ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.17
ᠨᠡᠶᠢᠲᠡᠯᠡᠭᠰᠡᠨ ᠴᠠᠭ᠄ 2025-01-21

  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ


   ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠳᠤᠲᠠᠭᠳᠠᠯ ᠪᠠ ᠠᠶᠤᠯ ᠲᠦᠭᠰᠢᠭᠦᠷᠢ ᠵᠢᠨ ᠳᠠᠯᠳᠠ ᠭᠡᠮ᠎ᠢ ᠪᠦᠬᠦ ᠲᠠᠯ᠎ᠠ ᠎ᠪᠠᠷ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠵᠢᠨ ᠠᠵᠢᠯ᠎ᠤᠨ ᠲᠣᠬᠢᠷᠠᠭᠤᠯᠤᠯᠲᠠ ᠶᠣᠰᠣᠭ᠋ᠠᠷ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠢᠭᠦᠯᠡᠰᠦᠩᠭᠦᠢ ᠵᠢᠨ ᠦᠢ᠍ᠯᠡᠰ᠎ᠢ ᠠᠬᠢᠭᠤᠯᠬᠤ ᠭᠠᠵᠠᠷ᠎ᠤᠨ᠎ᠬᠢᠨ 1 ᠳ᠋ᠣᠬᠡᠷ ᠰᠠᠷ᠎ᠠ ᠵᠢᠨ 8᠎ᠤ ᠡᠳᠦᠷ᠎ᠠᠴᠠ ᠡᠬᠢᠯᠡᠨ ᠳᠣᠲᠣᠭ᠋ᠠᠳᠤ ᠵᠢᠨ ᠵᠠᠰᠠᠯᠲᠠ᠂ ᠪᠠᠢ᠌ᠭᠤᠯᠤᠮᠵᠢ ᠵᠢᠨ ᠲᠣᠬᠢᠷᠠᠭᠤᠯᠤᠯᠲᠠ᠂ ᠨᠢᠭᠦᠯᠡᠰᠦᠩᠭᠦᠢ ᠵᠢᠨ ᠲᠥᠷᠥᠯ ᠵᠦᠢ᠍ᠯ᠂ ᠢᠯᠡ᠎ᠪᠠᠷ ᠬᠠᠨᠳᠢᠪ ᠴᠤᠭᠯᠠᠭᠤᠯᠬᠤ᠂ ᠨᠢᠬᠦᠯᠡᠰᠤᠡᠭᠬᠦᠢ ᠵᠢᠨ ᠮᠥᠩᠭᠥ ᠵᠢ ᠬᠡᠷᠡᠭᠯᠡᠬᠦ ᠵᠡᠷᠭᠡ ᠬᠠᠮᠢᠶ᠎ᠠ ᠪᠦᠬᠦᠢ ᠠᠭᠤᠯᠭ᠎ᠠ ᠵᠢᠨ ᠲᠣᠭᠣᠷᠢᠨ᠎ᠳᠤ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠳᠠᠩᠰᠠᠯᠠᠭᠤᠯᠤᠭᠰᠠᠨ 22 ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠎ᠳᠤ ᠲᠤᠬᠠᠢ ᠵᠢᠨ ᠭᠠᠵᠠᠷ᠎ᠤᠨ ᠪᠠᠢ᠌ᠴᠠᠭ᠋ᠠᠯᠲᠠ ᠬᠢᠵᠡᠢ᠃ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ ᠠᠵᠢᠯᠯᠠᠭ᠋ᠠᠨ᠎ᠤ ᠲᠣᠭᠲᠠᠴᠠ ᠵᠢ ᠭᠦᠨᠵᠡᠭᠡᠢ ᠰᠢᠯᠢᠳᠡᠭᠵᠢᠭᠦᠯᠵᠦ᠂ ᠨᠢᠭᠦᠯᠡᠰᠦᠩᠭᠦᠢ ᠵᠢᠨ ᠠᠵᠢᠯ ᠲᠦᠷᠦᠯ᠎ᠤᠨ ᠬᠡᠪ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠨᠢᠭᠦᠯᠡᠰᠦᠩᠭᠦᠢ ᠵᠢᠨ ᠦᠢ᠍ᠯᠡᠰ᠎ᠤᠨ ᠢᠯᠡ ᠲᠣᠳ᠋᠊᠎ᠤ᠂ ᠲᠥᠪ ᠭᠣᠣᠯᠴᠢ ᠣᠷᠴᠢᠨ ᠨᠥᠬᠥᠴᠡᠯ ᠲᠤᠮᠳᠠᠬᠢ ᠥᠷᠨᠢᠩᠭᠦᠢ ᠬᠦᠭᠵᠢᠯᠳᠡ ᠵᠢ ᠪᠠᠳᠤᠯᠠᠬᠤ ᠪᠤᠯᠤᠨ᠎ᠠ ᠃


ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ


   ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ 2024 ᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠠᠰ᠎ᠤᠨ ᠦᠨᠡᠯᠡᠬᠦ ᠠᠵᠢᠯ᠎ᠢ ᠤᠷᠤᠭᠰᠢᠲᠠᠢ ᠪᠡᠶᠡᠯᠡᠭᠦᠯᠦᠭᠰᠡᠨ ᠪᠥᠭᠡᠳ 《ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠠᠯᠪᠠᠨ ᠰᠦᠯᠵᠢᠶ᠎ᠡ》᠎ᠪᠠᠷ ᠳᠠᠮᠵᠢᠭᠤᠯᠤᠨ 2024 ᠣᠨ᠎ᠤ 2A ᠲᠠᠰ᠎ᠠᠴᠠ ᠳᠡᠭᠡᠭᠰᠢᠬᠢ ᠦᠨᠡᠯᠡᠭᠰᠡᠨ ᠦᠷ᠎ᠡ ᠳ᠋ᠦᠩ᠎ᠢ ᠣᠯᠣᠭᠰᠠᠨ 19 ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠨᠡᠢ᠌ᠲᠡᠯᠡᠪᠡ᠂ ᠡᠭᠦᠨ᠎ᠳᠤ 5A ᠲᠠᠰ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ 3᠂ 4A ᠲᠠᠰ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ 3᠂ 3A ᠲᠠᠰ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ 9᠂ 2A ᠲᠠᠰ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ 4 ᠪᠣᠶ᠃


