ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ1.15
ᠨᠡᠶᠢᠲᠡᠯᠡᠭᠰᠡᠨ ᠴᠠᠭ᠄ 2025-01-15

ᠴᠢᠬᠤᠯᠠ ᠮᠡᠳᠡᠭᠡ


    ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ ᠣᠨᠣᠯ᠎ᠤᠨ ᠰᠤᠷᠤᠯᠴᠠᠯᠭ᠎ᠠ ᠵᠢᠨ ᠭᠣᠣᠯ ᠳᠤᠭᠤᠢ᠌ᠯᠠᠩ (ᠥᠷᠭᠡᠳᠬᠡᠭᠰᠡᠨ)᠎ᠤᠨ᠎ᠬᠢᠨ ᠤᠷᠴᠢᠮ᠎ᠳᠤ ᠬᠤᠷᠠᠯ ᠬᠤᠷᠠᠯᠳᠤᠭᠤᠯᠵᠤ᠄ 《ᠨᠠᠮ᠎ᠤᠨ ᠰᠠᠬᠢᠯᠭ᠎ᠠ ᠵᠢᠨ ᠰᠤᠷᠤᠯᠴᠠᠯᠭ᠎ᠠ ᠬᠥᠮᠦᠵᠢᠯ᠎ᠢ ᠪᠠᠢ᠌ᠩᠭᠤᠵᠢᠭᠤᠯᠬᠤ ᠪᠠ ᠣᠷᠳᠣ ᠬᠤᠭᠤᠴᠠᠭ᠎ᠠ᠎ᠪᠠᠷ ᠪᠦᠲᠦᠮᠵᠢᠲᠡᠶ ᠪᠣᠯᠭ᠋ᠠᠬᠤ ᠵᠢ ᠠᠬᠢᠭᠤᠯᠬᠤ᠎ᠪᠠᠷ ᠭᠣᠣᠯᠳᠠᠭᠤᠯᠤᠨ  ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠨᠠᠮ᠎ᠤᠨ ᠰᠠᠬᠢᠯᠭ᠎ᠠ ᠵᠢᠨ ᠪᠠᠢ᠌ᠭᠤᠯᠤᠯᠲᠠ ᠵᠢ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠬᠤ ᠵᠢ ᠭᠦᠨᠵᠡᠭᠡᠢ ᠥᠷᠨᠢᠭᠦᠯᠬᠦ ᠲᠡᠢ᠌ᠰᠢ ᠬᠥᠲᠥᠯᠵᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠰᠠᠢ᠌ᠲᠤᠷ ᠬᠤᠷᠠᠯᠳᠤᠭᠤᠯᠬᠤ᠎ᠳᠤ ᠦᠵᠡᠯ ᠰᠠᠨᠠᠭ᠋ᠠᠨ᠎ᠤ ᠰᠠᠭᠤᠷᠢ ᠵᠢ ᠪᠠᠲᠤ ᠲᠠᠯᠪᠢᠬᠤ ᠬᠡᠷᠡᠭᠳᠡᠢ》 ᠬᠡᠵᠡᠢ᠃ ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠶᠠᠮᠤᠨ᠎ᠤ ᠰᠠᠢ᠌ᠳ ᠯᠦ᠍ ᡁᠢ ᠶᠤᠸᠠᠨ ᠬᠤᠷᠠᠯ ᠡᠷᠭᠢᠯᠡᠪᠡ᠃


