ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.23
ᠨᠡᠶᠢᠲᠡᠯᠡᠭᠰᠡᠨ ᠴᠠᠭ᠄ 2025-01-27

ᠴᠢᠬᠤᠯᠠ ᠮᠡᠳᠡᠭᠡ


   ᠲᠥᠷᠥ ᠵᠢᠨ ᠶᠠᠪᠤᠳᠠᠯ᠎ᠤᠨ ᠭᠡᠰᠢᠭᠦᠨ ᠴᠧᠨ ᠢ ᠴᠢᠨ ᠤᠷᠴᠢᠮ᠎ᠳᠤ ᠬᠠᠷᠠᠮᠥ᠋ᠷᠡᠨ᠎ᠳᠤ ᠠᠷᠠᠳ᠎ᠤᠨ ᠶᠠᠪᠤᠳᠠᠯ ᠪᠠ ᠵᠡᠮᠳᠡᠭᠴᠦᠳ᠎ᠤᠨ ᠠᠵᠢᠯ᠎ᠢ ᠪᠠᠢ᠌ᠴᠠᠭ᠋ᠠᠨ ᠰᠤᠳᠤᠯᠵᠤ ᠬᠦᠴᠢᠷᠳᠡᠯᠲᠡᠢ ᠣᠯᠠᠨ ᠲᠦᠮᠡᠨ᠎ᠢ ᠲᠤᠬᠤᠨᠢᠭᠤᠯᠬᠤ᠎ᠳᠤ᠎ᠪᠠᠨ᠄ 《ᠰᠢ ᠵᠢᠨ ᠫᠢᠩ᠎ᠤ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠶᠣᠰᠣᠭ᠋ᠠᠷ  ᠲᠤᠰᠠᠯᠠᠮᠵᠢ ᠵᠢᠨ ᠡᠯ᠎ᠡ ᠲᠦᠷᠦ ᠵᠢᠨ ᠪᠣᠳᠣᠯᠭ᠎ᠠ ᠵᠢ ᠨᠢᠮᠪᠠᠢ ᠨᠠᠢ᠌ᠳᠠᠪᠤᠷᠢᠵᠢᠭᠤᠯᠵᠤ᠂ ᠬᠦᠴᠢᠷᠳᠡᠯᠲᠡᠢ ᠤᠯᠠᠨ ᠲᠦᠮᠡᠨ᠎ᠤ ᠠᠮᠤᠷ ᠠᠮᠤᠭᠤᠯᠠᠩ ᠥᠯᠵᠡᠢ ᠪᠡᠯᠭᠡ᠎ᠲᠠᠢ ᠪᠠᠶᠠᠷ ᠳᠤᠷᠠᠰᠬᠠᠯ᠎ᠤᠨ ᠡᠳᠦᠷ ᠵᠶ᠋ᠡᠨ ᠥᠩᠭᠡᠷᠡᠭᠦᠯᠬᠦ ᠵᠢ ᠪᠠᠲᠤᠯᠠᠬᠤ ᠬᠡᠷᠡᠭᠲᠡᠢ᠃ ᠴᠠᠭ᠋ᠠᠨ ᠰᠠᠷ᠎ᠠ ᠪᠣᠯᠬᠤ ᠭᠡᠵᠦ ᠪᠠᠢ᠌ᠨ᠎ᠠ᠂ ᠬᠦᠴᠢᠷᠳᠡᠯᠲᠡᠢ ᠤᠯᠠᠨ ᠲᠦᠮᠡᠨ᠎ᠢ ᠬᠠᠢ᠌ᠷᠠᠯᠠᠵᠤ᠂ ᠲᠡᠳᠡᠨ᠎ᠢ ᠬᠠᠪᠰᠤᠷᠤᠨ ᠪᠠᠴᠢᠮᠳᠠᠯ ᠲᠤᠯᠭ᠋ᠠᠮᠳᠠᠯ ᠬᠦᠴᠢᠷᠳᠡ᠊ ᠵᠤᠪᠠᠨᠢᠯ᠎ᠢ᠎ᠨᠢ ᠰᠢᠢ᠍ᠳᠪᠦᠷᠢᠯᠡᠵᠦ᠂ ᠰᠢ ᠵᠢᠨ ᠫᠢᠩ ᠶᠡᠷᠦᠩᠬᠡᠢ ᠱᠦᠵᠢ ᠵᠢᠨ ᠳᠣᠲᠣᠨᠣ ᠬᠠᠯᠠᠮᠵᠢᠯᠠᠯ᠂ ᠨᠠᠮ ᠪᠣᠯᠣᠨ ᠵᠠᠰᠠᠭ᠎ᠤᠨ ᠣᠷᠳᠣᠨ᠎ᠤ ᠬᠠᠢ᠌ᠷ᠎ᠠ ᠬᠠᠯᠠᠮᠵᠢ ᠵᠢ ᠬᠦᠴᠢᠷᠳᠡᠯᠲᠡᠢ ᠤᠯᠠᠨ ᠲᠦᠮᠡᠨ᠎ᠳᠤ ᠬᠦᠷᠭᠡᠬᠦ ᠬᠡᠷᠡᠭᠲᠡᠢ᠃ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠢ ᠲᠠᠰ ᠲᠥᠷᠥᠯ ᠬᠤᠪᠢᠶᠠᠨ ᠰᠠᠢ᠌ᠲᠤᠷ ᠬᠢᠵᠦ᠂ ᠡᠯ᠎ᠡ ᠲᠥᠷᠥᠯ᠎ᠤᠨ ᠲᠤᠰᠠᠯᠠᠮᠵᠢ ᠵᠢᠨ ᠮᠥᠩᠭᠥ ᠵᠢ ᠴᠠᠭ ᠲᠤᠬᠠᠢ᠎ᠳᠤ᠎ᠨᠢ ᠲᠣᠭ᠎ᠠ ᠶᠣᠰᠣᠭ᠋ᠠᠷ ᠣᠯᠭᠣᠬᠤ ᠬᠡᠷᠡᠭᠲᠡᠢ᠃ ᠲᠦᠷ ᠴᠠᠭ᠎ᠤᠨ ᠲᠤᠰᠠᠯᠠᠮᠵᠢ ᠵᠢᠨ ᠡᠷᠴᠢᠮ ᠵᠶ᠋ᠡᠨ ᠴᠢᠩᠭ᠋ᠠᠷᠠᠭᠤᠯᠵᠤ᠂ ᠭᠡᠨᠡᠳᠲᠡ ᠵᠢᠨ ᠂ ᠲᠤᠯᠭ᠋ᠠᠮ ᠬᠦᠴᠢᠷᠳᠡᠯ᠎ᠳᠤ ᠲᠤᠯᠭ᠋ᠠᠷᠠᠭᠰᠠᠨ ᠣᠯᠠᠨ ᠲᠦᠮᠡᠨ᠎ᠳᠤ ᠴᠠᠭ ᠲᠤᠬᠠᠢ᠎ᠳᠤ᠎ᠨᠢ ᠦᠨᠳᠦᠰᠦᠨ ᠠᠮᠢᠳᠤᠷᠠᠯ᠎ᠤᠨ ᠪᠠᠲᠤᠯᠠᠭ᠎ᠠ  ᠤᠯᠭᠤᠬᠤ ᠬᠡᠷᠡᠭᠳᠡᠢ᠃ ᠥᠨᠥᠴᠢᠨ ᠪᠡᠯᠪᠡᠰᠦᠨ ᠨᠠᠰᠤᠲᠠᠨ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠂ ᠵᠡᠮᠳᠡᠭᠴᠦᠳ᠎ᠢ ᠰᠤᠷᠪᠤᠯᠵᠢᠯᠠᠨ ᠬᠠᠯᠠᠮᠵᠢᠯᠠᠬᠤ ᠠᠵᠢᠯ᠎ᠢ ᠴᠢᠩᠭ᠋ᠠᠳᠬᠠᠵᠤ᠂ ᠲᠡᠳᠡᠨ᠎ᠢ ᠬᠠᠪᠰᠤᠷᠤᠨ ᠠᠮᠢᠳᠤᠷᠠᠯ᠎ᠤᠨ ᠳᠤᠮᠳᠠᠬᠢ ᠪᠣᠳᠠᠲᠠᠢ ᠬᠦᠴᠢᠷᠳᠡᠯ᠎ᠢ᠎ᠨᠢ ᠰᠢᠢ᠍ᠳᠪᠦᠷᠢᠯᠡᠨ ᠥᠭᠴᠦ ᠦᠨᠳᠦᠰᠦᠨ ᠠᠷᠠᠳ᠎ᠤᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠷᠢᠮᠵᠢᠶ᠎ᠠ ᠵᠢ ᠪᠠᠲᠤ ᠰᠠᠬᠢᠬᠤ ᠬᠡᠷᠡᠭᠳᠡᠢ》 ᠬᠡᠯ᠎ᠡ᠃


ᠠᠷᠠᠳ᠎ᠤᠨ ᠶᠠᠪᠤᠳᠠᠯ᠎ᠤᠨ ᠶᠠᠮᠤᠨ


      ᠳᠤᠮᠳᠠᠳᠤ ᠤᠯᠤᠰ᠎ᠤᠨ ᠬᠡᠦᠬᠡᠳ᠎ᠤᠨ ᠠᠰᠠᠷᠠᠮᠵᠢ ᠪᠠ ᠡᠷᠭᠦᠨ ᠲᠡᠵᠢᠭᠡᠬᠦ ᠲᠥᠪ᠎ᠨᠢ᠎ᠤᠨ᠎ᠬᠢᠨ ᠤᠷᠴᠢᠮ᠎ᠳᠤ ᠬᠤᠨᠠᠨ ᠮᠤᠵᠢ ᠵᠢᠨ ᠯᠢᠶᠠᠨ ᠶᠤᠸᠠᠨ ᠬᠣᠲᠠ ᠵᠢᠨ ᠨᠢᠭᠦᠯᠡᠰᠦᠩᠭᠦᠢ ᠵᠢᠨ ᠨᠡᠢ᠌ᠭᠡᠮᠯᠢᠭ᠎ᠤᠨ᠎ᠬᠢᠨ᠎ᠲᠠᠢ ᠬᠠᠮᠲᠤᠷᠠᠯᠴᠠᠭ᠋ᠠᠨ᠎ᠤ ᠬᠡᠯᠡᠯᠴᠡᠭᠡᠷ ᠲᠣᠭᠲᠠᠵᠤ᠂ 《ᠬᠡᠦᠬᠡᠳ᠎ᠤᠨ ᠰᠡᠳᠬᠢᠯ᠎ᠢ ᠨᠡᠷᠡᠨ ᠬᠡᠷᠡᠯ ᠵᠶ᠋ᠡᠷ ᠤᠮᠳᠠᠯᠠᠬᠤ》 ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠲᠥᠷᠥᠯ ᠵᠦᠢ᠍ᠯ᠎ᠢ ᠬᠠᠮᠲᠤ᠎ᠪᠠᠷ ᠡᠬᠢᠯᠡᠭᠦᠯᠪᠡ᠃ ᠲᠥᠷᠥᠯ ᠵᠦᠢ᠍ᠯ᠎ᠤᠨ ᠵᠥᠪᠯᠡᠯᠴᠡᠭᠡᠷ᠎ᠢ ᠦᠨᠳᠦᠰᠦᠯᠡᠪᠡᠯ᠂ ᠬᠣᠶᠠᠷ ᠲᠠᠯ᠎ᠠ᠎ᠪᠠᠷ ᠵᠶ᠋ᠠᠨ ᠯᠢᠶᠤᠤ ᠶᠤᠸᠠᠨ ᠬᠣᠲᠠ ᠵᠢᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠭᠡᠷ ᠪᠦᠯᠢ ᠵᠢᠨ ᠬᠢᠨᠠᠨ ᠬᠠᠮᠠᠭ᠋ᠠᠯᠠᠯᠲᠠ ᠵᠢᠨ ᠪᠠᠢ᠌ᠳᠠᠯ᠎ᠢ ᠰᠢᠭᠰᠢᠨ ᠪᠠᠢ᠌ᠴᠠᠭ᠋ᠠᠵᠤ  ᠦᠨᠡᠯᠡᠬᠦ ᠪᠠ ᠲᠦᠭᠰᠢᠭᠦᠷᠢ ᠵᠢ ᠮᠠᠭ᠋ᠠᠳᠯᠠᠨ ᠲᠣᠭᠲᠠᠭ᠋ᠠᠵᠤ᠂ ᠠᠳᠠᠯᠢ ᠪᠤᠰᠤ ᠲᠦᠭᠰᠢᠭᠦᠷᠢ ᠵᠢᠨ ᠲᠠᠰ᠎ᠤᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠪᠡᠶ᠎ᠡ ᠰᠡᠳᠬᠢᠯ᠎ᠤᠨ ᠪᠣᠶ᠋ᠢᠵᠢᠯᠲᠠ ᠪᠠ ᠨᠡᠢ᠌ᠭᠡᠮ᠎ᠤᠨ ᠠᠭᠤᠰᠤᠯᠴᠠᠯ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠴᠢᠭᠯᠡᠭᠦᠯᠦᠨ ᠳᠡᠮᠵᠢᠨ ᠲᠡᠳᠬᠦᠬᠦ ᠠᠷᠭ᠎ᠠ ᠵᠢ ᠲᠥᠷᠥᠯ ᠬᠤᠪᠢᠶᠠᠨ ᠬᠡᠷᠡᠭᠵᠢᠬᠦᠯᠬᠦ ᠪᠤᠯᠤᠨ᠎ᠠ᠃


ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ


     ᠲᠥᠪᠡᠳ᠎ᠤᠨ ᠰᠢᠭ᠋ᠠᠽᠸ ᠬᠣᠲᠠ ᠵᠢᠨ ᠳ᠋ᠢᠩ ᠵᠢᠶᠧ ᠰᠢᠶᠠᠨ᠎ᠳᠤ ᠭᠠᠵᠠᠷ ᠬᠥᠳᠡᠯᠦᠯᠲᠡ ᠭᠠᠷᠤᠭᠰᠠᠨ᠎ᠤ ᠳᠠᠷᠠᠭ᠎ᠠ  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠢᠭᠡᠳᠦᠯᠲᠡᠢ ᠪᠠᠢ᠌ᠷᠢᠯᠠᠭᠤᠯᠤᠯᠲᠠ ᠎ᠪᠠᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ᠎ᠤᠨ᠎ᠬᠢᠨ ᠳᠠᠷᠤᠢ  ᠬᠦᠳᠡᠯᠤᠯᠴᠡᠵᠤ 《ᠲᠥᠪᠡᠳ ᠣᠷᠣᠨ᠎ᠢ ᠲᠦᠷᠭᠡᠨ ᠲᠤᠰᠠᠯᠠᠵᠤ ᠭᠠᠵᠠᠷ ᠬᠥᠳᠡᠯᠦᠯᠲᠡ᠎ᠲᠠᠢ ᠲᠡᠮᠡᠴᠡᠨ ᠭᠠᠮᠰᠢᠭ᠎ᠠᠴᠠ ᠠᠪᠤᠷᠠᠬᠤ ᠠᠵᠢᠯ᠎ᠤᠨ ᠵᠣᠭᠣᠰ ᠬᠠᠨᠳᠢᠪᠯᠡᠬᠤ ᠰᠠᠨᠠᠭ᠋ᠠᠴᠢᠯᠠᠭ᠎ᠠ ᠵᠢᠨ ᠪᠢᠴᠢᠭ》᠎ᠢ ᠨᠡᠢ᠌ᠲᠡᠯᠡᠵᠦ᠂ ᠭᠠᠵᠠᠷ ᠬᠥᠳᠡᠯᠦᠯᠲᠡ᠎ᠲᠠᠢ ᠲᠡᠮᠡᠴᠡᠨ ᠭᠠᠮᠰᠢᠭ᠎ᠠᠴᠠ ᠠᠪᠤᠷᠠᠬᠤ ᠠᠵᠢᠯ᠎ᠤᠨ ᠵᠣᠭᠣᠰ ᠴᠤᠭᠯᠠᠭᠤᠯᠬᠤ ᠠᠵᠢᠯᠯᠠᠭ᠎ᠠ ᠵᠢ ᠢᠳᠡᠪᠬᠢᠲᠡᠢ ᠥᠷᠨᠢᠭᠦᠯᠪᠡ᠃ ᠰᠠᠨᠠᠭ᠋ᠠᠴᠢᠯᠠᠭ᠎ᠠ ᠵᠢᠨ ᠳᠠᠭᠤᠰᠬᠤ ᠴᠠᠭ (1 ᠰᠠᠷ᠎ᠠ ᠵᠢᠨ 20᠎ᠤ ᠡᠳᠦᠷ᠎ᠤᠨ 24 ᠴᠠᠭ) ᠪᠣᠯᠲᠠᠯ᠎ᠠ᠂ ᠨᠡᠶ᠋ᠢᠲᠡ 310642.11 ᠲᠥᠭᠥᠷᠢᠭ᠎ᠤᠨ ᠬᠠᠨᠳᠢᠪ᠎ᠤᠨ ᠮᠥᠩᠭᠥ ᠵᠢ ᠬᠦᠯᠢᠶᠡᠨ ᠠᠪᠤᠬᠰᠠᠨ᠎ᠤ ᠳᠣᠲᠣᠷ᠎ᠠ 276545.11 ᠲᠥᠭᠥᠷᠢᠭ᠎ᠤᠨ ᠪᠤᠶᠠᠨ᠎ᠤ ᠮᠥᠩᠭᠥ ᠵᠢ ᠲᠥᠪᠡᠳ᠎ᠤᠨ ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠢ ᠵᠢᠨ ᠶᠡᠷᠦᠩᠬᠡᠢ ᠡᠪᠯᠡᠯ᠎ᠳᠤ ᠰᠢᠯᠵᠢᠭᠦᠯᠦᠨ ᠦᠯᠡᠳᠡᠭᠰᠡᠨ᠎ᠢ᠎ᠨᠢ ᠬᠠᠨᠳᠢᠪᠯᠡᠭ᠍ᠴᠢ ᠵᠢᠨ ᠬᠦᠰᠡᠯ ᠵᠶ᠋ᠡᠷ ᠭᠠᠮᠰᠢᠭᠳᠠᠭᠰᠠᠨ ᠣᠷᠣᠨ᠎ᠳᠤ ᠴᠠᠭ ᠲᠤᠬᠠᠢ᠎ᠳᠤ ᠥᠭᠬᠦ ᠪᠣᠯᠣᠨ᠎ᠠ᠃


