ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.18
ᠨᠡᠶᠢᠲᠡᠯᠡᠭᠰᠡᠨ ᠴᠠᠭ᠄ 2025-01-21

ᠴᠢᠬᠤᠯᠠ ᠮᠡᠳᠡᠭᠡ
 
   ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ ᠤᠷᠴᠢᠮ᠎ᠳᠤ ᠪᠦᠬᠦ ᠤᠯᠤᠰ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ  ᠬᠦᠷᠢᠶ᠎ᠡ ᠴᠠᠷᠠᠭ᠎ᠠ᠎ᠳᠤ᠎ᠬᠢ  ᠠᠶᠤᠯ ᠦᠬᠡᠢ ᠵᠢ ᠬᠠᠮᠢᠶᠠᠷᠤᠯᠲᠠ ᠪᠠ 2025 ᠣᠨ᠎ᠤ ᠠᠵᠢᠯ᠎ᠤᠨ ᠪᠠᠢ᠌ᠷᠢᠯᠠᠭᠤᠯᠤᠯᠲᠠ ᠵᠢᠨ ᠸᠢᠳᠢᠤ᠋ ᠬᠤᠷᠠᠯ ᠬᠤᠷᠠᠯᠳᠤᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠠᠶᠤᠯ ᠦᠬᠡᠢ ᠦᠢ᠍ᠯᠡᠳᠪᠦᠷᠢᠯᠡᠯ ᠪᠣᠯᠣᠨ ᠨᠠᠰᠤᠵᠢᠯ ᠎ᠤᠨ ᠠᠰᠠᠷᠠᠮᠵᠢ ᠵᠢᠨ ᠦᠢ᠍ᠯᠡᠴᠢᠯᠡᠭᠡᠨ ᠎ᠤ ᠠᠵᠢᠯ ᠎ᠤᠨ ᠲᠤᠬᠠᠢ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ᠂ ᠴᠠᠭ᠋ᠠᠨ ᠰᠠᠷ᠎ᠠ ᠪᠣᠯᠣᠨ ᠪᠦᠬᠦ ᠤᠯᠤᠰ ᠎ᠤᠨ ᠬᠣᠶᠠᠷ ᠬᠤᠷᠠᠯ ᠎ᠤᠨ ᠬᠤᠭᠤᠴᠠᠭ᠋ᠠᠨ᠎ᠳᠤ᠎ᠬᠢ ᠨᠠᠰᠤᠵᠢᠯ ᠎ᠤᠨ ᠠᠰᠠᠷᠠᠮᠵᠢ ᠵᠢᠨ ᠦᠢ᠍ᠯᠡᠴᠢᠯᠡᠭᠡᠨ ᠎ᠤ ᠬᠦᠷᠢᠶ᠎ᠡ ᠴᠠᠷᠠᠭ᠎ᠠ᠎ᠳᠤ᠎ᠬᠢ ᠠᠮᠤᠷ ᠲᠦᠪᠰᠢᠨ ᠲᠣᠭᠲᠠᠭᠤᠨ ᠪᠠ ᠨᠠᠰᠤᠲᠠᠢ᠌ᠴᠤᠳ ᠎ᠤᠨ ᠬᠣᠭᠣᠯᠠ ᠤᠮᠳᠠ᠎ᠳᠤ ᠲᠤᠰᠠᠯᠠᠬᠤ ᠦᠢ᠍ᠯᠡᠴᠢᠯᠡᠭᠡ᠂ ᠣᠨ᠎ᠤ ᠭᠣᠣᠯᠳᠠᠯᠭ᠎ᠠ᠎ᠲᠠᠢ ᠠᠵᠢᠯ᠎ᠢ ᠪᠠᠢ᠌ᠷᠢᠯᠠᠭᠤᠯᠤᠭ᠋ᠠᠳ ᠱᠠᠭ᠋ᠠᠷᠳᠠᠯᠭ᠎ᠠ ᠳᠤᠷᠠᠳᠪᠠ᠃ ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠰᠠᠢ᠌ᠳ ᠲᠠᠩ ᠴᠧᠩ ᠫᠧᠢ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃


  ᠶᠡᠷᠤᠡᠭᠭᠡᠢ᠌ᠯᠡᠭᠰᠡᠨ ᠠᠵᠢᠯ


   ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠵᠢᠨ ᠳᠦᠷᠢᠮ᠎ᠢ ᠢᠳᠡᠪᠬᠢᠲᠡᠢ ᠨᠠᠢ᠌ᠳᠠᠪᠤᠷᠢᠵᠢᠭᠤᠯᠬᠤ ᠵᠢᠨ ᠲᠥᠯᠥᠭᠡ᠂ ᠲᠣᠪᠴᠢᠶ᠎ᠠ ᠵᠢᠨ ᠰᠢᠰᠲ᠋ᠧᠮ᠎ᠤᠨ ᠵᠠᠯᠠᠭᠤ ᠺᠠᠳ᠋ᠷ᠂ ᠲᠤᠬᠠᠢ᠌ᠯᠠᠭᠰᠠᠨ ᠠᠵᠢᠯ᠎ᠤᠨ ᠭᠣᠣᠯᠯᠠᠭᠴᠢ ᠬᠦᠴᠦᠨ᠎ᠤ 20 ᠭᠠᠷᠤᠢ ᠬᠥᠮᠥᠨ᠎ᠢ ᠵᠣᠬᠢᠶᠠᠨ ᠪᠠᠢ᠌ᠭᠤᠯᠵᠤ 《ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠠᠤᠯᠢ ᠲᠦᠭᠡᠮᠡᠯᠵᠢᠭᠦᠯᠬᠦ ᠰᠠᠢ᠌ᠨ ᠳᠤᠷ᠎ᠠ ᠵᠢᠨ ᠠᠩᠭᠢ》 ᠵᠢ ᠪᠠᠢ᠌ᠭᠤᠯᠪᠠ᠃ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠩᠭᠢ ᠪᠠᠢ᠌ᠭᠤᠯᠤᠭᠳᠠᠭᠰᠠᠨ᠎ᠠᠴᠠ ᠨᠠᠭ᠋ᠠᠰᠢ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠪᠠ ᠰᠠᠢ᠌ᠨ ᠳᠤᠷ᠎ᠠ ᠵᠢᠨ ᠡᠩᠨᠡᠭᠡ ᠵᠢᠨ ᠬᠠᠤᠯᠢ᠎ᠪᠠᠷ ᠵᠠᠰᠠᠬᠤ ᠬᠡᠪ ᠴᠢᠨᠠᠷ᠎ᠢ ᠳᠡᠭᠡᠭᠰᠢᠯᠡᠭᠦᠯᠬᠦ ᠠᠵᠢᠯᠯᠠᠭ᠎ᠠ ᠵᠢ ᠨᠢᠭᠡᠨᠲᠡ 4 ᠲᠠᠯᠠᠪᠤᠷ ᠥᠷᠨᠢᠭᠦᠯᠵᠦ᠂ ᠦᠢ᠍ᠯᠡᠴᠢᠯᠡᠭᠡᠨ᠎ᠤ ᠶᠡᠷᠦᠩᠬᠡᠢ ᠴᠠᠭ᠎ᠨᠢ 40 ᠴᠠᠭ ᠰᠢᠬᠠᠮ ᠪᠤᠯᠵᠤ 《ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠦᠬᠦᠨ᠎ᠳᠤ ᠲᠣᠬᠢᠷᠠᠬᠤ ᠺᠠᠷᠲ》᠎ᠤᠨ ᠤᠬᠠᠭᠤᠯᠭ᠎ᠠ ᠵᠢᠨ ᠭᠠᠷ ᠳᠡᠪᠲᠡᠷ᠎ᠢ 600 ᠭᠠᠷᠤᠢ ᠳᠡᠪᠲᠡᠷ ᠲᠠᠷᠬᠠᠭ᠋ᠠᠵᠤ᠂ ᠠᠷᠠᠳ᠎ᠤᠨ ᠶᠠᠪᠤᠳᠠᠯ᠎ᠤᠨ ᠠᠷᠠᠳ᠎ᠲᠤ ᠠᠰᠢᠭ ᠬᠦᠷᠲᠡᠭᠡᠵᠦ ᠠᠷᠠᠳ᠎ᠲᠤ ᠲᠥᠬᠥᠮ ᠦᠵᠡᠭᠦᠯᠬᠦ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠵᠢᠨ ᠮᠡᠳᠡᠯᠭᠡ ᠵᠢ ᠣᠯᠠᠨ ᠲᠦᠮᠡᠨ᠎ᠳᠤ ᠴᠠᠭ ᠲᠤᠬᠠᠢ᠎ᠳᠤ᠎ᠨᠢ ᠲᠠᠮᠵᠢᠭᠤᠯᠪᠠ᠃


