ᠠᠷᠠᠳ᠎ᠤᠨ ᠶᠠᠪᠤᠳᠠᠯ᠎ᠤᠨ ᠶᠠᠮᠤᠨ
ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ᠎ᠤᠨ᠎ᠬᠢᠨ ᠤᠷᠴᠢᠮ᠎ᠳᠤ 《ᠪᠥᠬᠥ ᠤᠯᠤᠰ᠎ᠤᠨ ᠴᠢᠨᠠᠷᠲᠠᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠪᠣᠯᠪᠠᠰᠤᠷᠠᠯ᠎ᠤᠨ ᠭᠤᠷᠪᠠᠨ ᠵᠢᠯ᠎ᠤᠨ ᠠᠵᠢᠯᠯᠠᠭ᠋ᠠᠨ᠎ᠤ ᠲᠥᠰᠥᠯ (2025 — 2027 ᠣᠨ)》᠎ᠢ ᠳᠠᠷᠤᠮᠠᠯᠯᠠᠨ ᠲᠠᠷᠬᠠᠭ᠋ᠠᠪᠠ᠃ 《ᠲᠥᠰᠥᠯ》᠎ᠳᠤ᠄ 《2027 ᠣᠨ ᠪᠣᠯᠬᠤ᠎ᠳᠤ ᠪᠥᠬᠥ ᠤᠯᠤᠰ᠎ᠤᠨ ᠴᠢᠨᠠᠷᠲᠠᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠰᠤᠷᠭ᠋ᠠᠨ ᠬᠥᠮᠦᠵᠢᠯ ᠪᠣᠯᠪᠠᠰᠤᠷᠠᠯ᠎ᠨᠢ ᠨᠠᠩ ᠪᠦᠷᠢᠨ ᠲᠡᠭᠦᠯᠳᠡᠷ ᠬᠢᠴᠢᠶᠡᠯ᠎ᠤᠨ ᠰᠢᠰᠲ᠋ᠧᠮ᠂ ᠨᠠᠩ ᠰᠢᠯᠢᠳᠡᠭ ᠪᠠᠭᠰᠢ ᠵᠢᠨ ᠡᠩᠨᠡᠭᠡ᠂ ᠨᠠᠩ ᠪᠦᠲᠦᠮᠵᠢᠲᠡᠶ ᠵᠢᠭ᠋ᠠᠨ ᠰᠤᠷᠭ᠋ᠠᠯᠲᠠ ᠵᠢᠨ ᠠᠷᠭ᠎ᠠ᠂ ᠨᠠᠩ ᠭᠦᠢ᠍ᠴᠡᠳ ᠵᠢᠭ᠋ᠠᠨ ᠰᠤᠷᠭ᠋ᠠᠯᠲᠠ ᠵᠢᠨ ᠪᠠᠲᠤᠯᠠᠭ᠎ᠠ ᠵᠢ ᠪᠦᠷᠢᠯᠳᠤᠬᠦᠯᠤᠨ᠎ᠡ᠃ ᠠᠵᠢᠯᠯᠠᠵᠤ ᠪᠠᠢ᠌ᠭ᠎ᠠ ᠬᠥᠮᠥᠰ᠎ᠤᠨ ᠦᠵᠡᠯ ᠰᠠᠨᠠᠭ᠎ᠠ ᠤᠯᠤᠰ ᠲᠥᠷᠥ ᠵᠢᠨ ᠬᠡᠪ ᠴᠢᠨᠠᠷ᠎ᠢ ᠪᠦᠬᠦᠯᠢ ᠴᠣᠭᠴᠠ᠎ᠪᠠᠷ᠎ᠨᠢ ᠳᠡᠭᠡᠭᠰᠢᠯᠡᠭᠦᠯᠵᠦ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ ᠪᠠ ᠲᠤᠬᠠᠢ᠌ᠯᠠᠭᠰᠠᠨ ᠠᠵᠢᠯ᠎ᠤᠨ ᠲᠦᠪᠰᠢᠨ᠎ᠢ ᠢᠯᠡᠳᠲᠡ ᠳᠡᠭᠡᠭᠰᠢᠯᠡᠭᠦᠯᠦᠨ᠂ ᠪᠥᠬᠥ ᠤᠯᠤᠰ᠎ᠤᠨ ᠴᠢᠨᠠᠷᠲᠠᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠥᠭᠵᠢᠯᠲᠡ᠎ᠯᠦᠭᠡ ᠵᠣᠬᠢᠴᠠᠯᠳᠤᠭᠰᠠᠨ ᠬᠥᠮᠦᠵᠢᠯ ᠪᠣᠯᠪᠠᠰᠤᠷᠠᠯ᠎ᠤᠨ ᠰᠢᠰᠲᠸᠮ᠎ᠢ ᠦᠨᠳᠦᠰᠦᠨ᠎ᠳᠤ᠎ᠪᠠᠨ ᠪᠠᠢ᠌ᠭᠤᠯᠤᠨ᠎ᠠ》 ᠭᠡᠵᠤ ᠲᠤᠬᠳᠠᠭ᠋ᠠᠵᠠᠢ᠃
ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ
2024 ᠣᠨ᠎ᠳᠤ ᠰᠢᠯᠢ ᠵᠢᠨ ᠭᠣᠣᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠨᠠᠮ᠎ᠤᠨ ᠪᠠᠢ᠌ᠭᠤᠯᠤᠯᠲᠠ᠎ᠪᠠᠷ ᠳᠠᠭ᠋ᠠᠭᠤᠯᠬᠤ ᠵᠢ ᠪᠠᠷᠢᠮᠲᠠᠯᠠᠵᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠢᠯᠢ ᠵᠢᠨ ᠭᠣᠣᠯ ᠠᠢ᠌ᠮᠠᠭ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠵᠥᠪᠯᠡᠯ᠎ᠢ ᠪᠠᠢ᠌ᠭᠤᠯᠵᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠪᠦᠬᠦ ᠠᠢ᠌ᠮᠠᠭ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠳᠦᠷᠢᠮ᠎ᠳᠤ ᠣᠷᠣᠭᠤᠯᠪᠠ᠃ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠮᠡᠳᠡᠭᠡ ᠵᠠᠩᠭᠢ ᠵᠢᠨ 168 ᠵᠤᠷᠪᠤᠰ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠵᠠᠰᠠᠭ ᠵᠠᠬᠢᠷᠭ᠋ᠠᠨ᠎ᠤ ᠨᠤᠲᠠᠯᠠᠯᠲᠠ ᠵᠢᠨ ᠮᠡᠳᠡᠭᠡ ᠵᠠᠩᠭᠢ ᠵᠢᠨ 30 ᠪᠤᠢ᠃ ᠪᠥᠬᠥ ᠠᠢ᠌ᠮᠠᠭ᠎ᠤᠨ 85 ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠰᠤᠭᠤᠴᠢᠨ ᠪᠠᠢ᠌ᠴᠠᠭ᠋ᠠᠵᠤ ᠨᠡᠢ᠌ᠭᠡᠮ᠎ᠤᠨ ᠠᠵᠢᠯᠲᠠᠨ᠂ ᠨᠡᠢ᠌ᠭᠡᠮ ᠲᠣᠭᠣᠷᠢᠭ᠎ᠤᠨ ᠠᠵᠢᠯᠲᠠᠨ᠎ᠤ ᠪᠣᠯᠪᠠᠰᠤᠷᠠᠯ᠎ᠢ 687 ᠤᠳᠠᠭ᠎ᠠ ᠥᠷᠨᠢᠭᠦᠯᠵᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠵᠢᠯᠤᠭᠣᠳᠴᠤ ᠪᠠᠢ᠌ᠭ᠋ᠠᠳ ᠬᠦᠴᠢᠷᠳᠡᠯᠲᠡᠢ ᠣᠯᠠᠨ ᠲᠦᠮᠡᠨ ᠪᠠ ᠬᠡᠷᠡᠭᠴᠡᠭᠡ ᠱᠠᠭ᠋ᠠᠷᠳᠠᠯᠭ᠎ᠠ᠎ᠲᠠᠢ ᠣᠯᠠᠨ ᠲᠦᠮᠡᠨ᠎ᠳᠤ ᠨᠡᠢ᠌ᠭᠡᠮ᠎ᠤᠨ ᠲᠤᠰᠬᠠᠢ ᠠᠵᠢᠯ᠎ᠤᠨ ᠦᠢ᠍ᠯᠡᠴᠢᠯᠡᠭᠡ ᠵᠢ 112 ᠤᠳᠠᠭ᠎ᠠ ᠬᠠᠩᠭ᠋ᠠᠵᠤ 3700 ᠭᠠᠷᠤᠢ ᠤᠳᠠᠭ᠎ᠠ ᠦᠢ᠍ᠯᠡᠴᠢᠯᠡᠪᠡ᠃
ᠨᠡᠢ᠌ᠭᠡᠮ᠎ᠤᠨ ᠶᠠᠪᠤᠳᠠᠯ
ᠲᠤᠰᠠᠯᠠᠮᠵᠢ ᠵᠢᠨ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠨ ᠰᠢᠯᠢᠳᠡᠭᠵᠢᠬᠦᠯᠵᠤ᠂ ᠣᠯᠠᠨ ᠡᠰᠢᠵᠢᠭᠰᠡᠨ ᠲᠤᠰᠠᠯᠠᠮᠵᠢ ᠵᠢᠨ ᠦᠢ᠍ᠯᠡᠴᠢᠯᠡᠭᠡᠨ᠎ᠤ ᠰᠢᠰᠲᠸᠮ᠎ᠢ ᠪᠠᠢ᠌ᠭᠤᠯᠬᠤ ᠵᠢᠨ ᠲᠦᠯᠤᠬᠡ ᠪᠠᠶᠠᠨᠨᠠᠭᠤᠷ ᠬᠣᠲᠠ ᠵᠢᠨ ᠨᠡᠢ᠌ᠭᠡᠮ᠎ᠤᠨ ᠲᠤᠰᠠᠯᠠᠮᠵᠢ ᠵᠢᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠥᠪ᠎ᠨᠢ ᠯᠢᠨ ᠾᠧ ᠵᠢᠨ ᠡᠵᠡᠩᠨᠡᠵᠦ ᠵᠠᠰᠠᠬᠤ ᠬᠡᠰᠡᠭ᠎ᠤᠨ ᠪᠠᠶᠠᠨᠨᠠᠭᠤᠷ ᠥᠷᠲᠡᠭᠡ᠎ᠯᠦᠭᠡ ᠲᠡᠨᠦᠭᠦᠴᠢᠯᠡᠨ ᠭᠤᠢ᠌ᠷᠠᠨᠴᠢᠯᠠᠭᠴᠢᠳᠲᠤ ᠲᠤᠰᠬᠠᠢ ᠲᠡᠷᠭᠡᠨ ᠪᠢᠯᠧᠲ ᠠᠪᠴᠤ ᠦᠭᠭᠦ ᠵᠥᠪᠯᠡᠯᠴᠡᠭᠡᠷ ᠲᠣᠭᠲᠠᠵᠤ᠂ ᠲᠡᠨᠦᠭᠦᠴᠢᠯᠡᠨ ᠭᠤᠢ᠌ᠷᠠᠨᠴᠢᠯᠠᠭᠴᠢᠳᠤᠨ ᠨᠤᠲᠤᠭ᠎ᠲᠤ᠎ᠪᠠᠨ ᠪᠤᠴᠠᠬᠤ᠎ᠳᠤ ᠲᠤᠯᠭ᠋ᠠᠷᠠᠭᠰᠠᠨ ᠪᠢᠯᠧᠲ ᠬᠤᠳᠠᠯᠳᠤᠨ ᠠᠪᠬᠤ᠎ᠳᠤ ᠬᠦᠴᠢᠷᠲᠡᠢ ᠠᠰᠠᠭᠤᠳᠠᠯ᠎ᠢ ᠰᠢᠢ᠍ᠳᠪᠦᠷᠢᠯᠡᠵᠦ᠂ ᠲᠡᠨᠦᠭᠦᠴᠢᠯᠡᠨ ᠭᠤᠢ᠌ᠷᠠᠨᠴᠢᠯᠠᠭᠴᠢᠳᠲᠤ ᠨᠠᠩ ᠳᠥᠭᠥᠮ ᠳᠥᠲᠡ᠂ ᠥᠨᠳᠥᠷ ᠦᠷ᠎ᠡ ᠪᠦᠲᠦᠮᠵᠢᠲᠡᠶ ᠦᠢ᠍ᠯᠡᠴᠢᠯᠡᠭᠡ ᠬᠠᠡᠭᠭ᠋ᠠᠬᠤ ᠪᠤᠯᠤᠨ᠎ᠠ᠃