ᠠᠷᠠᠳ᠎ᠤᠨ ᠶᠠᠪᠤᠳᠠᠯ᠎ᠤᠨ ᠶᠠᠮᠤᠨ


     ᠳᠤᠮᠳᠠᠳᠤ ᠤᠯᠤᠰ᠎ᠤᠨ ᠵᠡᠮᠳᠡᠭᠴᠦᠳ᠎ᠤᠨ ᠬᠣᠯᠪᠣᠭ᠎ᠠ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠬᠣᠷᠢᠶ᠎ᠠ᠂ ᠠᠷᠠᠳ᠎ᠤᠨ ᠶᠠᠪᠤᠳᠠᠯ᠎ᠤᠨ ᠶᠠᠮᠤᠨ ᠵᠡᠷᠭᠡ 9 ᠰᠠᠯᠠᠭ᠎ᠠ ᠮᠥᠴᠢᠷ᠎ᠤᠨ᠎ᠬᠢᠨ ᠤᠷᠴᠢᠮ᠎ᠳᠤ ᠬᠠᠮᠲᠤᠷᠠᠨ 《ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠵᠡᠮᠳᠡᠭᠴᠦᠳ᠎ᠢ ᠲᠤᠰᠠᠯᠠᠬᠤ ᠲᠤᠬᠠᠢ ᠵᠢᠯᠤᠭᠣᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠪᠠ᠃ 《ᠰᠠᠨᠠᠯ》᠎ᠳᠤ ᠵᠡᠮᠳᠡᠭᠴᠦᠳ᠎ᠢ ᠲᠤᠰᠠᠯᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠤᠨ ᠨᠡᠭᠡᠭᠡᠬᠦ ᠡᠷᠴᠢᠮ᠎ᠢ ᠴᠢᠩᠭ᠋ᠠᠷᠠᠭᠤᠯᠵᠤ᠂ ᠰᠢᠯᠢᠳᠡᠭ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠠᠩᠭ᠋ᠠᠯᠭ᠎ᠠ ᠵᠢ ᠨᠡᠮᠡᠭᠳᠡᠭᠦᠯᠬᠦ᠎ᠪᠠᠷ ᠭᠣᠣᠯᠳᠠᠭᠤᠯᠪᠠ᠃ ᠵᠡᠮᠳᠡᠭᠴᠦᠳ᠎ᠢ ᠲᠤᠰᠠᠯᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠤᠨ ᠬᠡᠷᠡᠭᠯᠡᠬᠦ ᠵᠢ ᠲᠦᠷᠭᠡᠳᠬᠡᠵᠦ᠂ ᠰᠢᠨᠵᠢᠯᠡᠬᠦ ᠤᠬᠠᠭ᠋ᠠᠨ ᠮᠡᠷᠭᠡᠵᠢᠯ ᠬᠢᠭᠡᠳ ᠵᠡᠮᠳᠡᠭᠴᠦᠳ᠎ᠤᠨ ᠠᠵᠢᠯ ᠦᠢ᠍ᠯᠡᠰ᠎ᠤᠨ ᠭᠦᠨᠵᠡᠭᠡᠢ ᠠᠭᠤᠰᠤᠯᠴᠠᠬᠤ ᠵᠢ ᠠᠬᠢᠭᠤᠯᠤᠨ᠎ᠠ᠃ ᠵᠡᠮᠳᠡᠭᠴᠦᠳ᠎ᠢ ᠲᠤᠰᠠᠯᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠴᠦᠨ᠎ᠢ ᠨᠢᠭᠲᠠᠷᠠᠭᠤᠯᠤᠨ ᠪᠤᠵᠠᠭ᠋ᠠᠢ᠌ᠷᠠᠭᠤᠯᠵᠤ᠂ ᠰᠢᠨ᠎ᠡ ᠵᠢ ᠡᠭᠦᠳᠬᠦ  ᠬᠠᠮ ᠬᠦᠴᠦᠨ᠎ᠢ ᠪᠦᠷᠢᠯᠳᠦᠭᠦᠯᠬᠦ ᠵᠢ ᠵᠡᠮᠳᠡᠭᠴᠦᠳ᠎ᠢ ᠲᠤᠰᠠᠯᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠣᠷᠴᠢᠨ ᠨᠥᠬᠥᠴᠡᠯ᠎ᠢ ᠰᠢᠯᠢᠳᠡᠭᠵᠢᠭᠦᠯᠵᠦ᠂ ᠰᠢᠨ᠎ᠡ ᠵᠢ ᠡᠭᠦᠳᠬᠦ ᠰᠠᠢ᠌ᠨ ᠰᠠᠢ᠌ᠬᠠᠨ ᠠᠮᠢ ᠠᠬᠤᠢ ᠵᠢ ᠪᠠᠶ᠋ᠢᠭᠤᠯᠬᠤ ᠵᠡᠷᠭᠡ ᠲᠠᠯ᠎ᠠ᠎ᠪᠠᠷ ᠡᠭᠦᠷᠭᠡ ᠵᠢᠨ ᠪᠠᠢ᠌ᠷᠢᠯᠠᠭᠤᠯᠪᠠ᠃


ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ


   ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ 2025 ᠣᠨ᠎ᠤ 〈ᠴᠠᠭ᠋ᠠᠨ ᠰᠠᠷ᠎ᠠ ᠬᠡᠷᠡᠭᠯᠡᠭᠡ᠎ᠪᠠᠷ ᠲᠡᠳᠬᠦᠬᠦ ᠠᠵᠢᠯᠯᠠᠭ᠎ᠠ〉᠎ᠳᠤ ᠣᠷᠣᠯᠴᠠᠬᠤ ᠵᠢ ᠵᠢᠯᠤᠭᠣᠳᠬᠤ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ ᠬᠤᠳᠠ ᠵᠢᠨ ᠲᠤᠰ ᠱᠠᠲᠤᠨ᠎ᠤ ᠡᠯ᠎ᠡ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠡᠯ᠎ᠡ ᠠᠵᠢᠯ ᠲᠦᠷᠦᠯ᠎ᠤᠨ ᠬᠡᠷᠡᠭᠯᠡᠭᠡᠨ᠎ᠤ ᠳᠠᠯᠳᠠ ᠬᠦᠴᠦᠨ᠎ᠢ ᠭᠦᠢ᠍ᠴᠡᠳ ᠠᠭᠤᠳᠠᠯᠬᠤ ᠵᠢ ᠢᠳᠡᠪᠬᠢᠲᠡᠢ ᠵᠢᠯᠤᠭᠣᠳᠴᠤ᠂ 2025 ᠣᠨ᠎ᠤ ᠴᠠᠭ᠋ᠠᠨ ᠰᠠᠷ᠎ᠠ᠂ ᠥᠯᠵᠡᠢ᠌ᠲᠦ ᠡᠳᠦᠷ᠎ᠤᠨ ᠪᠠᠶᠠᠷ ᠵᠡᠷᠭᠡ ᠬᠡᠷᠡᠭᠯᠡᠭᠡᠨ᠎ᠤ ᠬᠥᠭᠵᠢᠶᠡᠨᠲᠡᠢ ᠤᠯᠠᠷᠢᠯ᠎ᠢ ᠠᠮᠵᠢᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠢᠳᠡᠪᠬᠢ ᠦᠢ᠍ᠯᠡᠳᠦᠯ᠎ᠢ  ᠪᠠᠳᠠᠷᠠᠭᠤᠯᠬᠤ᠎ᠪᠠᠷ ᠪᠠᠢ᠌ᠨ᠎ᠠ᠃ ᠡᠯ᠎ᠡ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠨᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠦᠢ᠍ᠯᠡᠴᠢᠯᠡᠭᠡᠨ᠎ᠤ ᠲᠠᠪᠴᠠᠩ》᠎ᠳᠤ ᠲᠦᠰᠢᠭᠯᠡᠬᠦ ᠵᠢ ᠴᠢᠬᠤᠯᠠᠴᠢᠯᠠᠵᠤ ᠡᠮᠬᠢᠯᠡᠨ ᠳ᠋ᠦᠩᠨᠡᠬᠦ ᠪᠠ ᠲᠣᠭ᠎ᠠ ᠪᠠᠷᠢᠮᠲᠠ ᠵᠢ ᠪᠦᠷᠢᠳᠬᠡᠬᠦ᠂ ᠠᠭᠤᠳᠠᠯᠤᠨ ᠢᠯᠡᠷᠡᠭᠦᠯᠬᠦ ᠠᠵᠢᠯ᠎ᠤᠨ ᠳᠤᠮᠳᠠᠬᠢ ᠬᠡᠷᠡᠭᠵᠢᠭᠦᠯᠵᠦ ᠪᠣᠯᠬᠤ᠂ ᠪᠣᠳᠠᠲᠠᠢ᠎ᠳᠤ ᠨᠠᠢ᠌ᠳᠠᠪᠤᠷᠢᠵᠢᠭᠤᠯᠵᠤ ᠪᠣᠯᠬᠤ᠂ ᠪᠣᠳᠠᠲᠤ ᠦᠷ᠎ᠡ ᠪᠦᠲᠦᠮᠵᠢ ᠣᠯᠬᠤ ᠪᠣᠳᠠᠲᠠᠢ ᠵᠢ ᠡᠷᠬᠢᠮᠯᠡᠬᠦ ᠴᠢᠨᠠᠷᠲᠠᠢ ᠠᠷᠭ᠎ᠠ ᠵᠢ ᠰᠠᠢ᠌ᠲᠤᠷ ᠬᠢᠵᠦ ᠬᠡᠷᠡᠭᠯᠡᠭᠡ᠎ᠪᠠᠷ ᠲᠡᠳᠬᠦᠬᠦ ᠰᠢᠨ᠎ᠡ ᠠᠷᠭ᠎ᠠ ᠵᠠᠮ᠂ ᠰᠢᠨ᠎ᠡ ᠵᠠᠭᠪᠤᠷ᠎ᠢ ᠡᠭᠦᠳᠬᠦ᠎ᠪᠠᠷ ᠢᠳᠡᠪᠬᠢᠲᠡᠢ ᠰᠦᠪᠡᠭᠴᠢᠯᠡᠬᠦ ᠪᠤᠯᠤᠨ᠎ᠠ᠃


