ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.21
ᠨᠡᠶᠢᠲᠡᠯᠡᠭᠰᠡᠨ ᠴᠠᠭ᠄ 2025-01-21

ᠨᠡᠢ᠌ᠭᠡᠮ᠎ᠤᠨ ᠲᠤᠰᠠᠯᠠᠮᠵᠢ


   2024 ᠣᠨ᠎ᠳᠤ ᠤᠯᠠᠭ᠋ᠠᠨᠴᠠᠪ᠎ᠤᠨ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠦᠨᠳᠦᠰᠦᠨ ᠠᠮᠢᠳᠤᠷᠠᠯ᠎ᠤᠨ ᠲᠤᠰᠠᠯᠠᠮᠵᠢ᠂ ᠲᠤᠰᠬᠠᠢ ᠲᠦᠷᠦᠯ᠎ᠤᠨ ᠨᠡᠢ᠌ᠭᠡᠮ᠎ᠤᠨ ᠲᠤᠰᠠᠯᠠᠮᠵᠢ᠂ ᠪᠠᠴᠢᠮ ᠬᠦᠴᠢᠷᠳᠡᠯᠲᠡᠢ ᠨᠡᠢ᠌ᠭᠡᠮ᠎ᠤᠨ  ᠲᠤᠰᠠᠯᠠᠮᠵᠢ᠎ᠪᠠᠷ ᠭᠣᠣᠯ ᠪᠣᠯᠭ᠋ᠠᠭᠰᠠᠨ᠂ ᠨᠡᠢ᠌ᠭᠡᠮ᠎ᠤᠨ ᠬᠦᠴᠦᠨ᠎ᠤ ᠣᠷᠤᠯᠴᠠᠯᠭ᠎ᠠ᠎ᠪᠠᠷ ᠨᠥᠬᠥᠪᠦᠷᠢ ᠪᠣᠯᠭ᠋ᠠᠭᠰᠠᠨ ᠲᠡᠰ ᠲᠦᠷᠦᠯ ᠬᠤᠪᠢᠶᠠᠭᠰᠠᠨ ᠨᠡᠢ᠌ᠭᠡᠮ᠎ᠤᠨ ᠲᠤᠰᠠᠯᠠᠮᠵᠢ ᠵᠢᠨ ᠰᠢᠰᠲᠸᠮ᠎ᠢ ᠦᠷᠭᠦᠯᠵᠢᠯᠡᠨ ᠲᠡᠬᠦᠯᠳᠡᠷᠵᠢᠬᠦᠯᠪᠡ᠃ 《ᠪᠡᠯᠡ ᠮᠥᠩᠭᠥ +  ᠪᠣᠳᠠᠰ + ᠦᠢ᠍ᠯᠡᠴᠢᠯᠡᠭᠡ》 ᠵᠢᠨ ᠲᠤᠰᠠᠯᠠᠮᠵᠢ ᠵᠢᠨ ᠵᠠᠭᠪᠤᠷ᠎ᠢ ᠢᠳᠡᠪᠬᠢᠲᠡᠢ᠎ᠪᠠᠷ ᠳᠡᠯᠭᠡᠷᠡᠭᠦᠯᠵᠦ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠴᠤ ᠦᠭᠭᠦ᠎ᠪᠠᠷ ᠳᠠᠮᠵᠢᠭᠤᠯᠤᠨ ᠲᠠᠷᠠᠬᠠᠢ ᠠᠰᠠᠷᠠᠨ ᠲᠡᠵᠢᠭᠡᠵᠦ ᠪᠠᠢ᠌ᠭ᠎ᠠ ᠣᠨᠴᠠ ᠬᠦᠴᠢᠷᠳᠡᠯᠲᠡᠢ ᠬᠥᠮᠥᠰ ᠪᠠ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠭᠥᠷᠳᠡᠵᠦ ᠪᠠᠢ᠌ᠭ᠎ᠠ᠂ ᠣᠷᠣᠯᠭ᠎ᠠ ᠪᠠᠭ᠎ᠠ ᠭᠡᠷ ᠪᠦᠯᠢ ᠵᠢᠨ ᠠᠮᠢᠳᠤᠷᠠᠯ᠎ᠳᠤ᠎ᠪᠠᠨ ᠵᠦᠪ ᠦᠬᠡᠢ ᠨᠠᠰᠤᠲᠠᠢ᠌ᠴᠤᠳ᠂ ᠨᠠᠰᠤᠨ᠎ᠳᠤ ᠥᠯᠥ ᠬᠦᠷᠦᠭᠰᠡᠳ᠂ ᠵᠡᠮᠳᠡᠭᠴᠦᠳ᠎ᠲᠤ ᠴᠢᠬᠤᠯᠠ ᠪᠦᠬᠦᠢ ᠰᠤᠷᠪᠤᠯᠵᠢᠯᠠᠨ ᠦᠵᠡᠵᠦ ᠬᠠᠷᠠᠭ᠋ᠠᠯᠵᠠᠬᠤ᠂ ᠲᠠᠢ᠌ᠳᠬᠤᠷᠠᠭᠤᠯᠬᠤ ᠵᠡᠷᠭᠡ ᠦᠢ᠍ᠯᠡᠴᠢᠯᠡᠭᠡ ᠬᠠᠩᠭ᠋ᠠᠵᠤ᠂ ᠪᠥᠬᠥ ᠵᠢᠯ᠎ᠳᠤ ᠬᠦᠴᠢᠷᠳᠡᠯᠲᠡᠢ ᠣᠯᠠᠨ ᠲᠦᠮᠡᠨ᠎ᠳᠤ ᠨᠡᠶ᠋ᠢᠲᠡ 5 ᠲᠦᠮᠡ ᠭᠠᠷᠤᠢ ᠬᠥᠮᠥᠨ ᠤᠳᠠᠭ᠎ᠠ ᠠᠰᠢᠭ ᠬᠦᠷᠲᠡᠭᠡᠪᠡ᠃