ᠨᠠᠰᠤᠵᠢᠯ᠎ᠤᠨ ᠦᠢ᠍ᠯᠡᠴᠢᠯᠡᠭᠡ
ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ ᠵᠣᠯ ᠵᠢᠷᠭ᠋ᠠᠯᠲᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲᠸᠮ᠎ᠢ ᠪᠠᠢ᠌ᠭᠤᠯᠵᠤ᠂ 《1+N》 ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠷᠥ ᠵᠢᠨ ᠪᠣᠳᠣᠯᠭ᠎ᠠ ᠵᠢᠨ ᠰᠢᠰᠲᠸᠮ᠎ᠢ ᠪᠠᠢ᠌ᠭᠤᠯᠤᠭ᠋ᠠᠳ 《ᠬᠠᠩᠭ᠋ᠠᠯᠭ᠎ᠠ ᠬᠡᠷᠡᠭᠴᠡᠭᠡ ᠵᠢᠨ ᠬᠣᠶᠠᠷ᠎ᠢ ᠨᠥᠬᠥᠪᠦᠷᠢᠯᠡᠬᠦ》 ᠲᠣᠭᠲᠠᠴᠠ ᠵᠢ ᠪᠠᠢ᠌ᠭᠤᠯᠪᠠ᠃ 《ᠬᠡᠯᠬᠢᠶᠡᠵᠢᠭᠦᠯᠬᠦ᠂ ᠨᠠᠷᠠᠲᠤ ᠲᠡᠮᠳᠡᠭᠵᠢᠭᠦᠯᠬᠦ᠂ ᠬᠡᠪᠴᠢᠶᠡᠵᠢᠭᠦᠯᠬᠦ》᠎ᠳᠤ ᠠᠩᠬᠠᠷᠤᠯ ᠵᠶ᠋ᠠᠨ ᠲᠥᠪᠯᠡᠷᠡᠭᠦᠯᠵᠦ ᠬᠣᠰᠢᠭᠤ ᠰᠢᠶᠠᠨ ᠬᠣᠲᠠ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠲᠥᠪ᠂ ᠰᠤᠮᠤ ᠰᠢᠶᠠᠩ ᠪᠠᠯᠭ᠋ᠠᠰᠤ ᠣᠷᠣᠨ ᠪᠦᠰᠡ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠲᠥᠪ᠂ ᠲᠣᠰᠬᠣᠨ (ᠨᠡᠢ᠌ᠭᠡᠮ ᠲᠣᠭᠣᠷᠢᠭ)᠎ᠤ ᠨᠠᠰᠤᠵᠢᠯ᠎ᠤᠨ ᠦᠢ᠍ᠯᠡᠴᠢᠯᠡᠭᠡᠨ᠎ᠤ ᠥᠷᠲᠡᠭᠡ ᠭᠤᠷᠪᠠᠨ ᠱᠠᠲᠤᠨ᠎ᠤ ᠲᠤᠤᠷᠵᠢᠯ᠎ᠢ ᠪᠠᠢ᠌ᠭᠤᠯᠵᠤ᠂ ᠨᠠᠰᠤᠵᠢᠯ᠎ᠤᠨ ᠦᠢ᠍ᠯᠡᠴᠢᠯᠡᠭᠡᠨ᠎ᠤ 《ᠪᠠᠲᠤᠯᠠᠭ᠎ᠠ᠎ᠲᠠᠢ᠂ ᠶᠠᠰᠤ ᠴᠢᠨᠠᠷᠲᠠᠢ᠂ ᠠᠮᠢ ᠠᠬᠤᠢ᠎ᠲᠠᠢ》 ᠬᠥᠭᠵᠢᠯᠲᠡ ᠵᠢᠨ ᠰᠢᠨ᠎ᠡ ᠠᠷᠭ᠎ᠠ ᠵᠢ ᠰᠡᠳᠤᠪᠡ᠃ ᠣᠲᠣ ᠪᠣᠯᠲᠠᠯ᠎ᠠ ᠪᠥᠬᠥ ᠬᠣᠲᠠ᠎ᠳᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢ 430 ᠪᠠᠢ᠌ᠭᠤᠯᠵᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠦᠷᠬᠦᠴᠡ ᠵᠢᠨ ᠨᠣᠷᠮ᠎ᠠ 90% ᠬᠦᠷᠴᠦ᠂ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠣᠷᠣᠵᠤ ᠰᠠᠭᠤᠭᠰᠠᠨ ᠨᠣᠷᠮ᠎ᠠ 60% ᠬᠦᠷᠴᠡᠢ᠃
ᠬᠡᠦᠬᠡᠳ᠎ᠤᠨ ᠠᠰᠠᠷᠠᠮᠵᠢ
ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠨᠡᠭᠦᠳᠡᠯ ᠬᠡᠦᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ 《ᠬᠠᠷᠠᠵᠤ ᠰᠤᠪᠢᠯᠠᠬᠤ᠎ᠳᠤ ᠬᠦᠴᠢᠷ》 ᠠᠰᠠᠭᠤᠳᠠᠯ᠎ᠢ ᠰᠢᠢ᠍ᠳᠪᠦᠷᠢᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ 7᠎ᠠᠴᠠ 13 ᠨᠠᠰᠤᠨ᠎ᠤ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠂ ᠭᠡᠷ᠎ᠲᠤ᠎ᠪᠠᠨ ᠬᠣᠴᠣᠷᠤᠭᠰᠠᠨ ᠬᠡᠦᠬᠡᠳ ᠪᠠ ᠨᠡᠭᠦᠳᠡᠯ ᠬᠡᠦᠬᠡᠳ᠎ᠢ ᠡᠯᠰᠡᠵᠦ 《ᠪᠤᠭᠤᠳᠤ ᠵᠢᠨ ᠬᠡᠤᠬᠡᠳ᠎ᠢ ᠬᠠᠯᠠᠮᠵᠢᠯᠠᠬᠤ》᠎ᠤ ᠠᠵᠢᠯᠯᠠᠭ᠎ᠠ ᠦᠷᠨᠢᠬᠦᠯᠬᠦ ᠵᠢᠨ ᠬᠠᠮᠳᠤ ᠹᠢᠽᠢᠺ᠂ ᠬᠢᠮᠢ᠂ ᠠᠮᠢᠳᠤ ᠪᠣᠳᠠᠰ ᠵᠡᠷᠭᠡ ᠰᠠᠭᠤᠷᠢ ᠲᠤᠷᠰᠢᠯᠲᠠ ᠵᠢᠨ ᠬᠢᠴᠢᠶᠡᠯ᠎ᠢ ᠦᠷᠨᠢᠬᠦᠯᠤᠬᠡᠳ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠡᠪᠦᠯ᠎ᠤᠨ ᠠᠮᠠᠷᠠᠯᠲᠠ ᠵᠢᠨ ᠠᠮᠢᠳᠤᠷᠠᠯ᠎ᠢ ᠪᠠᠶᠠᠯᠢᠭᠵᠢᠭᠤᠯᠬᠤ ᠵᠢᠨ ᠬᠠᠮᠲᠤ ᠭᠡᠷ ᠪᠦᠯᠢ ᠵᠢ ᠬᠠᠪᠰᠤᠷᠤᠨ ᠬᠠᠮᠢᠶᠠᠷᠬᠤ᠎ᠳᠤ ᠬᠦᠴᠢᠷ ᠠᠰᠠᠭᠤᠳᠠᠯ᠎ᠢ᠎ᠨᠢ ᠨᠠᠮᠳᠠᠭᠤᠯᠪᠠ᠃