ᠨᠡᠢ᠌ᠭᠡᠮ᠎ᠤᠨ ᠶᠠᠪᠤᠳᠠᠯ


    ᠬᠢᠩᠭ᠋ᠠᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢ ᠮᠥᠰᠥ ᠴᠠᠰᠤᠨ᠎ᠤ ᠵᠢᠭᠤᠯᠴᠢᠯᠠᠯ᠎ᠲᠠᠢ ᠠᠭᠤᠰᠤᠯᠴᠠᠭᠤᠯᠵᠤ᠂ 《ᠤᠷᠤᠭ᠎ᠤᠨ ᠵᠠᠩᠰᠢᠯ᠎ᠤᠨ ᠰᠢᠨ᠎ᠡ ᠬᠡᠪ ᠰᠤᠷᠲᠠᠯ᠂ ᠬᠢᠩᠭ᠋ᠠᠨ᠎ᠤ᠎ᠬᠢᠨ ᠠᠰᠢᠭ ᠬᠦᠷᠲᠡᠭᠡᠬᠦ》᠎ᠪᠠᠷ ᠭᠣᠣᠯ ᠰᠡᠳᠦᠪ ᠪᠣᠯᠭ᠋ᠠᠭᠰᠠᠨ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠡᠪᠦᠯ᠎ᠤᠨ ᠰᠢᠷᠢᠰ ᠠᠵᠢᠯᠯᠠᠭ᠎ᠠ ᠵᠢ ᠡᠷᠭᠢᠯᠡᠵᠦ 《ᠠᠷᠠᠳ᠎ᠤᠨ ᠶᠠᠪᠤᠳᠠᠯ + ᠵᠢᠭᠤᠯᠴᠢᠯᠠᠯ》᠎ᠤᠨ ᠵᠠᠭᠪᠤᠷ ᠵᠶ᠋ᠠᠷ ᠬᠢᠩᠭ᠋ᠠᠨ ᠠᠢ᠌ᠮᠠᠭ᠎ᠤᠨ ᠡᠪᠦᠯ᠎ᠤᠨ ᠮᠥᠰᠥ ᠴᠠᠰᠤᠨ᠎ᠤ ᠵᠢᠭᠤᠯᠴᠢᠯᠠᠯ᠎ᠳᠤ ᠬᠦᠴᠦ ᠨᠡᠮᠡᠷᠢᠯᠡᠵᠦ᠂ ᠡᠯ᠎ᠡ ᠭᠠᠵᠠᠷ᠎ᠤᠨ 500 ᠭᠠᠷᠤᠢ ᠵᠠᠯᠠᠭᠤᠴᠤᠳ ᠲᠣᠰ ᠠᠵᠢᠯᠯᠠᠭ᠎ᠠ᠎ᠳᠤ ᠣᠷᠣᠯᠴᠠᠭᠰᠠᠨ ᠪᠠᠢ᠌ᠨ᠎ᠠ᠃


