ᠠᠷᠠᠳ᠎ᠤᠨ ᠶᠠᠪᠤᠳᠠᠯ᠎ᠤᠨ ᠶᠠᠮᠤᠨ
ᠠᠷᠠᠳ᠎ᠤᠨ ᠶᠠᠪᠤᠳᠠᠯ᠎ᠤᠨ ᠶᠠᠮᠤᠨ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠰᠠᠯᠠᠭ᠎ᠠ ᠮᠥᠴᠢᠷ᠎ᠤᠨ᠎ᠬᠢᠨ ᠤᠷᠴᠢᠮ᠎ᠳᠤ ᠬᠠᠮᠲᠤᠷᠠᠭᠰᠠᠨ ᠳᠦᠷᠢᠮ ᠲᠣᠭᠲᠠᠭ᠋ᠠᠯ 《ᠣᠶᠣᠨ᠎ᠤ ᠡᠷᠡᠭᠦᠯ ᠬᠠᠮᠠᠭ᠋ᠠᠯᠠᠯ ᠠᠰᠠᠷᠠᠮᠵᠢ ᠵᠢᠨ ᠪᠠᠢ᠌ᠭᠤᠯᠤᠮᠵᠢ ᠵᠢᠨ ᠬᠠᠮᠢᠶᠠᠷᠤᠯᠲᠠ ᠵᠢᠨ ᠠᠷᠭ᠎ᠠ》 ᠵᠢ ᠲᠣᠭᠲᠠᠭ᠋ᠠᠵᠤ᠂ ᠣᠶᠣᠨ᠎ᠤ ᠡᠷᠡᠭᠦᠯ ᠬᠠᠮᠠᠭ᠋ᠠᠯᠠᠯ ᠠᠰᠠᠷᠠᠮᠵᠢ ᠵᠢᠨ ᠪᠠᠢ᠌ᠭᠤᠯᠤᠮᠵᠢ ᠵᠢᠨ ᠦᠢ᠍ᠯᠡᠴᠢᠯᠡᠭᠡ ᠵᠢ ᠤᠯᠠᠮ ᠵᠢᠷᠤᠮᠵᠢᠭᠤᠯᠪᠠ᠃ 《ᠠᠷᠭ᠎ᠠ》᠎ᠳᠤ 6 ᠪᠦᠯᠦᠭ 49 ᠵᠦᠢ᠍ᠯ᠎ᠲᠠᠢ᠂ ᠭᠣᠣᠯ ᠠᠭᠤᠯᠭ᠎ᠠ᠎ᠨᠢ ᠪᠠᠢ᠌ᠭᠤᠯᠤᠮᠵᠢ ᠵᠢᠨ᠎ᠬᠢᠨ᠎ᠤ ᠦᠢ᠍ᠯᠡᠴᠢᠯᠡᠬᠦ ᠡᠳᠡᠬᠡᠳ᠂ ᠦᠢ᠍ᠯᠡᠴᠢᠯᠡᠬᠦ ᠠᠭᠤᠯᠭ᠎ᠠ ᠵᠢ ᠨᠠᠷᠢᠯᠢᠭᠵᠢᠭᠤᠯᠤᠨ ᠵᠢᠷᠤᠮᠵᠢᠭᠤᠯᠵᠤ᠂ ᠪᠠᠢ᠌ᠭᠤᠯᠤᠮᠵᠢ ᠵᠢᠨ ᠲᠥᠯᠦᠪᠵᠢᠭᠦᠯᠭᠡ ᠪᠦᠲᠦᠭᠡᠨ ᠪᠠᠢ᠌ᠭᠤᠯᠤᠯᠲᠠ᠂ ᠳᠣᠲᠣᠭ᠋ᠠᠳᠤ ᠵᠢᠨ ᠬᠠᠮᠢᠶᠠᠷᠤᠯᠲᠠ᠂ ᠪᠠᠲᠤᠯᠠᠭ᠎ᠠ ᠪᠠ ᠬᠢᠨᠠᠯᠲᠠ ᠲᠠᠯᠪᠢᠬᠤ ᠠᠷᠭ᠎ᠠ ᠵᠢ ᠲᠣᠳᠣᠷᠬᠠᠢ᠌ᠯᠠᠪᠠ᠃