ᠨᠠᠰᠤᠵᠢᠯ᠎ᠤᠨ ᠦᠢ᠍ᠯᠡᠴᠢᠯᠡᠭᠡ


    ᠪᠤᠭᠤᠲᠤ ᠬᠣᠲᠠ ᠵᠢᠨ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ 《ᠬᠠᠭᠤᠴᠢᠨ ᠵᠢᠯ ᠵᠶ᠋ᠡᠨ ᠦᠳᠡᠵᠦ ᠰᠢᠨ᠎ᠡ ᠵᠢᠯ ᠵᠶ᠋ᠡᠨ ᠤᠭᠲᠤᠬᠤ》 ᠨᠠᠰᠤᠲᠠᠢ᠌ᠴᠤᠳ᠎ᠢ ᠲᠤᠰᠠᠯᠠᠬᠤ ᠠᠵᠢᠯᠯᠠᠭ᠎ᠠ ᠥᠷᠨᠢᠭᠦᠯᠵᠦ᠂ 60 ᠪᠦᠬᠦᠯᠢ 60 ᠨᠠᠰᠤᠨ᠎ᠠᠴᠠ ᠳᠡᠭᠡᠭᠰᠢᠬᠢ ᠨᠠᠰᠤᠲᠠᠢ᠌ᠴᠤᠳ᠂ ᠢᠯᠠᠩᠭᠤᠶ᠎ᠠ ᠦᠳᠡᠬᠦᠰ᠂ ᠥᠨᠥᠴᠢᠨ ᠪᠡᠯᠪᠡᠰᠦᠨ᠂ ᠬᠡᠷ᠎ᠤᠨ ᠮᠤᠬᠤᠷ ᠰᠠᠬᠢᠬᠰᠠᠨ᠂ ᠣᠨᠴᠠ ᠬᠦᠴᠢᠷᠳᠡᠯᠲᠡᠢ ᠬᠥᠮᠥᠰ᠎ᠲᠤ ᠪᠡᠶ᠎ᠡ ᠤᠬᠢᠶᠠᠬᠤ᠂ ᠬᠡᠵᠢᠬᠡ ᠵᠠᠰᠠᠬᠤ ᠦᠢ᠍ᠯᠡᠴᠢᠯᠡᠭᠡ  ᠬᠠᠡᠭᠭ᠋ᠠᠪᠠ᠃ ᠠᠵᠢᠯᠯᠠᠭ᠎ᠠ ᠵᠢᠨ ᠲᠤᠬᠠᠢ ᠵᠢᠨ ᠲᠠᠯᠠᠪᠤᠷ᠎ᠲᠤ 《ᠰᠢᠨ᠎ᠡ ᠵᠢᠯ᠎ᠤᠨ ᠭᠣᠢ᠌ᠳᠠ ᠰᠠᠢ᠌ᠬᠠᠨ᠂ ᠤᠷᠠᠨ ᠠᠷᠭ᠎ᠠ᠎ᠪᠠᠷ ᠪᠠᠶᠠᠷ᠎ᠤᠨ ᠡᠳᠦᠷ᠎ᠢ ᠥᠩᠭᠡᠷᠡᠭᠦᠯᠬᠦ》 ᠪᠦᠲᠦᠭᠡᠯᠴᠢ DIY ᠠᠵᠢᠯᠯᠠᠭ᠎ᠠ ᠵᠢ ᠵᠡᠷᠬᠡ᠎ᠪᠠᠷ ᠥᠷᠨᠢᠭᠦᠯᠵᠦ᠂ ᠨᠠᠰᠤᠲᠠᠢ᠌ᠴᠤᠳ᠎ᠤᠨ ᠣᠶᠤᠨ᠎ᠤ ᠠᠮᠢᠳᠤᠷᠠᠯ᠎ᠢ ᠪᠠᠶᠠᠯᠢᠭᠵᠢᠭᠤᠯᠤᠨ᠂ ᠪᠠᠶᠠᠷ ᠬᠥᠷ᠎ᠲᠠᠢ ᠥᠯᠵᠡᠢ ᠪᠡᠯᠭᠡ᠎ᠲᠠᠢ ᠪᠠᠶᠠᠷ᠎ᠤᠨ ᠡᠳᠦᠷ᠎ᠤᠨ ᠠᠭᠤᠷ ᠠᠮᠢᠰᠬᠤᠯ᠎ᠢ ᠪᠣᠶ ᠪᠣᠯᠭ᠋ᠠᠪᠠ᠃ ᠣᠲᠣ ᠪᠣᠯᠲᠠᠯ᠎ᠠ᠂ ᠪᠥᠬᠥ ᠬᠣᠲᠠ᠎ᠳᠤ ᠨᠢᠭᠡᠨᠲᠡ 100 ᠤᠳᠠᠭ᠎ᠠ ᠵᠢᠨ ᠬᠠᠢ᠌ᠷ᠎ᠠ ᠬᠠᠯᠠᠮᠵᠢ ᠵᠢᠨ ᠤᠬᠢᠶᠠᠯᠭ᠎ᠠ ᠵᠢ ᠥᠷᠨᠢᠭᠦᠯᠵᠦ᠂ ᠨᠠᠰᠤᠲᠠᠢ᠌ᠴᠤᠳ᠎ᠢ ᠬᠡᠵᠢᠬᠡ ᠦᠰᠤ ᠵᠢ 700 ᠢᠯᠡᠬᠦᠤ ᠤᠳᠠᠭ᠎ᠠ ᠵᠠᠰᠠᠵᠤ ᠦᠭᠴᠡᠢ᠃


