ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.27
ᠨᠡᠶᠢᠲᠡᠯᠡᠭᠰᠡᠨ ᠴᠠᠭ᠄ 2025-01-27

ᠠᠷᠠᠳ᠎ᠤᠨ ᠶᠠᠪᠤᠳᠠᠯ᠎ᠤᠨ ᠶᠠᠮᠤᠨ


   ᠠᠷᠠᠳ᠎ᠤᠨ ᠶᠠᠪᠤᠳᠠᠯ᠎ᠤᠨ ᠶᠠᠮᠤᠨ᠂ ᠳᠤᠮᠳᠠᠳᠤ ᠤᠯᠤᠰ᠎ᠤᠨ ᠵᠡᠮᠳᠡᠭᠴᠦᠳ᠎ᠤᠨ ᠬᠣᠯᠪᠣᠭ᠎ᠠ ᠵᠢᠨ᠎ᠬᠢᠨ ᠤᠷᠴᠢᠮ᠎ᠳᠤ ᠬᠠᠮᠲᠤᠷᠠᠨ 《ᠬᠦᠴᠢᠷᠳᠡᠯ᠎ᠳᠤ ᠲᠤᠯᠭ᠋ᠠᠷᠠᠭᠰᠠᠨ ᠥᠨᠥᠴᠢᠷᠡᠮᠡᠯ ᠬᠡᠮ᠎ᠲᠠᠢ ᠬᠡᠦᠬᠡᠳ᠎ᠢ ᠬᠠᠯᠠᠮᠵᠢᠯᠠᠬᠤ ᠦᠢ᠍ᠯᠡᠴᠢᠯᠡᠭᠡᠨ᠎ᠤ ᠠᠵᠢᠯ᠎ᠢ ᠴᠢᠩᠭ᠋ᠠᠳᠬᠠᠬᠤ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠪᠠ᠃ 《ᠮᠡᠳᠡᠭᠳᠡᠯ》᠎ᠳᠤ᠄ 《ᠮᠡᠳᠡᠭᠡ ᠵᠠᠩᠭᠢ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠪᠠᠢ᠌ᠳᠠᠯ᠎ᠢ ᠬᠥᠳᠡᠯᠦᠩᠭᠦᠢ᠎ᠪᠠᠷ ᠡᠵᠡᠮᠰᠢᠬᠦ ᠬᠡᠷᠡᠭᠲᠡᠢ᠃ ᠠᠮᠢᠳᠤᠷᠠᠯ᠎ᠤᠨ ᠪᠠᠲᠤᠯᠠᠭ᠎ᠠ ᠵᠢ ᠴᠢᠩᠭ᠋ᠠᠳᠬᠠᠵᠤ ᠨᠠᠭ᠋ᠠᠲᠤ ᠵᠠᠬ᠎ᠠ ᠵᠢᠨ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ ᠪᠠᠢ᠌ᠭᠤᠯᠤᠮᠵᠢ ᠵᠢᠨ ᠡᠭᠦᠷᠭᠡ ᠴᠢᠳᠠᠪᠤᠷᠢ ᠵᠢ ᠪᠠᠳᠠᠷᠠᠭᠤᠯᠵᠤ  ᠦᠨᠳᠦᠰᠦᠨ ᠵᠦᠢ᠍ᠯ᠎ᠢ ᠳᠠᠭ᠋ᠠᠭ᠋ᠠᠨ ᠬᠠᠷᠠᠭ᠋ᠠᠯᠵᠠᠨ ᠬᠠᠮᠠᠭ᠋ᠠᠯᠠᠬᠤ ᠵᠢ ᠬᠠᠡᠭᠭ᠋ᠠᠬᠤ ᠬᠡᠷᠡᠭᠳᠡᠢ᠃ ᠭᠡᠷ ᠪᠦᠯᠢ ᠵᠢ᠎ᠨᠢ ᠲᠡᠳᠬᠦᠬᠦ ᠠᠵᠢᠯ᠎ᠢ ᠴᠢᠩᠭ᠋ᠠᠳᠬᠠᠵᠤ ᠬᠠᠷᠠᠭ᠋ᠠᠯᠵᠠᠨ ᠬᠠᠮᠠᠭ᠋ᠠᠯᠠᠬᠤ ᠳᠡᠮᠵᠢᠯᠭᠡ ᠬᠠᠡᠭᠭ᠋ᠠᠬᠤ ᠬᠡᠷᠡᠭᠳᠡᠢ᠃ ᠠᠭᠤᠰᠤᠯᠴᠠᠯ᠎ᠤᠨ ᠦᠢ᠍ᠯᠡᠴᠢᠯᠡᠭᠡ ᠵᠢ ᠴᠢᠩᠭ᠋ᠠᠳᠬᠠᠵᠤ ᠨᠡᠢ᠌ᠭᠡᠮ᠎ᠤᠨ ᠠᠭᠤᠰᠤᠯᠴᠠᠯ᠎ᠢ ᠠᠬᠢᠭᠤᠯᠬᠤ ᠬᠡᠷᠡᠭᠲᠡᠢ᠃ ᠡᠬᠢ ᠪᠠᠶᠠᠯᠢᠭ᠎ᠢ ᠨᠢᠭᠡᠳᠦᠯᠲᠡᠢ ᠲᠥᠯᠥᠪᠯᠡᠬᠦ ᠵᠢ ᠴᠢᠩᠭ᠋ᠠᠳᠬᠠᠵᠤ᠂ ᠨᠡᠢ᠌ᠭᠡᠮ᠎ᠤᠨ᠎ᠬᠢᠨ᠎ᠢ ᠤᠷᠤᠯᠴᠠᠭᠤᠯᠬᠤ᠎ᠪᠠᠷ ᠵᠢᠯᠤᠭᠤᠳᠬᠤ ᠬᠡᠷᠡᠭᠳᠡᠢ᠃ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ ᠵᠢ ᠡᠷᠬᠡᠪᠰᠢ ᠴᠢᠩᠭ᠋ᠠᠳᠬᠠᠵᠤ᠂ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠵᠢ  ᠵᠠᠪᠠᠯ ᠪᠠᠳᠤᠯᠠᠬᠤ ᠬᠡᠷᠡᠭᠳᠡᠢ》 ᠭᠡᠵᠤ ᠱᠠᠭ᠋ᠠᠷᠳᠠᠬᠰᠠᠨ ᠪᠠᠢ᠌ᠨ᠎ᠠ᠃


