ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.24
ᠨᠡᠶᠢᠲᠡᠯᠡᠭᠰᠡᠨ ᠴᠠᠭ᠄ 2025-01-27

ᠴᠢᠬᠤᠯᠠ ᠮᠡᠳᠡᠭᠡ


  ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ 1 ᠳ᠋ᠤᠬᠡᠷ ᠰᠠᠷ᠎ᠠ ᠵᠢᠨ 22᠎ᠤᠨ ᠡᠳᠦᠷ  2025 ᠣᠨ᠎ᠤ ᠨᠢᠭᠡᠳᠦᠭᠡᠷ ᠤᠯᠠᠷᠢᠯ᠎ᠤᠨ ᠲᠣᠭᠲᠠᠮᠠᠯ ᠬᠤᠭᠤᠴᠠᠭ᠋ᠠᠲᠤ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠡ᠃ ᠠᠷᠠᠳ᠎ᠤᠨ ᠶᠠᠪᠤᠳᠠᠯ᠎ᠤᠨ ᠶᠠᠮᠤᠨ᠎ᠤ ᠰᠣᠨᠢᠨ ᠮᠡᠳᠡᠭᠡᠨ᠎ᠤ ᠥᠭᠦᠯᠡᠭᠴᠢ᠂ ᠠᠯᠪᠠᠨ ᠲᠢᠩᠬᠢᠮ (ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠵᠤᠷᠭ᠋ᠠᠨ)᠎ᠤᠨ ᠳᠡᠳ᠋ ᠡᠷᠬᠢᠯᠡᠭᠴᠢ ᠯᠢ ᠸᠠᠨ ᠯᠢ ᠰᠣᠨᠢᠨ ᠮᠡᠳᠡᠭᠡ ᠨᠡᠢ᠌ᠲᠡᠯᠡᠬᠦ ᠬᠤᠷᠠᠯ᠎ᠢ ᠡᠷᠭᠢᠯᠡᠵᠦ᠂ ᠨᠡᠢ᠌ᠭᠡᠮ᠎ᠤᠨ ᠲᠤᠰᠠᠯᠠᠮᠵᠢ ᠵᠢᠨ ᠵᠤᠷᠭ᠋ᠠᠨ᠎ᠤ ᠳᠡᠳ᠋ ᠳᠠᠷᠤᠭ᠎ᠠ ᠰᠢᠦᠢ ᠶᠦᠨ ᠬᠣᠶᠠᠷ ᠪᠠᠶᠠᠷ᠎ᠤᠨ ᠬᠤᠭᠤᠴᠠᠭ᠋ᠠᠨ᠎ᠳᠤ᠎ᠬᠢ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢᠨ ᠪᠠᠢ᠌ᠳᠠᠯ᠎ᠢ ᠲᠠᠨᠢᠯᠴᠠᠭᠤᠯᠵᠤ᠂ ᠨᠡᠢ᠌ᠭᠡᠮ᠎ᠤᠨ ᠬᠡᠷᠡᠭ ᠶᠠᠪᠤᠳᠠᠯ᠎ᠤᠨ ᠵᠤᠷᠭ᠋ᠠᠨ᠎ᠤ ᠳᠡᠳ᠋ ᠳᠠᠷᠤᠭ᠎ᠠ ᠵᠠᠩ ᠵᠧᠨ ᠳ᠋ᠧ 《ᠣᠶᠣᠨ᠎ᠤ ᠡᠷᠡᠭᠦᠯ ᠬᠠᠮᠠᠭ᠋ᠠᠯᠠᠯ ᠠᠰᠠᠷᠠᠮᠵᠢ ᠵᠢᠨ ᠪᠠᠢ᠌ᠭᠤᠯᠤᠮᠵᠢ ᠵᠢᠨ ᠬᠠᠮᠢᠶᠠᠷᠤᠯᠲᠠ ᠵᠢᠨ ᠠᠷᠭ᠎ᠠ》 ᠵᠢᠨ ᠬᠣᠯᠪᠣᠭᠳᠠᠯ ᠪᠦᠬᠦᠢ ᠪᠠᠢ᠌ᠳᠠᠯ᠎ᠢ ᠲᠠᠨᠢᠯᠴᠠᠭᠤᠯᠤᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃


ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ


   2024 ᠣᠨ᠎ᠳᠤ ᠪᠥᠬᠥ ᠣᠷᠣᠨ᠎ᠤ ᠬᠣᠲᠠ ᠬᠥᠳᠡᠭᠡ ᠵᠢᠨ 170.3 ᠲᠦᠮᠡᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠳᠡᠭᠰᠡᠳ ᠪᠠ ᠣᠨᠴᠠ ᠬᠦᠴᠢᠷᠳᠡᠯᠲᠡᠢ ᠬᠥᠮᠥᠰ᠎ᠤᠨ ᠦᠨᠳᠦᠰᠦᠨ ᠠᠮᠢᠳᠤᠷᠠᠯ᠎ᠢ ᠪᠦᠲᠦᠮᠵᠢᠲᠡᠶ ᠪᠠᠲᠤᠯᠠᠵᠤ᠂ ᠨᠡᠶ᠋ᠢᠲᠡ 13.12 ᠲᠦᠮᠡᠨ ᠤᠳᠠᠭ᠎ᠠ ᠵᠢᠨ ᠲᠦᠷ ᠴᠠᠭ᠎ᠤᠨ  ᠲᠤᠰᠠᠯᠠᠮᠵᠢ ᠦᠵᠡᠬᠦᠯᠤᠬᠡᠳ ᠪᠡᠯᠡ ᠮᠥᠩᠭᠥ ᠵᠢᠨ ᠵᠠᠷᠤᠯᠭ᠎ᠠ ᠵᠢ 2.81 ᠳ᠋ᠦᠩᠰᠢᠭᠤᠷ ᠲᠥᠭᠥᠷᠢᠭ ᠵᠠᠷᠤᠴᠠᠭᠤᠯᠵᠤ᠂ ᠪᠡᠯᠡᠨ ᠵᠣᠭᠣᠰ᠂ ᠬᠡᠷᠡᠭᠯᠡᠭᠡᠨ᠎ᠤ ᠲᠡᠮᠳᠡᠭᠲᠦ ᠵᠡᠷᠭᠡ ᠠᠷᠭ᠎ᠠ᠎ᠪᠠᠷ ᠨᠢᠭᠡ ᠯᠡ ᠤᠳᠠᠭ᠎ᠠ ᠦᠭᠭᠦ ᠠᠮᠢᠳᠤᠷᠠᠯ᠎ᠤᠨ ᠨᠥᠬᠥᠪᠦᠷᠢ ᠵᠢ 3.77 ᠳ᠋ᠦᠩᠰᠢᠭᠤᠷ ᠲᠥᠭᠥᠷᠢᠭ ᠲᠠᠷᠬᠠᠭ᠋ᠠᠵᠤ᠂ ᠬᠦᠴᠢᠷᠳᠡᠯᠲᠡᠢ ᠣᠯᠠᠨ ᠲᠦᠮᠡᠨ᠎ᠳᠤ 196.5 ᠲᠦᠮᠡᠨ ᠤᠳᠠᠭ᠎ᠠ ᠠᠰᠢᠭ ᠬᠦᠷᠲᠡᠭᠡᠪᠡ᠃