ᠨᠡᠢ᠌ᠭᠡᠮ᠎ᠤᠨ ᠶᠠᠪᠤᠳᠠᠯ


   ᠪᠠᠶᠠᠨᠨᠠᠭᠤᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ᠂ ᠬᠣᠲᠠ ᠵᠢᠨ ᠨᠡᠢ᠌ᠭᠡᠮ᠎ᠤᠨ  ᠲᠤᠰᠠᠯᠠᠮᠵᠢ ᠵᠢᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠥᠪ ᠵᠡᠷᠬᠡ ᠣᠯᠠᠨ ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ 《ᠬᠠᠬᠢᠷ ᠡᠪᠦᠯ᠎ᠤᠨ ᠬᠦᠢ᠍ᠳᠡᠨ᠎ᠳᠤ ᠬᠠᠢ᠌ᠷ᠎ᠠ ᠬᠠᠯᠠᠮᠵᠢ ᠬᠦᠷᠭᠡᠬᠦ》 ᠲᠤᠰᠬᠠᠢ  ᠲᠤᠰᠠᠯᠠᠮᠵᠢ ᠵᠢᠨ ᠠᠵᠢᠯᠯᠠᠭ᠎ᠠ ᠵᠢ ᠥᠷᠨᠢᠭᠦᠯᠵᠦ᠂ ᠲᠡᠨᠦᠭᠦᠴᠢᠯᠡᠨ ᠭᠤᠢ᠌ᠷᠠᠨᠴᠢᠯᠠᠵᠤ ᠪᠠᠢ᠌ᠭ᠎ᠠ ᠬᠥᠮᠥᠰ᠎ᠲᠤ ᠲᠦᠷ ᠴᠠᠭ᠎ᠤᠨ ᠲᠤᠰᠠᠯᠠᠮᠵᠢ ᠬᠦᠷᠳᠡᠬᠡᠨ᠂ ᠴᠠᠭ ᠲᠤᠬᠠᠢ᠎ᠳᠤ᠎ᠨᠢ ᠢᠳᠬᠠᠨ ᠰᠤᠷᠭ᠋ᠠᠬᠤ ᠵᠢᠨ ᠬᠠᠮᠲᠤ ᠲᠡᠳᠡᠨ᠎ᠳᠤ ᠠᠮᠢᠳᠤᠷᠠᠯ᠎ᠤᠨ ᠡᠳ᠋ ᠪᠣᠳᠠᠰ ᠬᠠᠩᠭ᠋ᠠᠵᠤ᠂ ᠲᠤᠰᠠᠯᠠᠮᠵᠢ ᠵᠢᠨ ᠠᠵᠢᠯ᠎ᠤᠨ ᠬᠠᠮ ᠬᠦᠴᠦᠨ᠎ᠢ ᠪᠦᠷᠢᠯᠳᠤᠬᠦᠯᠵᠤ᠂ ᠲᠡᠨᠦᠭᠦᠴᠢᠯᠡᠨ ᠭᠤᠢ᠌ᠷᠠᠨᠴᠢᠯᠠᠵᠤ ᠪᠠᠢ᠌ᠭ᠎ᠠ ᠬᠥᠮᠥᠰ᠎ᠤᠨ ᠠᠮᠢ ᠨᠠᠰᠤᠨ᠎ᠤ ᠠᠮᠤᠷ ᠲᠦᠪᠰᠢᠨ᠎ᠢ ᠪᠠᠳᠤᠯᠠᠪᠠ᠃ ᠠᠵᠢᠯᠯᠠᠭ᠎ᠠ ᠵᠢ ᠥᠷᠨᠢᠭᠦᠯᠦᠭᠰᠡᠨ᠎ᠠᠴᠠ ᠨᠠᠭ᠋ᠠᠰᠢ ᠵᠡᠭᠡᠯᠢ ᠭᠤᠳᠤᠮᠵᠢ᠎ᠪᠠᠷ ᠲᠡᠨᠦᠭᠦᠴᠢᠯᠡᠨ ᠭᠤᠢ᠌ᠷᠠᠨᠴᠢᠯᠠᠭᠰᠠᠳ᠎ᠢ 18 ᠤᠳᠠᠭ᠎ᠠ ᠢᠳᠬᠠᠨ ᠰᠤᠷᠭ᠋ᠠᠵᠤ᠂ ᠲᠤᠬᠠᠢ ᠵᠢᠨ ᠲᠠᠯᠠᠪᠤᠷ᠎ᠲᠤ 25 ᠤᠳᠠᠭ᠎ᠠ ᠲᠤᠰᠠᠯᠠᠵᠤ᠂  5 ᠬᠦᠮᠦᠨ᠎ᠢ ᠨᠤᠳᠤᠭ᠎ᠲᠤ᠎ᠨᠢ ᠬᠦᠷᠭᠡᠵᠦ᠂ ᠥᠷᠲᠡᠭᠡᠨ᠎ᠳᠤ 2 ᠬᠥᠮᠥᠨ᠎ᠢ ᠢᠳᠬᠠᠨ ᠰᠤᠷᠭ᠋ᠠᠵᠠᠢ᠃