ᠨᠠᠰᠤᠵᠢᠯ᠎ᠤᠨ ᠦᠢ᠍ᠯᠡᠴᠢᠯᠡᠭᠡ


   ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ᠎ᠬᠢ ᠣᠨᠴᠠᠭ᠋ᠠᠶ ᠬᠦᠴᠢᠷᠳᠡᠯ᠎ᠲᠠᠢ ᠨᠠᠰᠤᠲᠠᠢ᠌ᠴᠤᠳ᠎ᠤᠨ ᠦᠨᠳᠦᠰᠦᠨ ᠨᠠᠰᠤᠵᠢᠯ᠎ᠤᠨ ᠦᠢ᠍ᠯᠡᠴᠢᠯᠡᠭᠡᠨ᠎ᠤ ᠬᠡᠷᠡᠭᠴᠡᠭᠡ ᠵᠢ ᠪᠠᠲᠤᠯᠠᠬᠤ ᠵᠢᠨ ᠲᠥᠯᠥᠭᠡ ᠪᠥᠬᠥ ᠬᠣᠲᠠ ᠵᠢᠨ ᠣᠨᠴᠠᠭ᠋ᠠᠶ ᠬᠦᠴᠢᠷᠳᠡᠯ᠎ᠲᠠᠢ ᠨᠠᠰᠤᠲᠠᠢ᠌ᠴᠤᠳ᠎ᠢ ᠬᠠᠯᠠᠮᠵᠢᠯᠠᠬᠤ ᠦᠢ᠍ᠯᠡᠴᠢᠯᠡᠭᠡ ᠥᠷᠨᠢᠭᠦᠯᠬᠦ᠎ᠳᠤ᠎ᠪᠠᠨ ᠡᠷᠡᠭᠦᠯ ᠮᠡᠨᠳᠦ ᠵᠢᠨ ᠬᠠᠯᠠᠮᠵᠢᠯᠠᠯ᠂ ᠠᠮᠢᠳᠤᠷᠠᠯ᠎ᠤᠨ ᠲᠤᠰᠠᠯᠠᠮᠵᠢ᠂ ᠣᠶᠤᠨ ᠰᠠᠨᠠᠭ᠋ᠠᠨ᠎ᠤ ᠲᠠᠢ᠌ᠳᠬᠤᠷᠠᠭᠤᠯᠤᠯ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠡᠷᠭᠡ ᠵᠢ ᠪᠠᠭᠲᠠᠭ᠋ᠠᠭᠰᠠᠨ ᠪᠥᠭᠡᠳ ᠲᠡᠳᠡᠨ᠎ᠳᠤ ᠡᠷᠡᠭᠦᠯ ᠮᠡᠨᠳᠦ ᠵᠢᠨ ᠲᠥᠬᠥᠮ ᠲᠠᠩᠰᠠ ᠡᠪᠬᠡᠮᠡᠯ ᠪᠠᠢ᠌ᠭᠤᠯᠤᠨ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠢ ᠬᠠᠪᠰᠤᠷᠤᠨ ᠬᠤᠳᠠᠯᠳᠤᠨ ᠠᠪᠬᠤ ᠵᠢᠨ ᠬᠠᠮᠲᠤ ᠪᠠᠭ᠎ᠠ ᠬᠡᠪᠴᠢᠶᠡᠨ᠎ᠤ ᠤᠷᠠᠨ ᠰᠠᠢ᠌ᠬᠠᠨ᠎ᠤ ᠲᠣᠭᠯᠠᠯᠲᠠ ᠵᠢ ᠨᠡᠢ᠌ᠭᠡᠮ ᠲᠣᠭᠣᠷᠢᠭ᠂ ᠭᠡᠷ ᠪᠦᠯᠢ᠎ᠳᠤ ᠵᠣᠬᠢᠶᠠᠨ ᠪᠠᠢ᠌ᠭᠤᠯᠵᠤ᠂ ᠨᠠᠰᠤᠲᠠᠢ᠌ᠴᠤᠳ᠎ᠤᠨ ᠣᠶᠤᠨ ᠰᠠᠨᠠᠭ᠎ᠠ ᠰᠣᠶᠣᠯ᠎ᠤᠨ ᠠᠮᠢᠳᠤᠷᠠᠯ᠎ᠢ ᠤᠯᠠᠮ ᠪᠠᠶᠠᠯᠢᠬ᠍ᠵᠢᠭᠤᠯᠬᠤ ᠪᠤᠯᠤᠨ᠎ᠠ᠃