ᠨᠠᠰᠤᠵᠢᠯ᠎ᠤᠨ ᠦᠢ᠍ᠯᠡᠴᠢᠯᠡᠭᠡ


    2024 ᠣᠨ᠎ᠳᠤ ᠬᠥᠯᠥᠨ ᠪᠤᠢ᠍ᠢ᠍ᠷ᠎ᠤᠨ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠵᠤᠭ᠋ᠠᠴᠠᠨ ᠰᠠᠭᠤᠬᠤ ᠡᠷᠡᠭᠦᠯ ᠮᠡᠨᠳᠦ ᠵᠢ ᠠᠬᠢᠭᠤᠯᠬᠤ ᠠᠵᠢᠯᠯᠠᠭ᠎ᠠ ᠵᠢ ᠢᠳᠡᠪᠬᠢᠲᠡᠢ ᠥᠷᠨᠢᠭᠦᠯᠵᠦ ᠢᠳᠡᠪᠬᠢᠲᠡᠢ ᠦᠷ᠎ᠡ ᠪᠦᠲᠦᠭᠡᠯ ᠣᠯᠵᠤ᠂ ᠵᠢᠶᠠᠩᠰᠤ ᠮᠤᠵᠢ᠂ ᠬᠠᠢ᠌ᠨᠠᠨ ᠮᠤᠵᠢ ᠵᠡᠷᠭᠡ ᠤᠯᠠᠨ ᠭᠠᠵᠠᠷ ᠣᠷᠣᠨ᠎ᠲᠠᠢ ᠵᠤᠭ᠋ᠠᠴᠠᠨ ᠰᠠᠭᠤᠬᠤ ᠨᠠᠰᠤᠵᠢᠯ᠎ᠤᠨ ᠠᠰᠠᠷᠠᠮᠵᠢ ᠵᠢᠨ ᠬᠠᠮᠲᠤᠷᠠᠯᠴᠠᠭ᠎ᠠ ᠵᠢ ᠪᠠᠢ᠌ᠭᠤᠯᠪᠠ᠃ 4 ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ 《ᠡᠪᠦᠯ᠎ᠤᠨ ᠡᠮᠦᠨ᠎ᠡ ᠭᠠᠵᠠᠷ᠂ ᠵᠤᠨ᠎ᠤ ᠬᠣᠢ᠌ᠲᠤ ᠭᠠᠵᠠᠷ》 ᠵᠤᠭ᠋ᠠᠴᠠᠨ ᠰᠠᠭᠤᠬᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠠᠪᠴᠠᠩ᠎ᠳᠤ ᠣᠷᠣᠵᠤ ᠰᠠᠭᠤᠪᠠ ᠃ ᠵᠢᠭᠤᠯᠴᠢᠯᠠᠯ᠎ᠤᠨ ᠪᠠ ᠨᠠᠰᠤᠵᠢᠯ᠎ᠤᠨ ᠠᠰᠠᠷᠠᠮᠵᠢ ᠵᠢᠨ 2 ᠵᠦᠢ᠍ᠯ᠎ᠤᠨ ᠰᠣᠳᠣᠨ ᠪᠦᠲᠦᠭᠡᠯ᠎ᠤᠨ ᠵᠠᠮ ᠱᠤᠭᠤᠮ᠎ᠢ ᠨᠡᠭᠡᠭᠡᠨ ᠬᠥᠭᠵᠢᠭᠦᠯᠵᠦ᠂ ᠵᠢᠭᠤᠯᠴᠢᠯᠠᠯ᠎ᠤᠨ ᠪᠠ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ 10 ᠴᠢᠨᠠᠷᠵᠢᠭᠤᠨ ᠪᠠᠢ᠌ᠭᠤᠯᠤᠮᠵᠢ ᠵᠢ ᠭᠠᠷᠭ᠋ᠠᠵᠤ᠂ ᠮᠣᠩᠭᠣᠯ ᠡᠮᠨᠡᠯᠭᠡ᠂ ᠵᠢᠭᠤᠯᠴᠢᠯᠠᠯ᠂ ᠠᠷᠠᠳ᠎ᠤᠨ ᠵᠠᠩ ᠦᠢᠯᠡ᠂ ᠰᠣᠶᠣᠯ᠎ᠢ ᠨᠢᠭᠡ ᠴᠣᠭᠴᠠᠵᠢᠭᠤᠯᠤᠭᠰᠠᠨ ᠵᠢᠭᠤᠯᠴᠢᠯᠠᠯ᠎ᠤᠨ ᠪᠠ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠠᠢ᠌ᠷᠢᠰᠢᠯ᠎ᠢ ᠥᠨᠳᠥᠷ ᠪᠠᠷᠢᠮᠵᠢᠶ᠎ᠠ᠎ᠪᠠᠷ ᠠᠬᠢᠭᠤᠯᠪᠠ᠃  ᠪᠦᠬᠦ ᠵᠢᠯ᠎ᠳᠤ ᠡᠷᠡᠭᠦᠯ ᠡᠩᠬᠡ᠎ᠳᠤ ᠰᠠᠭᠤᠵᠤ ᠪᠠᠢ᠌ᠭ᠎ᠠ ᠨᠠᠰᠤᠲᠠᠨ᠎ᠢ ᠨᠡᠶ᠋ᠢᠲᠡ 1.7 ᠲᠦᠮᠡ ᠭᠠᠷᠤᠢ ᠬᠥᠮᠥᠨ ᠤᠳᠠᠭ᠎ᠠ ᠬᠦᠯᠢᠶᠡᠨ ᠠᠪᠴᠤ ᠵᠣᠴᠢᠯᠠᠵᠠᠢ᠃

 






  

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.16
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.17
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.18
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.21
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.22
 
            