ᠨᠡᠢ᠌ᠭᠡᠮ᠎ᠤᠨ ᠲᠤᠰᠠᠯᠠᠮᠵᠢ


    ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠬᠦᠴᠢᠷᠳᠡᠯᠲᠡᠢ ᠣᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ  ᠲᠤᠰᠠᠯᠠᠮᠵᠢ ᠵᠢᠨ ᠠᠭᠤᠯᠭ᠎ᠠ ᠵᠢᠨ ᠣᠨᠣᠪᠴᠢ ᠵᠢᠨ ᠬᠡᠮᠵᠢᠶ᠎ᠡ ᠵᠢ ᠳᠡᠭᠡᠭᠰᠢᠯᠡᠭᠦᠯᠵᠦ᠂ ᠪᠣᠳᠠᠲᠠᠢ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ᠂ ᠠᠵᠢᠯ ᠣᠯᠭᠣᠯᠲᠠ᠂ ᠡᠮᠴᠢᠯᠡᠭᠡ᠂ ᠰᠤᠷᠭ᠋ᠠᠨ ᠬᠥᠮᠦᠵᠢᠯ᠂ ᠣᠷᠣᠨ ᠰᠠᠭᠤᠴᠠ᠂ ᠭᠠᠢ ᠭᠠᠮᠰᠢᠭ ᠵᠡᠷᠭᠡ ᠲᠠᠯ᠎ᠠ᠎ᠪᠠᠷ᠎ᠬᠢ ᠲᠤᠰᠠᠯᠠᠮᠵᠢ ᠵᠢᠨ ᠠᠵᠢᠯᠯᠠᠭ᠎ᠠ ᠵᠢ ᠥᠷᠨᠢᠭᠦᠯᠵᠦ᠂ ᠠᠮᠢᠳᠤᠷᠠᠯ᠎ᠤᠨ ᠲᠤᠰᠠᠯᠠᠮᠵᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠪᠡ᠃ ᠲᠤᠰᠠᠯᠠᠬᠤ ᠴᠢᠬᠤᠯᠠᠲᠠᠢ ᠬᠦᠮᠦᠰ᠎ᠢ ᠰᠠᠨᠠᠭ᠋ᠠᠴᠢᠯᠠᠭ᠎ᠠ᠎ᠠᠴᠠ᠎ᠪᠠᠨ ᠣᠯᠵᠤ ᠮᠡᠳᠡᠪᠡᠯ 《  ᠲᠠᠷᠤᠢ ᠮᠡᠳᠡᠭᠦᠯᠬᠦ》 ᠲᠦᠷᠢᠮ᠎ᠢ ᠴᠢᠩᠭ᠎ᠠ ᠬᠡᠷᠡᠭᠵᠢᠭᠦᠯᠵᠦ᠂ ᠭᠤᠶᠤᠴᠢᠯᠠᠬᠤ᠎ᠳᠤ ᠬᠦᠴᠢᠷᠲᠡᠢ ᠪᠤᠯ ᠭᠤᠶᠤᠴᠢᠯᠠᠬ᠍ᠴᠢ ᠵᠢ ᠬᠠᠪᠰᠤᠷᠤᠨ ᠭᠤᠶᠤᠴᠢᠯᠠᠵᠤ ᠦᠭᠬᠦᠯ᠎ᠡ᠃ ᠪᠠᠴᠢᠮ ᠬᠦᠴᠢᠷᠳᠡᠯ᠎ᠳᠤ ᠲᠤᠯᠭ᠋ᠠᠷᠠᠭᠰᠠᠨ ᠪᠤᠯ 《ᠤᠷᠢᠳ ᠵᠶ᠋ᠡᠷ ᠲᠤᠰᠠᠯᠠᠬᠤ》 