  ᠨᠢᠬᠦᠯᠡᠰᠤᠡᠭᠭᠦᠢ ᠵᠢᠨ ᠦᠢ᠍ᠯᠡᠰ


    ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠪᠥᠬᠥ ᠬᠣᠲᠠ ᠵᠢᠨ ᠨᠢᠭᠦᠯᠡᠰᠦᠩᠭᠦᠢ ᠵᠢᠨ ᠡᠬᠢ ᠪᠠᠶᠠᠯᠢᠭ᠎ᠢ ᠡᠮᠬᠢᠯᠡᠨ ᠨᠢᠭᠦᠯᠡᠰᠦᠩᠭᠦᠢ ᠵᠢᠨ ᠰᠣᠶᠣᠯ᠎ᠢ ᠶᠡᠬᠡ᠎ᠪᠠᠷ ᠤᠬᠠᠭᠤᠯᠤᠨ ᠳᠡᠯᠭᠡᠷᠡᠭᠦᠯᠵᠦ᠂ ᠡᠯ᠎ᠡ ᠲᠥᠷᠥᠯ᠎ᠤᠨ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠢ ᠵᠢᠨ ᠠᠬᠤᠢ ᠲᠠᠯᠠᠪᠠᠶ ᠵᠢᠨ ᠬᠡᠷᠡᠭᠯᠡᠯᠲᠡ ᠵᠢ ᠪᠣᠰᠣᠭ᠎ᠠ ᠴᠣᠭᠴᠠᠲᠤ᠂ 《ᠳᠤᠮᠳᠠᠳᠤ ᠵᠢᠨ ᠨᠢᠭᠦᠯᠡᠰᠦᠩᠭᠦᠢ ᠵᠢᠨ ᠡᠳᠦᠷ》 《ᠨᠢᠭᠦᠯᠡᠰᠦᠩᠭᠦᠢ ᠵᠢᠨ ᠤᠬᠠᠭᠤᠯᠭ᠎ᠠ ᠵᠢᠨ ᠭᠠᠷᠠᠭ》 《ᠨᠢᠭᠦᠯᠡᠰᠦᠩᠭᠦᠢ ᠵᠢᠨ ᠤᠬᠠᠭᠤᠯᠭ᠎ᠠ ᠵᠢᠨ ᠰᠠᠷ᠎ᠠ》 ᠵᠡᠷᠭᠡ ᠴᠢᠬᠤᠯᠠ ᠴᠠᠭ ᠬᠤᠭᠤᠴᠠᠭ᠋ᠠᠨ᠎ᠤ ᠵᠠᠩᠭᠢᠯᠠᠭ᠎ᠠ᠎ᠳᠤ ᠲᠦᠰᠢᠭᠯᠡᠨ᠂ 《ᠤᠯᠠᠮᠵᠢᠯᠠᠯᠲᠤ ᠵᠠᠭᠤᠴᠢᠯᠠᠭᠤᠷ + ᠰᠢᠨ᠎ᠡ ᠵᠠᠭᠤᠴᠢᠯᠠᠭᠤᠷ》 《ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ》 ᠵᠡᠷᠭᠡ ᠬᠡᠯᠪᠡᠷᠢ᠎ᠪᠠᠷ ᠨᠢᠭᠦᠯᠡᠰᠦᠩᠭᠦᠢ ᠵᠢᠨ ᠤᠬᠠᠭᠤᠯᠭ᠎ᠠ ᠵᠢ ᠥᠷᠨᠢᠭᠦᠯᠵᠦ  ᠨᠢᠭᠦᠯᠡᠰᠦᠩᠭᠦᠢ ᠵᠢᠨ ᠰᠣᠶᠣᠯ᠎ᠢ ᠪᠠᠳᠠᠷᠠᠭᠤᠯᠤᠨ᠂ ᠣᠯᠠᠨ ᠨᠡᠶ᠋ᠢᠲᠡ ᠵᠢᠨ ᠨᠢᠭᠦᠯᠡᠰᠦᠩᠭᠦᠢ ᠵᠢᠨ ᠦᠵᠡᠯ ᠤᠬᠠᠮᠰᠠᠷ᠎ᠢ ᠲᠡᠭᠡᠭᠰᠢᠯᠡᠬᠦᠯᠪᠡ᠃ 2024 ᠣᠨ᠎ᠳᠤ ᠠᠯᠪᠠᠨ ᠵᠢᠷᠤᠮ᠎ᠤᠨ ᠡᠮᠴᠢᠯᠡᠭᠡᠨ᠎ᠤ ᠦᠢ᠍ᠯᠡᠴᠢᠯᠡᠭᠡᠨ᠎ᠤ ᠨᠠᠰᠤᠲᠠᠢ᠌ᠴᠤᠳ᠎ᠢ ᠨᠡᠶ᠋ᠢᠲᠡ 300 ᠭᠠᠷᠤᠢ ᠵᠣᠬᠢᠶᠠᠨ ᠪᠠᠢ᠌ᠭᠤᠯᠪᠠ᠃ ᠰᠡᠳᠬᠢᠴᠡ ᠵᠢᠨ ᠯᠠᠪᠯᠠᠯᠭ᠎ᠠ᠂ ᠬᠠᠤᠯᠢ ᠴᠠᠭ᠋ᠠᠵᠠ ᠵᠢᠨ ᠯᠠᠪᠯᠠᠯᠭ᠎ᠠ᠂ ᠨᠢᠭᠦᠯᠡᠰᠦᠩᠭᠦᠢ ᠵᠢᠨ ᠲᠦᠷᠦ ᠵᠢᠨ ᠪᠣᠳᠣᠯᠭ᠎ᠠ ᠵᠢᠨ ᠯᠠᠪᠯᠠᠯᠭ᠎ᠠ ᠵᠢᠨ ᠦᠢ᠍ᠯᠡᠴᠢᠯᠡᠭᠡ ᠵᠢ ᠦᠷᠨᠢᠬᠦᠯᠤᠬᠡᠳ 500 ᠭᠠᠷᠤᠢ ᠤᠳᠠᠭ᠎ᠠ ᠦᠢ᠍ᠯᠡᠴᠢᠯᠡᠪᠡ᠃