ᠨᠡᠢ᠌ᠭᠡᠮ᠎ᠤᠨ ᠲᠤᠰᠠᠯᠠᠮᠵᠢ


   ᠬᠢᠩᠭ᠋ᠠᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠬᠠᠮᠢᠶ᠎ᠠ ᠪᠦᠬᠦᠢ ᠰᠠᠯᠠᠭ᠎ᠠ ᠲᠠᠰᠤᠭ ᠪᠤᠯᠤᠨ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠬᠡᠴᠢ ᠵᠢᠨ ᠬᠠᠮᠢᠶ᠎ᠠ ᠪᠦᠬᠦᠢ ᠨᠥᠬᠥᠳ᠎ᠢ ᠵᠣᠬᠢᠶᠠᠨ ᠪᠠᠢ᠌ᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠲᠤᠰᠠᠯᠠᠬᠤ ᠴᠡᠭ ᠪᠤᠯᠬᠤ ᠵᠠᠯᠠᠢ᠌ᠳ ᠬᠣᠰᠢᠭᠤᠨ᠎ᠤ ᠶᠢᠨᠳᠠᠷ ᠪᠠᠯᠭ᠋ᠠᠰᠤᠨ᠎ᠤ ᠳ᠋ᠦᠩ ᠹᠠᠩ ᠬᠣᠩ ᠲᠣᠰᠬᠣᠨ᠎ᠳᠤ ᠬᠦᠷᠴᠦ ᠴᠠᠭ᠋ᠠᠨ ᠰᠠᠷ᠎ᠠ ᠵᠢᠨ ᠲᠣᠬᠣᠨᠢᠭᠤᠯᠬᠤ ᠠᠵᠢᠯᠯᠠᠭ᠎ᠠ ᠥᠷᠨᠢᠭᠦᠯᠵᠦ᠂ ᠶᠠᠳᠠᠭᠤ᠎ᠠᠴᠠ  ᠠᠡᠭᠭᠢᠵᠢᠷᠠᠭᠤᠯᠤᠬᠰᠠᠨ ᠡᠷᠦᠬᠡ᠂ ᠬᠢᠨᠠᠨ ᠰᠢᠯᠭ᠋ᠠᠬᠤ ᠡᠷᠦᠬᠡ᠎ᠳᠤ ᠨᠡᠶ᠋ᠢᠲᠡ 121 ᠬᠤᠪᠢ ᠠᠮᠤ ᠪᠤᠳᠠᠭ᠎ᠠ᠂ ᠭᠤᠯᠢᠷ ᠲᠣᠰᠣ ᠬᠦᠷᠭᠡᠵᠦ᠂ ᠬᠦᠴᠢᠷᠳᠡᠯᠲᠡᠢ ᠣᠯᠠᠨ ᠲᠦᠮᠡᠨ᠎ᠤ  ᠪᠠᠶᠠᠷ᠎ᠤᠨ ᠡᠳᠦᠷ ᠵᠶ᠋ᠡᠨ ᠥᠩᠭᠡᠷᠡᠭᠦᠯᠬᠦ ᠵᠶ᠋ᠡᠨ ᠠᠮᠤᠭᠤᠯᠠᠩ ᠰᠠᠢ᠌ᠬᠠᠨ ᠦᠡᠭᠭᠡᠷᠡᠬᠦᠯᠬᠦ ᠵᠢ ᠪᠠᠲᠤᠯᠠᠪᠠ᠃
    ᠣᠢ᠌ᠷ᠎ᠠ᠎ᠳᠤ ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠰᠠᠢ᠌ᠨ ᠳᠤᠷ᠎ᠠ ᠵᠢᠨ ᠠᠵᠢᠯᠯᠠᠭᠴᠢ ᠪᠠ ᠨᠡᠢ᠌ᠭᠡᠮ᠎ᠤᠨ ᠲᠤᠰᠠᠯᠠᠮᠵᠢ ᠵᠢᠨ ᠲᠤᠰᠠᠯᠠᠭᠴᠢ ᠵᠢ ᠵᠣᠬᠢᠶᠠᠨ ᠪᠠᠢ᠌ᠭᠤᠯᠵᠤ ᠲᠤᠬᠠᠢ ᠵᠢᠨ ᠭᠠᠵᠠᠷ᠎ᠲᠤ᠎ᠨᠢ ᠰᠤᠷᠪᠤᠯᠵᠢᠯᠠᠬᠤ᠂ ᠤᠲᠠᠰᠤ᠎ᠪᠠᠷ ᠨᠡᠪᠲᠡᠷᠡᠯᠴᠡᠬᠦ ᠵᠡᠷᠭᠡ ᠠᠷᠭ᠎ᠠ᠎ᠪᠠᠷ ᠬᠦᠴᠢᠷᠳᠡᠯᠲᠡᠢ ᠣᠯᠠᠨ ᠲᠦᠮᠡᠨ᠎ᠢ ᠪᠥᠬᠥ ᠲᠠᠯ᠎ᠠ᠎ᠪᠠᠷ ᠨᠠᠷᠢᠨ ᠨᠢᠮᠪᠠᠢ ᠵᠢᠭᠰᠠᠭ᠋ᠠᠨ ᠪᠠᠢ᠌ᠴᠠᠭ᠋ᠠᠵᠤ᠂ ᠲᠤᠰᠠᠯᠠᠮᠵᠢ ᠬᠦᠷᠳᠡᠭᠰᠡᠳ᠎ᠢ ᠣᠨᠣᠪᠴᠢᠲᠠᠶ ᠢᠯᠭ᠋ᠠᠨ ᠲᠠᠨᠢᠬᠤ ᠵᠢ ᠦᠨᠡᠨ ᠬᠦ᠌  ᠪᠠᠳᠤᠯᠠᠬᠰᠠᠨ᠎ᠤ ᠬᠠᠮᠳᠤ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ ᠬᠣᠲᠠ ᠬᠥᠳᠡᠭᠡ ᠵᠢᠨ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ᠎ᠢ ᠠᠰᠠᠷᠠᠨ ᠲᠡᠵᠢᠭᠡᠬᠦ ᠪᠡᠯᠡ ᠮᠥᠩᠭᠥ ᠵᠢ ᠴᠠᠭ ᠲᠤᠬᠠᠢ᠎ᠳᠤ᠎ᠨᠢ ᠲᠣᠭ᠎ᠠ ᠶᠣᠰᠣᠭ᠋ᠠᠷ ᠤᠯᠭᠤᠬᠰᠠᠨ ᠶᠤᠮ᠃ ᠪᠠᠰᠨ ᠲᠦᠷ ᠴᠠᠭ᠎ᠤᠨ ᠲᠤᠰᠠᠯᠠᠮᠵᠢ ᠵᠢᠨ ᠪᠠᠴᠢᠮ ᠪᠠᠢ᠌ᠳᠠᠯ᠎ᠢ ᠠᠪᠤᠷᠠᠨ ᠬᠦᠴᠢᠷᠳᠡᠯ᠎ᠢ ᠰᠢᠢ᠍ᠳᠪᠦᠷᠢᠯᠡᠬᠦ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠲᠦᠷ ᠴᠠᠭ᠎ᠤᠨ ᠲᠤᠰᠠᠯᠠᠮᠵᠢ ᠵᠢᠨ ᠮᠥᠩᠭᠥ ᠵᠢ 23 ᠲᠦᠮᠡ ᠭᠠᠷᠤᠢ ᠲᠥᠭᠥᠷᠢᠭ ᠲᠠᠷᠬᠠᠭ᠋ᠠᠵᠤ᠂ 109  ᠤᠳᠠᠭ᠎ᠠ᠎ᠳᠤ ᠠᠰᠢᠭ ᠬᠦᠷᠲᠡᠭᠡᠵᠦ᠂ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠪᠥᠬᠥ ᠲᠠᠯ᠎ᠠ᠎ᠪᠠᠷ ᠪᠠᠳᠤᠯᠠᠵᠤ ᠴᠢᠳᠠᠯ᠎ᠠ᠃


