ᠡᠴᠦᠰ ᠪᠣᠯᠲᠠᠯ᠎ᠠ ᠳᠠᠭ᠋ᠠᠳᠬᠠᠯ᠎ᠳᠤ ᠣᠷᠣᠯᠴᠠᠭᠰᠠᠨ ᠬᠥᠮᠥᠨ᠎ᠤ ᠲᠣᠭ᠎ᠠ ᠪᠠᠷᠤᠭ 234.94 ᠲᠦᠮᠡ ᠬᠦᠷᠴᠦ 12490 ᠤᠳᠠᠭ᠎ᠠ ᠲᠥᠯᠥᠪᠦᠷᠢ ᠥᠭᠭᠦᠭᠰᠡᠨ ᠪᠦᠬᠡᠳ ᠨᠠᠰᠤᠲᠠᠢ᠌ᠴᠤᠳ᠎ᠤᠨ ᠡᠨᠳᠡᠯ᠎ᠤᠨ ᠰᠢᠷᠬᠠᠲᠤᠯ᠎ᠤᠨ ᠠᠵᠤ ᠠᠬᠤᠢ ᠵᠢᠨ ᠲᠦᠭᠰᠢᠭᠦᠷᠢ ᠵᠢ ᠪᠦᠲᠦᠮᠵᠢᠲᠡᠶ ᠪᠠᠭᠤᠷᠠᠭᠤᠯᠵᠤ ᠵᠠᠰᠠᠭ᠎ᠤᠨ ᠣᠷᠳᠣᠨ᠎ᠤ ᠦᠨᠳᠦᠰᠦᠨ ᠪᠠᠳᠤᠯᠠᠭ᠎ᠠ ᠵᠢᠨ ᠦᠢ᠍ᠯᠡᠳᠦᠯ᠎ᠢ ᠬᠦᠢ᠍ᠴᠡᠳ ᠪᠠᠳᠠᠷᠠᠭᠤᠯᠵᠠᠢ᠃
ᠨᠢᠬᠦᠯᠡᠰᠤᠡᠭᠬᠦᠢ ᠵᠢᠨ ᠦᠢ᠍ᠯᠡᠰ
2024 ᠣᠨ᠎ᠳᠤ ᠠᠯᠠᠱ᠌ᠠ ᠠᠢ᠌ᠮᠠᠭ᠎ᠤᠨ ᠠᠰᠠᠷᠠᠮᠵᠢ ᠵᠢᠨ ᠱᠠᠩᠨᠠᠯᠲᠤ ᠰᠤᠭᠤᠯᠤᠭ᠎ᠠ ᠵᠢᠨ ᠲᠥᠪ᠎ᠤᠨ᠎ᠬᠢᠨ ᠵᠠᠮ ᠰᠤᠪᠠᠭ᠎ᠤᠨ ᠪᠦᠲᠦᠭᠡᠨ ᠪᠠᠢ᠌ᠭᠤᠯᠤᠯᠲᠠ᠂ ᠡᠵᠡᠩᠨᠡᠨ ᠪᠣᠷᠣᠯᠠᠭᠤᠯᠤᠯᠲᠠ ᠵᠢᠨ ᠤᠬᠠᠭᠤᠯᠭ᠎ᠠ᠂ ᠪᠠᠷᠢᠮᠵᠢᠶᠠᠵᠢᠭᠤᠯᠤᠯᠲᠠ ᠵᠢᠨ ᠪᠦᠲᠦᠭᠡᠨ ᠪᠠᠢ᠌ᠭᠤᠯᠤᠯᠲᠠ᠂ 《ᠤᠬᠠᠭᠤᠯᠤᠨ ᠪᠣᠷᠣᠯᠠᠭᠤᠯᠬᠤ ᠵᠢ ᠨᠢᠭᠡ ᠴᠣᠭᠴᠠᠵᠢᠭᠤᠯᠬᠤ》 ᠪᠦᠲᠦᠭᠡᠨ ᠪᠠᠢ᠌ᠭᠤᠯᠤᠯᠲᠠ ᠵᠡᠷᠭᠡ ᠲᠠᠯ᠎ᠠ᠎ᠪᠠᠷ ᠰᠢᠨ᠎ᠡ ᠠᠷᠭ᠎ᠠ ᠤᠬᠠᠭ᠋ᠠᠨ ᠭᠠᠷᠭ᠋ᠠᠵᠤ ᠪᠣᠳᠠᠲᠤ ᠦᠷ᠎ᠡ ᠪᠦᠲᠦᠮᠵᠢ ᠵᠢ ᠡᠷᠬᠢᠮᠯᠡᠬᠦ᠎ᠪᠠᠷ ᠬᠦᠴᠦᠯᠡᠨ ᠴᠢᠷᠮᠠᠢ᠌ᠵᠤ ᠪᠢᠯᠧᠲ ᠵᠶ᠋ᠡᠷ ᠨᠥᠬᠥᠪᠦᠷᠢ ᠪᠣᠯᠭ᠋ᠠᠵᠤ᠂ ᠺᠢᠨᠤᠤ ᠮᠠᠶᠢᠭ᠎ᠤᠨ ᠲᠣᠭᠯᠠᠭ᠋ᠠᠮ ᠵᠶ᠋ᠠᠷ ᠰᠢᠨ᠎ᠡ ᠨᠡᠮᠡᠭᠳᠡᠯ᠎ᠤᠨ ᠴᠡᠭ ᠪᠣᠯᠭ᠋ᠠᠭᠰᠠᠨ ᠪᠣᠷᠤᠯᠠᠭᠤᠯᠭ᠎ᠠ ᠵᠢᠨ ᠪᠠᠢ᠌ᠷᠢᠰᠢᠯ᠎ᠢ ᠲᠣᠭᠲᠠᠭ᠋ᠠᠨ ᠪᠥᠬᠥ ᠵᠢᠯ᠎ᠳᠤ 8363 ᠲᠦᠮᠡᠨ ᠲᠥᠭᠥᠷᠢᠭ ᠪᠣᠷᠣᠯᠠᠭᠤᠯᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 1320 ᠲᠦᠮᠡᠨ ᠲᠥᠭᠥᠷᠢᠭ ᠨᠡᠮᠡᠭᠳᠡᠨ᠂ ᠨᠡᠮᠡᠭᠳᠡᠯ᠎ᠤᠨ ᠬᠡᠮᠵᠢᠶ᠎ᠡ᠎ᠨᠢ 18.75% ᠪᠤᠯᠪᠠ᠃