ᠣᠷᠣᠨ᠎ᠤ ᠭᠠᠳᠠᠨᠠᠬᠢ ᠮᠡᠳᠡᠭᠡ


    ᠰᠧᠴᠦᠦᠠᠨ ᠮᠤᠵᠢ ᠵᠢᠨ᠎ᠬᠢᠨ ᠤᠷᠴᠢᠮ᠎ᠳᠤ 《ᠨᠠᠰᠤᠳᠠᠢ᠌ᠴᠤᠳ ᠬᠡᠤᠬᠡᠳ》᠎ᠤᠨ ᠠᠵᠢᠯ᠎ᠢ ᠴᠢᠩᠭ᠋ᠠᠳᠬᠠᠬᠤ ᠲᠤᠬᠠᠢ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠲᠡᠬᠡᠷ᠎ᠡ᠄ 《ᠦᠷᠡᠵᠢᠯ᠎ᠢ ᠢᠳᠡᠪᠬᠢᠲᠡᠢ ᠳᠡᠮᠵᠢᠬᠦ ᠲᠦᠷᠦ ᠵᠢᠨ ᠪᠣᠳᠣᠯᠭ᠎ᠠ ᠵᠢ ᠲᠡᠭᠦᠯᠳᠡᠷᠵᠢᠭᠦᠯᠦᠨ ᠨᠠᠢ᠌ᠳᠠᠪᠤᠷᠢᠵᠢᠭᠤᠯᠵᠤ ᠨᠠᠰᠤᠵᠢᠯ᠎ᠤᠨ ᠦᠢ᠍ᠯᠡᠴᠢᠯᠡᠭᠡᠨ᠎ᠤ ᠰᠢᠰᠲᠸᠮ᠎ᠤᠨ ᠪᠠᠢ᠌ᠭᠤᠯᠤᠯᠲᠠ ᠵᠢ ᠴᠢᠩᠭ᠋ᠠᠳᠬᠠᠵᠤ ᠨᠠᠰᠤᠵᠢᠯ᠎ᠤᠨ ᠠᠰᠠᠷᠠᠮᠵᠢ ᠨᠢᠯᠬᠠᠰ᠎ᠢ ᠪᠣᠢ᠌ᠵᠢᠭᠤᠯᠬᠤ ᠬᠠᠮᠢᠶ᠎ᠠ ᠪᠦᠬᠦᠢ ᠠᠵᠤ ᠦᠢ᠍ᠯᠡᠰ᠎ᠢ ᠪᠣᠢ᠌ᠵᠢᠭᠤᠯᠤᠨ ᠬᠥᠭᠵᠢᠭᠦᠯᠵᠦ ᠨᠠᠰᠤᠳᠠᠢ᠌ᠴᠤᠳ ᠬᠡᠤᠬᠡᠳ᠎ᠢ ᠬᠠᠷᠠᠭ᠋ᠠᠯᠵᠠᠬᠤ ᠨᠥᠬᠥᠷᠰᠡᠭ ᠨᠡᠢ᠌ᠭᠡᠮ᠎ᠢ ᠪᠠᠢ᠌ᠭᠤᠯᠵᠤ 〈ᠨᠠᠰᠤᠳᠠᠢ᠌ᠴᠤᠳ ᠬᠡᠤᠬᠡᠳ〉 ᠬᠦᠷᠢᠶ᠎ᠡ ᠴᠠᠷᠠᠭ᠎ᠠ᠎ᠳᠤ᠎ᠬᠢ ᠭᠣᠣᠯᠳᠠᠯᠭ᠎ᠠ᠎ᠲᠠᠢ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠪᠦᠬᠦ ᠮᠤᠵᠢ ᠵᠢᠨ ᠬᠥᠮᠥᠨ ᠠᠮᠠ ᠵᠢᠨ ᠴᠢᠨᠠᠷᠯᠢᠭ ᠬᠥᠭᠵᠢᠯᠲᠡ ᠵᠢ ᠠᠬᠢᠭᠤᠯᠬᠤ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ》 ᠬᠡᠵᠡᠢ᠃


 




   

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.18
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.21
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.22
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.23
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.24
 
            