ᠨᠠᠰᠤᠵᠢᠯ᠎ᠤᠨ ᠦᠢ᠍ᠯᠡᠴᠢᠯᠡᠭᠡ


    ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠠᠶᠤᠯ ᠦᠬᠡᠢ ᠦᠢ᠍ᠯᠡᠳᠪᠦᠷᠢᠯᠡᠯ᠎ᠤᠨ ᠪᠠᠢ᠌ᠴᠠᠭ᠋ᠠᠯᠲᠠ ᠵᠢᠨ ᠳᠤᠭᠤᠢ᠌ᠯᠠᠩ 3 ᠵᠢ ᠪᠠᠢ᠌ᠭᠤᠯᠵᠤ 13 ᠬᠣᠰᠢᠭᠤ ᠬᠣᠲᠠ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠭᠦᠨᠵᠡᠭᠡᠢ᠌ᠷᠡᠨ ᠠᠶᠤᠯ ᠦᠬᠡᠢ ᠦᠢ᠍ᠯᠡᠳᠪᠦᠷᠢᠯᠡᠯ᠎ᠤᠨ ᠪᠠᠢ᠌ᠴᠠᠭ᠋ᠠᠯᠲᠠ ᠵᠢ ᠥᠷᠨᠢᠭᠦᠯᠪᠡ᠃ 《ᠬᠣᠶᠠᠷ ᠪᠠᠶᠠᠷ》᠎ᠤᠨ ᠬᠤᠭᠤᠴᠠᠭ᠋ᠠᠨ᠎ᠳᠤ᠎ᠬᠢ ᠠᠮᠤᠷ ᠲᠦᠪᠰᠢᠨ᠎ᠤ ᠠᠶᠤᠯ ᠲᠦᠭᠰᠢᠭᠦᠷᠢ ᠵᠢᠨ ᠣᠨᠴᠠᠯᠢᠭ᠎ᠤᠨ ᠲᠣᠭᠣᠷᠢᠨ᠎ᠳᠤ 《ᠳᠥᠷᠪᠡᠨ ᠦᠭᠡᠢ ᠬᠣᠶᠠᠷ ᠰᠢᠯᠤᠭᠤᠨ》 《ᠴᠡᠭ ᠲᠣᠭᠲᠠᠭ᠋ᠠᠨ ᠡᠷᠭᠢᠵᠦ ᠬᠠᠷᠠᠬᠤ》 ᠵᠡᠷᠭᠡ ᠠᠷᠭ᠎ᠠ᠎ᠪᠠᠷ 37 ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢ ᠵᠢᠭᠰᠠᠭ᠋ᠠᠨ ᠪᠠᠢ᠌ᠴᠠᠭ᠋ᠠᠵᠤ᠂ ᠪᠠᠢ᠌ᠴᠠᠭ᠋ᠠᠵᠤ ᠢᠯᠡᠷᠡᠭᠦᠯᠦᠭᠰᠡᠨ ᠠᠰᠠᠭᠤᠳᠠᠯ᠎ᠳᠤ ᠲᠠᠷᠤᠢ ᠠᠷᠭ᠎ᠠ ᠠᠪᠴᠤ ᠳᠠᠷᠤᠢ ᠥᠭᠡᠷᠡᠴᠢᠯᠡᠨ ᠰᠠᠢ᠌ᠵᠢᠷᠠᠭᠤᠯᠵᠤ᠂ ᠠᠶᠤᠯ ᠦᠬᠡᠢ ᠦᠢ᠍ᠯᠡᠳᠪᠦᠷᠢᠯᠡᠯ᠎ᠤᠨ ᠡᠨᠳᠡᠯ ᠭᠠᠷᠬᠤ ᠵᠢ ᠪᠦᠲᠦᠮᠵᠢᠲᠡᠶ ᠰᠡᠷᠭᠡᠢ᠌ᠯᠡᠨ ᠬᠣᠷᠢᠭᠯᠠᠪᠠ᠃


ᠬᠡᠦᠬᠡᠳ᠎ᠤᠨ ᠠᠰᠠᠷᠠᠮᠵᠢ


    ᠪᠠᠶᠠᠨᠨᠠᠭᠤᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠬᠣᠲᠠ ᠵᠢᠨ ᠨᠠᠰᠤᠨ᠎ᠳᠤ ᠥᠯᠥ ᠬᠦᠷᠦᠭᠰᠡᠳ᠎ᠢ ᠲᠤᠰᠠᠯᠠᠵᠤ ᠬᠠᠮᠠᠭ᠋ᠠᠯᠠᠬᠤ ᠲᠥᠪ᠎ᠤᠨ᠎ᠬᠢᠨ᠎ᠲᠠᠢ ᠬᠠᠮᠲᠤᠷᠠᠨ 《ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠬᠡᠤᠬᠡᠳ᠎ᠤᠨ ᠦᠰᠤᠨ ᠪᠤᠢ᠌ᠵᠢᠯᠳᠠ ᠵᠢ ᠬᠠᠮᠠᠭ᠋ᠠᠯᠠᠬᠤ》 ᠬᠠᠯᠠᠮᠵᠢᠯᠠᠨ ᠲᠣᠬᠣᠨᠢᠭᠤᠯᠬᠤ ᠠᠵᠢᠯᠯᠠᠭ᠎ᠠ ᠥᠷᠨᠢᠭᠦᠯᠵᠦ᠂ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠢ ᠢᠳᠡᠪᠬᠢᠲᠡᠢ ᠤᠬᠠᠭᠤᠯᠤᠬᠰᠠᠨ᠎ᠤ ᠬᠠᠮᠲᠤ 7 ᠬᠣᠰᠢᠭᠤ ᠰᠢᠶᠠᠨ ᠲᠣᠭᠣᠷᠢᠭ᠎ᠤᠨ 100 ᠨᠡᠷᠡᠰ ᠨᠡᠭᠦᠳᠡᠯ ᠬᠡᠦᠬᠡᠳ᠂ ᠭᠡᠷ᠎ᠲᠤ ᠪᠡᠨᠨ ᠬᠣᠴᠣᠷᠤᠭᠰᠠᠨ ᠬᠡᠦᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠨᠡᠶ᠋ᠢᠲᠡ 5.8 ᠲᠦᠮᠡᠨ ᠲᠥᠭᠥᠷᠢᠭ᠎ᠤᠨ ᠠᠮᠢᠳᠤᠷᠠᠯ᠎ᠤᠨ ᠡᠳ᠋ ᠪᠣᠳᠠᠰ ᠪᠠ ᠰᠤᠷᠤᠯᠭ᠎ᠠ ᠵᠢᠨ ᠬᠡᠷᠡᠭᠰᠡᠯ᠎ᠢ ᠬᠦᠷᠬᠡᠨ ᠦᠭᠭᠦᠬᠡᠳ ᠨᠠᠮ ᠪᠠ ᠵᠠᠰᠠᠭ᠎ᠤᠨ ᠣᠷᠳᠣᠨ᠎ᠤ ᠬᠠᠯᠠᠮᠵᠢᠯᠠᠯ᠎ᠢ ᠦᠨᠡᠨ ᠬᠦ᠌ ᠲᠠᠮᠵᠢᠭᠤᠯᠵᠤ ᠴᠢᠳᠠᠬᠰᠠᠨ ᠪᠠᠢ᠌ᠨ᠎ᠠ᠃


 



 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠦᠨ ᠱᠤᠤ ᠴᠧᠩ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠣᠷᠪᠤᠯᠵᠢᠯᠠᠭ᠎ᠠ ᠵᠢᠨ ᠲᠣᠪᠴᠢᠶ᠎ᠠ᠎ᠳᠤ ᠬᠦᠷᠴᠦ ᠰᠤᠷᠪᠤᠯᠵᠢᠯᠠᠬᠤ᠎ᠪᠠᠷ ᠢᠷᠡᠭᠰᠡᠨ ᠤᠯᠠᠨ ᠲᠦᠮᠡᠨ᠎ᠲᠠᠢ ᠠᠭᠤᠯᠵᠠᠪᠠ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ11.12
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.10
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.11
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.12
 
            