ᠨᠠᠰᠤᠵᠢᠯ᠎ᠤᠨ ᠦᠢ᠍ᠯᠡᠴᠢᠯᠡᠭᠡ


   ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ 《ᠬᠠᠷᠢᠯᠴᠠᠨ ᠬᠠᠪᠰᠤᠷᠤᠯᠴᠠᠵᠤ ᠵᠣᠯ ᠵᠢᠷᠭ᠋ᠠᠯ ᠡᠳ᠋ᠯᠡᠬᠦ》 ᠢᠨᠵᠧᠨᠧᠷᠢᠩ᠎ᠢ ᠬᠡᠷᠡᠭᠵᠢᠭᠦᠯᠵᠦ᠂ ᠬᠥᠳᠡᠭᠡ ᠲᠣᠰᠬᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠳᠤᠲᠠᠭᠤᠳᠠᠯ᠎ᠢ ᠨᠥᠬᠥᠪᠦᠷᠢᠯᠡᠵᠦ᠂ ᠲᠣᠰᠬᠣᠨ᠎ᠤ ᠲᠠᠰ᠎ᠤᠨ ᠬᠥᠷᠰᠢ ᠵᠡᠷᠭᠡᠯᠡᠳᠡᠭᠡ ᠵᠢᠨ ᠬᠠᠷᠢᠯᠴᠠᠨ ᠬᠠᠪᠰᠤᠷᠤᠯᠴᠠᠬᠤ ᠴᠡᠭ᠂ ᠬᠥᠳᠡᠭᠡ ᠲᠣᠰᠬᠣᠨ᠎ᠤ ᠵᠣᠯ ᠵᠢᠷᠭ᠋ᠠᠯ᠎ᠤᠨ ᠬᠦᠷᠢᠶᠡᠯᠡᠩ ᠵᠶ᠋ᠡᠷ ᠲᠦᠰᠢᠭ ᠪᠣᠯᠭ᠋ᠠᠨ᠂ ᠬᠠᠷᠢᠯᠴᠠᠨ ᠬᠠᠪᠰᠤᠷᠤᠯᠴᠠᠬᠤ ᠮᠠᠶᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ ᠬᠥᠭᠵᠢᠭᠦᠯᠵᠦ᠂ ᠪᠥᠬᠥ ᠬᠣᠲᠠ ᠵᠢᠨ ᠬᠥᠳᠡᠭᠡ ᠲᠣᠰᠬᠣᠨ᠎ᠤ ᠠᠰᠠᠷᠠᠮᠵᠢ ᠵᠢᠨ ᠬᠦᠷᠢᠶᠡᠯᠡᠩ᠎ᠢ ᠲᠠᠰ ᠳᠡᠪᠰᠢᠭᠦᠯᠦᠨ ᠥᠭᠡᠷᠡᠴᠢᠯᠡᠵᠦ᠂ 《ᠰᠠᠢ᠌ᠨ ᠳᠤᠷ᠎ᠠ᠎ᠠᠴᠠ᠎ᠪᠠᠨ ᠬᠠᠷᠢᠯᠴᠠᠨ ᠬᠠᠪᠰᠤᠷᠤᠯᠴᠠᠬᠤ + ᠪᠠᠢ᠌ᠭᠤᠯᠤᠮᠵᠢ ᠵᠢᠨ ᠡᠵᠡᠩᠨᠡᠯᠲᠡ + ᠡᠷᠬᠢᠨ ᠲᠣᠭᠣᠷᠢᠨ ᠵᠶ᠋ᠠᠨ ᠨᠥᠯᠥᠭᠡᠯᠡᠬᠦ》 《ᠨᠠᠰᠤᠲᠠᠢ᠌ᠴᠤᠳ᠎ᠤᠨ ᠬᠣᠭᠣᠯᠠᠨ ᠭᠡᠷ + ᠰᠡᠯᠡᠭᠦᠴᠡᠯ ᠵᠤᠭ᠎ᠠ ᠴᠡᠩᠭᠡᠯ》 ᠵᠡᠷᠭᠡ ᠣᠯᠠᠨ ᠵᠦᠢ᠍ᠯ᠎ᠤᠨ ᠡᠵᠡᠩᠨᠡᠯᠲᠡ ᠵᠢᠨ ᠵᠠᠭᠪᠤᠷ᠎ᠢ ᠰᠦᠪᠡᠭᠴᠢᠯᠡᠪᠡ᠃ 