ᠲᠣᠭᠲᠠᠭ᠋ᠠᠯ ᠶᠣᠰᠣᠭ᠋ᠠᠷ ᠲᠦᠷ ᠴᠠᠭ᠎ᠤᠨ  ᠲᠤᠰᠠᠯᠠᠮᠵᠢ ᠦᠵᠡᠬᠦᠯᠤᠬᠡᠳ ᠳᠠᠷᠠᠭ᠎ᠠ᠎ᠨᠢ ᠬᠠᠮᠢᠶ᠎ᠠ ᠪᠦᠬᠦᠢ ᠮᠠᠲ᠋ᠧᠷᠢᠶᠠᠯ᠎ᠢ ᠨᠦᠬᠦᠪᠤᠷᠢᠯᠡᠪᠡ᠃ 2024 ᠣᠨ᠎ᠳᠤ ᠤᠯᠠᠭ᠋ᠠᠨᠴᠠᠪ ᠬᠣᠲᠠ ᠵᠢᠨ᠎ᠬᠢᠨ ᠰᠠᠨᠠᠭ᠋ᠠᠴᠢᠯᠠᠭ᠎ᠠ᠎ᠠᠴᠠ᠎ᠪᠠᠨ ᠢᠯᠡᠷᠡᠭᠦᠯᠬᠦ ᠪᠠ ᠣᠯᠠᠨ ᠲᠦᠮᠡᠨ᠎ᠤ ᠪᠡᠶ᠎ᠡ᠎ᠪᠠᠨ ᠳᠠᠭ᠋ᠠᠭ᠋ᠠᠵᠤ ᠭᠤᠶᠤᠴᠢᠯᠠᠬᠤ ᠵᠢ ᠤᠶᠠᠯᠳᠤᠭᠤᠯᠬᠤ᠎ᠪᠠᠷ ᠳᠠᠮᠵᠢᠭᠤᠯᠤᠨ 2.8 ᠲᠦᠮᠡᠨ ᠤᠳᠠᠭ᠎ᠠ ᠵᠢᠨ ᠲᠦᠷ ᠴᠠᠭ᠎ᠤᠨ  ᠲᠤᠰᠠᠯᠠᠮᠵᠢ ᠦᠵᠡᠬᠦᠯᠵᠡᠢ᠃

 


 






   

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.24
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.26
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.27
ᠰᠦᠨ ᠱᠤᠤ ᠴᠧᠩ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠣᠷᠪᠤᠯᠵᠢᠯᠠᠭ᠎ᠠ ᠵᠢᠨ ᠲᠣᠪᠴᠢᠶ᠎ᠠ᠎ᠳᠤ ᠬᠦᠷᠴᠦ ᠰᠤᠷᠪᠤᠯᠵᠢᠯᠠᠬᠤ᠎ᠪᠠᠷ ᠢᠷᠡᠭᠰᠡᠨ ᠤᠯᠠᠨ ᠲᠦᠮᠡᠨ᠎ᠲᠠᠢ ᠠᠭᠤᠯᠵᠠᠪᠠ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ11.12
 
            