  ᠨᠢᠬᠦᠯᠡᠰᠤᠡᠭᠭᠦᠢ ᠵᠢᠨ ᠦᠢ᠍ᠯᠡᠰ


   ᠳᠤᠮᠳᠠᠳᠤ ᠤᠯᠤᠰ᠎ᠤᠨ ᠨᠡᠢ᠌ᠭᠡᠮ᠎ᠤᠨ ᠪᠠᠲᠤᠯᠠᠭ᠎ᠠ ᠵᠢᠨ ᠨᠡᠢ᠌ᠭᠡᠮᠯᠢᠭ ᠪᠣᠯᠣᠨ ᠲᠧᠩ ᠰᠢᠶᠦ᠋ᠨ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠢ ᠵᠢᠨ ᠰᠠᠭᠤᠷᠢ ᠮᠥᠩᠭᠥᠨ᠎ᠤ ᠨᠡᠢ᠌ᠭᠡᠮᠯᠢᠭ᠎ᠤᠨ᠎ᠬᠢᠨ ᠨᠢᠭᠲᠠ ᠬᠠᠮᠲᠤᠷᠠᠯᠴᠠᠵᠤ᠂ 2023 ᠣᠨ᠎ᠤ 12 ᠳ᠋ᠤᠭ᠋ᠠᠷ ᠰᠠᠷ᠎ᠠ᠎ᠳᠤ ᠨᠡᠢ᠌ᠭᠡᠮ ᠲᠣᠭᠣᠷᠢᠭ᠎ᠤᠨ ᠨᠢᠭᠦᠯᠡᠰᠦᠩᠭᠦᠢ ᠵᠢᠨ ᠲᠤᠷᠰᠢᠯᠲᠠ ᠵᠢᠨ ᠵᠦᠢ᠍ᠯᠡᠰ᠎ᠢ ᠡᠬᠢᠯᠡᠬᠦᠯᠪᠡ᠃ 2024 ᠣᠨ᠎ᠤ ᠡᠴᠦᠰ ᠪᠣᠯᠲᠠᠯ᠎ᠠ ᠲᠣᠰ ᠲᠥᠷᠥᠯ ᠵᠦᠢ᠍ᠯ᠎ᠢ ᠨᠢᠭᠡᠨᠲᠡ ᠪᠡᠭᠡᠵᠢᠩ᠂ ᠱᠠᠩᠬᠠᠢ᠂ ᠭᠤᠸᠠᠡᠭᠵᠸᠤ᠂ ᠱᠧᠨᠵᠧᠨ᠂ ᠬᠠᠩᠵᠧᠦ᠂ ᠦᠬᠠᠨ᠂ ᠴᠧᠩᠳᠦ᠋᠂ ᠸᠸᠨᠵᠸᠤ᠂ ᠱᠣᠤᠰᠢᠩ᠂ ᠯᠧᠦ ᠳ᠋ᠢ᠂ ᠴᠠᠩᠱ᠌ᠠ ᠵᠢᠨ ᠨᠢᠩᠰᠢᠶᠠᠩ ᠬᠣᠲᠠ᠂ ᠵᠢᠦᠴᠢᠦᠸᠠᠨ ᠵᠡᠷᠭᠡ 12 ᠭᠠᠵᠠᠷ ᠣᠷᠣᠨ᠎ᠳᠤ ᠲᠤᠷᠰᠢᠯᠲᠠ ᠬᠢᠭᠰᠡᠨ ᠪᠠᠢ᠌ᠨ᠎ᠠ᠃

 

 


   

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.22
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.23
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.24
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.26
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.27
 
            