ᠬᠡᠦᠬᠡᠳ᠎ᠤᠨ ᠠᠰᠠᠷᠠᠮᠵᠢ


       ᠴᠠᠭ᠋ᠠᠨ  ᠰᠠᠷ᠎ᠠ ᠲᠦᠬᠦᠭᠰᠡᠨ ᠲᠠᠰᠢᠷᠠᠮ ᠵᠶ᠋ᠡᠷ ᠠᠯᠠᠱ᠌ᠠ ᠠᠢ᠌ᠮᠠᠭ᠎ᠤᠨ᠎ᠬᠢᠨ ᠨᠡᠭᠦᠳᠡᠯ ᠬᠡᠦᠬᠡᠳ᠎ᠤᠨ 《ᠬᠤᠶᠠᠷ ᠪᠠᠶᠠᠷ》᠎ᠤᠨ ᠬᠤᠭᠤᠴᠠᠭ᠋ᠠᠨ᠎ᠤ ᠲᠣᠬᠣᠨᠢᠭᠤᠯᠬᠤ ᠠᠵᠢᠯᠯᠠᠭ᠎ᠠ ᠥᠷᠨᠢᠭᠦᠯᠵᠦ᠂ ᠬᠦᠴᠢᠷᠳᠡᠯ᠎ᠳᠤ ᠲᠤᠯᠭ᠋ᠠᠷᠠᠭᠰᠠᠨ 50 ᠬᠡᠦᠬᠡᠳ᠎ᠤᠨ ᠭᠡᠷ ᠪᠦᠯᠢ᠎ᠳᠤ ᠭᠤᠯᠢᠷ᠂ ᠲᠣᠰᠣ᠂ ᠴᠠᠭ᠋ᠠᠨ ᠰᠠᠷ᠎ᠠ ᠵᠢᠨ ᠪᠡᠯᠡᠭ ᠵᠡᠷᠭᠡ ᠲᠣᠬᠣᠨᠢᠭᠤᠯᠬᠤ ᠪᠣᠳᠠᠰ ᠪᠠ ᠮᠢᠩᠭ᠋ᠠᠨ ᠲᠥᠭᠥᠷᠢᠭ᠎ᠤᠨ ᠲᠣᠬᠣᠨᠢᠭᠤᠯᠬᠤ ᠮᠥᠩᠭᠥ ᠬᠦᠷᠭᠡᠵᠡᠢ᠃ ᠡᠭᠦᠨ᠎ᠤ ᠬᠠᠮᠲᠤ ᠦᠨᠡᠯᠡᠬᠦ ᠳᠤᠭᠤᠢ᠌ᠯᠠᠩ ᠪᠠᠢ᠌ᠭᠤᠯᠵᠤ᠂ ᠠᠵᠢᠭᠯᠠᠬᠤ᠂ ᠰᠤᠷᠪᠤᠯᠵᠢᠯᠠᠨ ᠶᠠᠷᠢᠯᠴᠠᠬᠤ ᠪᠠ ᠬᠡᠮᠵᠢᠭᠦᠷ ᠵᠶ᠋ᠡᠷ ᠬᠤᠪᠢ ᠲᠣᠭᠲᠠᠭ᠋ᠠᠬᠤ ᠵᠡᠷᠭᠡ ᠠᠷᠭ᠎ᠠ᠎ᠪᠠᠷ ᠨᠠᠰᠤᠨ᠎ᠳᠤ ᠥᠯᠥ ᠭᠦᠷᠦᠭᠰᠡᠳ᠎ᠤᠨ ᠬᠢᠨᠠᠨ ᠬᠠᠮᠠᠭ᠋ᠠᠯᠠᠭᠳᠠᠬᠤ ᠪᠠᠢ᠌ᠳᠠᠯ᠂ ᠬᠢᠨᠠᠨ ᠬᠠᠮᠠᠭ᠋ᠠᠯᠠᠭᠴᠢ ᠵᠢᠨ ᠬᠢᠨᠠᠨ ᠬᠠᠮᠠᠭ᠋ᠠᠯᠠᠬᠤ ᠴᠢᠳᠠᠪᠤᠷᠢ ᠵᠢ ᠦᠨᠡᠯᠡᠨ 《ᠨᠢᠭᠡ ᠬᠥᠮᠥᠨ᠎ᠳᠤ ᠨᠢᠭᠡ ᠲᠠᠩᠰᠠ ᠡᠪᠬᠡᠮᠡᠯ》 ᠬᠠᠯᠠᠮᠵᠢᠯᠠᠬᠤ ᠦᠢ᠍ᠯᠡᠴᠢᠯᠡᠭᠡᠨ᠎ᠤ ᠲᠠᠩᠰᠠ ᠡᠪᠬᠡᠮᠡᠯ᠎ᠢ ᠪᠠᠢ᠌ᠭᠤᠯᠵᠤ᠂ ᠲᠠᠷᠠᠭ᠋ᠠᠴᠢ᠎ᠪᠠᠷ ᠨᠠᠷᠢᠯᠢᠭ ᠣᠨᠣᠴᠠᠲᠠᠢ ᠬᠠᠯᠠᠮᠵᠢᠯᠠᠬᠤ ᠪᠠ ᠲᠡᠳᠬᠦᠮᠵᠢ ᠬᠦᠷᠳᠡᠬᠡᠬᠦ᠎ᠳᠤ ᠬᠦᠴᠦᠲᠡᠢ ᠲᠤᠯᠭ᠋ᠠᠭᠤᠷᠢᠯᠠᠯ ᠬᠠᠡᠭᠭ᠋ᠠᠪᠠ᠃


 

    


ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.21
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.22
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.23
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.24
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.26
 
            