ᠠᠷᠠᠳ᠎ᠤᠨ ᠶᠠᠪᠤᠳᠠᠯ᠎ᠤᠨ ᠶᠠᠮᠤᠨ ᠵᠡᠷᠭᠡ 18 ᠰᠠᠯᠠᠭ᠎ᠠ ᠮᠥᠴᠢᠷ᠎ᠤᠨ᠎ᠬᠢᠨ ᠤᠷᠴᠢᠮ᠎ᠳᠤ ᠬᠠᠮᠲᠤᠷᠠᠨ 《ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠬᠤᠪᠢ ᠬᠥᠮᠥᠨ᠎ᠤ ᠮᠡᠳᠡᠭᠡ ᠵᠠᠩᠭᠢ ᠵᠢ ᠬᠠᠮᠠᠭ᠋ᠠᠯᠠᠬᠤ ᠠᠵᠢᠯ᠎ᠤᠨ ᠠᠷᠭ᠎ᠠ》 ᠵᠢ ᠳᠠᠷᠤᠮᠠᠯᠯᠠᠨ ᠲᠠᠷᠬᠠᠭ᠋ᠠᠪᠠ᠃ 《ᠠᠷᠭ᠎ᠠ》᠎ᠳᠤ᠄ 《ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠨᠡᠢ᠌ᠭᠡᠮ᠎ᠤᠨ ᠲᠤᠰᠠᠯᠠᠮᠵᠢ᠂ ᠨᠢᠭᠦᠯᠡᠰᠦᠩᠭᠦᠢ ᠵᠢᠨ ᠲᠡᠳᠬᠦᠮᠵᠢ᠂ ᠬᠠᠯᠠᠮᠵᠢᠯᠠᠬᠤ ᠦᠢ᠍ᠯᠡᠴᠢᠯᠡᠭᠡ ᠵᠢ ᠵᠣᠬᠢᠶᠠᠨ ᠪᠠᠢ᠌ᠭᠤᠯᠤᠨ ᠬᠡᠷᠡᠭᠵᠢᠭᠦᠯᠬᠦ᠎ᠳᠤ᠎ᠪᠠᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠬᠤᠪᠢ ᠬᠥᠮᠥᠨ᠎ᠤ ᠮᠡᠳᠡᠭᠡ ᠵᠠᠩᠭᠢ ᠵᠢ ᠬᠠᠤᠯᠢ ᠶᠣᠰᠣᠭ᠋ᠠᠷ ᠬᠠᠮᠠᠭ᠋ᠠᠯᠠᠬᠤ ᠬᠡᠷᠡᠭᠲᠡᠢ᠃ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ᠂ ᠨᠠᠰᠤᠨ᠎ᠳᠤ ᠥᠯᠥ ᠭᠦᠷᠦᠭᠰᠡᠳ᠎ᠢ ᠲᠤᠰᠠᠯᠠᠵᠤ ᠬᠠᠮᠠᠭ᠋ᠠᠯᠠᠬᠤ ᠪᠠᠢ᠌ᠭᠤᠯᠤᠮᠵᠢ᠂ ᠬᠣᠯᠪᠣᠭᠳᠠᠯ ᠪᠦᠬᠦᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠠ ᠲᠡᠭᠦᠨ᠎ᠤ ᠠᠵᠢᠯᠲᠠᠨ ᠪᠤᠯᠤᠨ ᠬᠡᠦᠬᠡᠳ᠎ᠤᠨ ᠬᠢᠨᠠᠨ ᠵᠢᠯᠣᠭᠣᠳᠤᠭᠴᠢ᠂ ᠬᠡᠦᠬᠡᠳ᠎ᠤᠨ ᠡᠷᠬᠢᠯᠡᠭᠴᠢ ᠵᠡᠷᠭᠡ ᠵᠢᠨ ᠮᠡᠳᠡᠭᠡ ᠵᠠᠩᠭᠢ ᠵᠢᠨ ᠬᠠᠮᠠᠭ᠋ᠠᠯᠠᠯᠲᠠ ᠵᠢᠨ ᠦᠵᠡᠯ ᠤᠬᠠᠮᠰᠠᠷ᠎ᠢ ᠳᠡᠭᠡᠭᠰᠢᠯᠡᠭᠦᠯᠬᠦ ᠵᠢ ᠬᠢᠨᠠᠨ ᠵᠢᠯᠣᠭᠣᠳᠤᠨ᠎ᠠ᠃ ᠬᠣᠯᠪᠣᠭᠳᠠᠯ ᠪᠦᠬᠦᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠰᠠᠢ᠌ᠨ ᠳᠤᠷ᠎ᠠ ᠵᠢᠨ ᠠᠵᠢᠯᠯᠠᠭᠴᠢ ᠵᠡᠷᠭᠡ᠎ᠨᠢ ᠭᠡᠷ ᠪᠦᠯᠢ ᠵᠢᠨ ᠬᠥᠮᠦᠵᠢᠯ᠎ᠤᠨ ᠵᠢᠯᠣᠭᠣᠳᠤᠯᠭ᠎ᠠ᠂ ᠬᠡᠦᠬᠡᠳ᠎ᠢ ᠬᠠᠯᠠᠮᠵᠢᠯᠠᠨ ᠬᠠᠢ᠌ᠷᠠᠯᠠᠬᠤ ᠦᠢ᠍ᠯᠡᠴᠢᠯᠡᠭᠡᠨ᠎ᠤ ᠠᠵᠢᠯᠯᠠᠭ᠎ᠠ ᠥᠷᠨᠢᠭᠦᠯᠬᠦ ᠬᠤᠭᠤᠴᠠᠭ᠋ᠠᠨ᠎ᠳᠤ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠬᠤᠪᠢ ᠬᠥᠮᠥᠨ᠎ᠤ ᠮᠡᠳᠡᠭᠡ ᠵᠠᠩᠭᠢ ᠵᠢ ᠰᠢᠢ᠍ᠳᠪᠦᠷᠢᠯᠡᠬᠦ ᠴᠢᠬᠤᠯᠠᠲᠠᠢ ᠪᠠᠢ᠌ᠪᠠᠯ᠂ ᠠᠵᠢᠯᠯᠠᠭ᠎ᠠ ᠥᠷᠨᠢᠭᠦᠯᠬᠦ᠎ᠳᠤ ᠵᠠᠪᠠᠯ ᠱᠠᠭ᠋ᠠᠷᠳᠠᠭᠳᠠᠬᠤ ᠬᠠᠮᠤᠭ᠎ᠤᠨ ᠪᠠᠭ᠎ᠠ ᠬᠡᠮᠵᠢᠶ᠎ᠡ ᠪᠠ ᠬᠦᠷᠢᠶ᠎ᠡ ᠬᠡᠪᠴᠢᠶ᠎ᠡ᠎ᠳᠤ ᠬᠢᠵᠠᠭ᠋ᠠᠷᠯᠠᠬᠤ ᠵᠢᠨ ᠬᠠᠮᠲᠤ ᠵᠣᠬᠢᠬᠤ ᠬᠠᠮᠠᠭ᠋ᠠᠯᠠᠯᠲᠠ ᠵᠢᠨ ᠠᠵᠢᠯ᠎ᠢ ᠰᠠᠢ᠌ᠲᠤᠷ ᠬᠢᠬᠦ ᠬᠡᠷᠡᠭᠲᠡᠢ》 ᠭᠡᠵᠤ ᠲᠤᠬᠳᠠᠭ᠋ᠠᠬᠰᠠᠨ ᠪᠠᠢ᠌ᠨ᠎ᠠ᠃
ᠨᠡᠢ᠌ᠭᠡᠮ᠎ᠤᠨ ᠶᠠᠪᠤᠳᠠᠯ
ᠠᠯᠠᠱ᠌ᠠ ᠠᠢ᠌ᠮᠠᠭ᠎ᠲᠤ 《ᠬᠠᠬᠢᠷ ᠡᠪᠦᠯ᠎ᠤᠨ ᠬᠦᠢ᠍ᠳᠡᠨ ᠵᠢ ᠬᠠᠯᠠᠭᠤᠨ ᠳᠤᠯᠠᠭ᠋ᠠᠨ ᠬᠦᠷᠭᠡᠬᠦ》 ᠲᠤᠰᠬᠠᠢ ᠲᠤᠰᠠᠯᠠᠮᠵᠢ ᠵᠢᠨ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠵᠡᠭᠡᠯᠢ ᠳᠡᠭᠡᠷᠡᠬᠢ ᠲᠣᠭᠣᠷᠢᠨ ᠪᠠᠢ᠌ᠴᠠᠭ᠋ᠠᠬᠤ ᠠᠵᠢᠯ᠎ᠤᠨ ᠡᠷᠴᠢᠮ ᠵᠶ᠋ᠡᠨ ᠴᠢᠩᠭ᠋ᠠᠷᠠᠭᠤᠯᠤᠨ᠂ ᠲᠡᠷᠭᠡᠨ ᠥᠷᠲᠡᠭᠡ᠂ ᠬᠠᠶᠠᠭᠳᠠᠮᠠᠯ ᠪᠠᠷᠢᠯᠭ᠎ᠠ᠂ ᠬᠥᠭᠥᠷᠭᠡ ᠵᠢᠨ ᠭᠤᠯᠳᠤᠩ ᠠᠭᠤᠢ ᠵᠡᠷᠭᠡ ᠬᠡᠭᠡᠷ᠎ᠡ ᠬᠣᠨᠣᠭᠯᠠᠬᠤ ᠭᠠᠵᠠᠷ᠎ᠲᠤ ᠭᠣᠣᠯᠳᠠᠯᠭ᠎ᠠ᠎ᠲᠠᠢ ᠵᠢᠭᠰᠠᠭ᠋ᠠᠨ ᠪᠠᠢ᠌ᠴᠠᠭ᠋ᠠᠯᠲᠠ ᠬᠢᠵᠦ᠂ ᠲᠤᠰᠠᠯᠠᠮᠵᠢ ᠵᠢᠨ ᠠᠵᠢᠯ᠎ᠢ ᠣᠷᠬᠢᠭᠳᠠᠭᠤᠯᠬᠤ ᠦᠭᠡᠢ᠂ ᠥᠨᠴᠥᠭ ᠪᠤᠯᠤᠩ ᠦᠯᠡᠳᠡᠬᠡᠬᠦ ᠦᠭᠡᠢ᠎ᠪᠠᠷ ᠴᠢᠷᠮᠠᠢ᠌ᠨ ᠠᠵᠢᠯᠯᠠᠪᠠ ᠃ ᠠᠵᠢᠯᠯᠠᠭ᠎ᠠ ᠵᠢ ᠥᠷᠨᠢᠭᠦᠯᠦᠭᠰᠡᠨ᠎ᠠᠴᠠ ᠨᠠᠭ᠋ᠠᠰᠢ 56 ᠤᠳᠠᠭ᠎ᠠ ᠲᠤᠰᠠᠯᠠᠭ᠋ᠠᠳ ᠲᠤᠰᠠᠯᠠᠮᠵᠢ ᠭᠤᠶᠤᠴᠢᠯᠠᠭᠰᠠᠨ ᠬᠥᠮᠥᠰ᠎ᠤᠨ ᠠᠮᠢ ᠨᠠᠰᠤᠨ᠎ᠤ ᠠᠮᠤᠷ ᠲᠦᠪᠰᠢᠨ᠎ᠢ ᠴᠢᠷᠮᠠᠢ᠌ᠨ ᠪᠠᠲᠤᠯᠠᠵᠤ᠂ ᠬᠤᠳᠠ ᠵᠢᠨ᠎ᠬᠢᠨ᠎ᠤ ᠬᠠᠯᠠᠭᠤᠨ ᠳᠤᠯᠠᠭ᠋ᠠᠨ᠎ᠢ ᠴᠢᠡᠭ ᠦᠨᠡᠨ᠎ᠠᠴᠠ᠎ᠪᠠᠨ ᠲᠠᠮᠵᠢᠭᠤᠯᠤᠯ᠎ᠠ᠃
ᠨᠡᠢ᠌ᠭᠡᠮ᠎ᠤᠨ ᠲᠤᠰᠠᠯᠠᠮᠵᠢ
ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠬᠦᠴᠢᠷᠳᠡᠯᠲᠡᠢ ᠣᠯᠠᠨ ᠲᠦᠮᠡᠨ᠎ᠤ ᠪᠠᠶᠠᠷ ᠳᠤᠷᠠᠰᠬᠠᠯ᠎ᠤᠨ ᠡᠳᠦᠷ᠎ᠢ ᠬᠠᠯᠠᠭᠤᠨ ᠵᠶ᠋ᠠᠷ ᠥᠩᠭᠡᠷᠡᠭᠦᠯᠬᠦ ᠵᠢ ᠪᠠᠲᠤᠯᠠᠬᠤ ᠵᠢᠨ ᠲᠥᠯᠥᠭᠡ ᠨᠡᠢ᠌ᠭᠡᠮ᠎ᠤᠨ ᠲᠤᠰᠠᠯᠠᠮᠵᠢ ᠵᠢᠨ ᠬᠦᠷᠢᠶ᠎ᠡ ᠴᠠᠷᠠᠭ᠎ᠠ᠎ᠳᠤ᠎ᠬᠢ ᠠᠮᠤᠷ ᠲᠦᠪᠰᠢᠨ ᠲᠣᠭᠲᠠᠭᠤᠨ ᠪᠠᠢ᠌ᠯᠭ᠋ᠠᠬᠤ ᠠᠵᠢᠯ᠎ᠢ ᠴᠢᠷᠮᠠᠢ᠌ᠨ ᠰᠠᠢ᠌ᠲᠤᠷ ᠬᠢᠵᠦ᠂ ᠬᠦᠴᠢᠷᠳᠡᠯᠲᠡᠢ ᠣᠯᠠᠨ ᠲᠦᠮᠡᠨ᠎ᠤ ᠲᠤᠰᠠᠯᠠᠮᠵᠢ ᠵᠢᠨ ᠨᠥᠬᠥᠪᠦᠷᠢ ᠵᠢᠨ ᠪᠡᠯᠡ ᠮᠥᠩᠭᠥ ᠵᠢ ᠴᠠᠭ ᠲᠤᠬᠠᠢᠳᠤᠨᠢ ᠲᠣᠭ᠎ᠠ ᠶᠣᠰᠣᠭ᠋ᠠᠷ ᠲᠦᠭᠡᠭᠡᠪᠡ᠃ ᠪᠥᠬᠥ ᠬᠣᠲᠠ ᠵᠢᠨ 12 ᠬᠣᠰᠢᠭᠤ ᠬᠣᠲᠠ ᠲᠣᠭᠣᠷᠢᠭ᠎ᠤᠨ 2025 ᠣᠨ᠎ᠤ 1᠂ 2 ᠳ᠋ᠤᠭ᠋ᠠᠷ ᠰᠠᠷ᠎ᠠ᠎ᠳᠤ ᠬᠣᠲᠠ ᠬᠥᠳᠡᠭᠡ ᠵᠢᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠪᠡᠯᠡ ᠮᠥᠩᠭᠥ᠂ ᠬᠣᠲᠠ ᠬᠥᠳᠡᠭᠡ ᠵᠢᠨ ᠣᠨᠴᠠ ᠬᠦᠴᠢᠷᠳᠡᠯ᠎ᠲᠠᠢ ᠪᠡᠯᠡ ᠮᠥᠩᠭᠥ ᠵᠢ ᠨᠢᠭᠡᠨᠲᠡ ᠴᠠᠭ ᠲᠤᠬᠠᠢᠳᠤᠨᠢ ᠲᠠᠷᠬᠠᠭ᠋ᠠᠵᠠᠢ᠃
ᠬᠡᠦᠬᠡᠳ᠎ᠤᠨ ᠠᠰᠠᠷᠠᠮᠵᠢ
ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠵᠣᠬᠢᠶᠠᠨ ᠪᠠᠢ᠌ᠭᠤᠯᠵᠤ ᠥᠷᠨᠢᠭᠦᠯᠦᠭᠰᠡᠨ 《ᠪᠤᠭᠤᠳᠤ ᠵᠢᠨ᠎ᠬᠢᠨ᠎ᠤ ᠬᠡᠤᠬᠡᠳ᠎ᠤᠨ ᠦᠰᠤᠨ ᠪᠤᠢ᠌ᠵᠢᠯᠳᠠ ᠵᠢᠨ ᠬᠤᠸᠠᠷᠠᠨ》᠎ᠤ ᠠᠩᠬᠠᠨ᠎ᠤ ᠬᠤᠭᠤᠴᠠᠭ᠋ᠠᠨ᠎ᠤ ᠡᠪᠦᠯ᠎ᠤᠨ ᠠᠮᠠᠷᠠᠯᠲᠠ ᠵᠢᠨ ᠬᠤᠸᠠᠷᠠᠨ ᠤᠷᠴᠢᠮ᠎ᠳᠤ ᠲᠡᠬᠦᠰᠪᠡ ᠃ 40 ᠬᠡᠦᠬᠡᠳ 《ᠳᠠᠰᠬᠠᠯ᠎ᠤᠨ ᠵᠢᠯᠣᠭᠣᠳᠤᠯᠭ᠎ᠠ + ᠭᠣᠣᠯ ᠰᠡᠳᠦᠪᠲᠦ ᠠᠵᠢᠯᠯᠠᠭ᠎ᠠ》 ᠵᠢᠨ ᠬᠡᠯᠪᠡᠷᠢ᠎ᠪᠠᠷ ᠬᠣᠣᠰ ᠤᠶᠠᠩᠭ᠎ᠠ᠂ ᠴᠠᠭ᠋ᠠᠨ ᠰᠠᠷ᠎ᠠ ᠵᠢᠨ ᠵᠢᠷᠤᠭ ᠦᠢ᠍ᠯᠡᠳᠬᠦ ᠵᠢ ᠰᠤᠷᠤᠬᠰᠠᠨ ᠪᠦᠬᠡᠳ ᠤᠯᠠᠮᠵᠢᠯᠠᠯᠳᠤ ᠪᠢᠲᠡᠭᠦᠨ᠎ᠤ ᠬᠣᠭᠣᠯᠠ ᠬᠢᠬᠦ᠎ᠳᠤ ᠤᠷᠤᠯᠴᠠᠪᠠ᠃ ᠪᠤᠳᠠᠰ᠎ᠤᠨ ᠪᠤᠰᠤ ᠰᠣᠶᠤᠯ᠎ᠢ ᠪᠡᠶᠡᠴᠢᠯᠡᠨ ᠣᠢ᠌ᠯᠠᠭ᠋ᠠᠬᠤ ᠡᠳᠦᠷ᠂ ᠣᠨᠴᠠᠯᠢᠭᠲᠤ ᠠᠵᠢᠯᠯᠠᠭ᠎ᠠ ᠳᠤ᠎ᠬᠢ ᠬᠡᠦᠬᠡᠳ᠎ᠤᠨ ᠰᠢᠨᠵᠢᠯᠡᠬᠦ ᠤᠬᠠᠭ᠋ᠠᠨ᠎ᠤ ᠲᠤᠷᠰᠢᠯᠲᠠ ᠵᠡᠷᠭᠡ ᠪᠠᠶᠠᠯᠢᠭ ᠰᠠᠢ᠌ᠬᠠᠨ ᠠᠵᠢᠯᠯᠠᠭ᠎ᠠ᠎ᠨᠢ ᠬᠡᠦᠬᠡᠳ᠎ᠤᠨ ᠡᠷᠡᠭᠦᠯ ᠴᠢᠭᠢᠷᠠᠭ ᠪᠠᠶᠠᠷ ᠬᠦᠷ᠎ᠲᠠᠢ᠎ᠪᠠᠷ ᠦᠰᠦᠨ ᠪᠣᠢ᠌ᠵᠢᠬᠤ ᠵᠢ ᠳᠡᠮᠵᠢᠬᠦ ᠵᠢᠨ ᠬᠠᠮᠲᠤ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠬᠤ ᠠᠵᠢᠯ᠎ᠢ ᠴᠢᠩᠭ᠋ᠠᠳᠬᠠᠬᠤ ᠵᠢᠨ ᠬᠠᠮᠲᠤ ᠭᠡᠷ ᠪᠦᠯᠢ ᠵᠢᠨ᠎ᠬᠢᠨ᠎ᠤ ᠬᠡᠤᠬᠡᠳ ᠵᠶ᠋ᠡᠨ ᠬᠠᠷᠠᠭ᠋ᠠᠯᠵᠠᠬᠤ᠎ᠳᠤ ᠬᠦᠴᠢᠷᠳᠡᠯ᠎ᠢ ᠨᠠᠮᠳᠠᠭᠤᠯᠤᠬᠰᠠᠨ ᠪᠠᠢ᠌ᠨ᠎ᠠ᠃