ᠨᠡᠢ᠌ᠭᠡᠮ᠎ᠤᠨ ᠲᠤᠰᠠᠯᠠᠮᠵᠢ


   ᠬᠥᠯᠥᠨ ᠪᠣᠶ᠋ᠢᠷ ᠬᠣᠲᠠ  ᠵᠢᠨ᠎ᠬᠢᠨ ᠨᠡᠢ᠌ᠭᠡᠮ᠎ᠤᠨ  ᠲᠤᠰᠠᠯᠠᠮᠵᠢ ᠵᠢ ᠭᠤᠶᠤᠴᠢᠯᠠᠨ ᠭᠦᠢ᠍ᠴᠡᠳᠬᠡᠬᠦ ᠶᠠᠪᠤᠴᠠ ᠵᠢ ᠳᠥᠭᠥᠮᠴᠢᠯᠡᠬᠦ ᠵᠢᠨ ᠲᠥᠯᠥᠭᠡ ᠨᠡᠢ᠌ᠭᠡᠮ᠎ᠤᠨ  ᠲᠤᠰᠠᠯᠠᠮᠵᠢ ᠵᠢ ᠭᠠᠷᠲᠠᠨ ᠭᠦᠢ᠍ᠴᠡᠳᠬᠡᠬᠦ ᠪᠠᠢ᠌ᠭᠤᠯᠤᠮᠵᠢ ᠬᠢᠭᠡᠳ  ᠲᠤᠰᠠᠯᠠᠮᠵᠢ ᠬᠦᠷᠳᠡᠭᠰᠡᠳ᠎ᠤᠨ 《ᠬᠣᠣᠰ ᠠᠮᠠᠯᠠᠯᠲᠠ》 ᠵᠢᠨ ᠲᠣᠭᠲᠠᠴᠠ ᠵᠢ ᠪᠠᠢ᠌ᠭᠤᠯᠪᠠ᠃ 2024 ᠣᠨ᠎ᠳᠤ 9786 ᠭᠤᠶᠤᠴᠢᠯᠠᠭᠴᠢ ᠪᠠ ᠭᠠᠷᠲᠠᠨ ᠭᠦᠢ᠍ᠴᠡᠳᠬᠡᠬᠦ ᠠᠵᠢᠯᠲᠠᠨ 《ᠬᠣᠣᠰ ᠠᠮᠠᠯᠠᠯᠲᠠ》 ᠵᠢᠨ  ᠶᠠᠪᠤᠴᠨ ᠵᠢ ᠭᠦᠢ᠍ᠴᠡᠳᠬᠡᠭᠰᠡᠨ ᠪᠥᠭᠡᠳ ᠨᠡᠢ᠌ᠭᠡᠮ᠎ᠤᠨ ᠲᠤᠰᠠᠯᠠᠮᠵᠢ ᠵᠢᠨ ᠬᠡᠪᠴᠢᠶᠡᠨ᠎ᠳᠤ ᠣᠷᠣᠭᠤᠯᠵᠤ᠂ 《ᠬᠣᠣᠰ ᠠᠮᠠᠯᠠᠯᠲᠠ》 ᠵᠢᠨ ᠲᠣᠭᠲᠠᠴᠠ ᠵᠢ ᠬᠡᠷᠡᠭᠵᠢᠭᠦᠯᠬᠦ᠎ᠪᠠᠷ ᠳᠠᠮᠵᠢᠭᠤᠯᠤᠨ ᠭᠤᠶᠤᠴᠢᠯᠠᠨ ᠭᠦᠢ᠍ᠴᠡᠳᠬᠡᠬᠦ ᠮᠠᠲ᠋ᠧᠷᠢᠶᠠᠯ᠎ᠢ 57%᠎ᠪᠠᠷ ᠪᠠᠭ᠋ᠠᠰᠬᠠᠵᠤ᠂ ᠭᠤᠶᠤᠴᠢᠯᠠᠨ ᠭᠦᠢ᠍ᠴᠡᠳᠬᠡᠬᠦ ᠴᠠᠭ᠎ᠢ 42% ᠵᠢᠡᠷ ᠪᠠᠭ᠋ᠠᠰᠬᠠᠵᠤ᠂ ᠨᠡᠢ᠌ᠭᠡᠮ᠎ᠤᠨ ᠲᠤᠰᠠᠯᠠᠮᠵᠢ ᠵᠢᠨ ᠬᠥᠳᠡᠯᠦᠩᠭᠦᠢ ᠬᠠᠮᠢᠶᠠᠷᠤᠯᠲᠠ ᠵᠢ ᠨᠠᠩ ᠥᠨᠳᠥᠷ ᠪᠦᠲᠦᠮᠵᠢᠲᠡᠶ ᠪᠣᠯᠭ᠋ᠠᠵᠤ᠂ ᠣᠯᠠᠨ ᠲᠦᠮᠡᠨ᠎ᠤ ᠬᠢᠨᠠᠯᠲᠠ ᠵᠢ ᠨᠠᠩ ᠨᠠᠷᠢᠯᠢᠭ ᠣᠨᠣᠴᠠᠲᠠᠢ ᠪᠣᠯᠭ᠋ᠠᠵᠤ᠂ ᠢᠲᠡᠭᠡᠮᠵᠢᠲᠡᠢ ᠠᠭᠤᠷ ᠠᠮᠢᠰᠬᠤᠯ᠎ᠢ ᠨᠠᠩ ᠥᠳᠬᠡᠨ ᠪᠣᠯᠭ᠋ᠠᠪᠠ᠃


ᠨᠡᠢ᠌ᠭᠡᠮ᠎ᠤᠨ ᠶᠠᠪᠤᠳᠠᠯ


   ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 1 ᠳ᠋ᠤᠬᠡᠷ ᠰᠠᠷ᠎ᠠ ᠵᠢᠨ 22᠎ᠤᠨ ᠡᠳᠦᠷ   ᠬᠣᠲᠠ ᠵᠢᠨ ᠠᠷᠠᠳ᠎ᠲᠤ 《2025 ᠣᠨ᠎ᠤ ᠴᠠᠭ᠋ᠠᠨ ᠰᠠᠷ᠎ᠠ ᠵᠢᠨ ᠪᠣᠯᠪᠠᠰᠤᠨ᠎ᠤ ᠳᠠᠬᠢᠯᠭ᠎ᠠ ᠵᠢᠨ ᠰᠠᠨᠠᠭ᠋ᠠᠴᠢᠯᠠᠭ᠎ᠠ ᠵᠢᠨ ᠪᠢᠴᠢᠭ》 ᠨᠡᠢ᠌ᠲᠡᠯᠡᠵᠦ᠂ ᠪᠣᠯᠪᠠᠰᠤᠨ ᠵᠶ᠋ᠠᠷ ᠠᠷᠪᠢᠯᠠᠨ ᠭᠠᠮᠨᠠᠵᠤ ᠪᠡᠯᠪᠡᠰᠤᠷᠡᠬᠦ᠂ ᠭᠠᠵᠠᠷ ᠰᠢᠷᠣᠢ ᠵᠢ ᠠᠷᠪᠢᠯᠠᠬᠤ ᠠᠮᠢ ᠠᠬᠤᠢ᠌ᠯᠢᠭ  ᠣᠷᠣᠰᠢᠭᠤᠯᠭ᠎ᠠ᠂ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠳᠠᠬᠢᠯᠭ᠎ᠠ ᠵᠢᠨ ᠲᠤᠬᠠᠢ  ᠰᠠᠨᠠᠭ᠋ᠠᠴᠢᠯᠠᠬᠤ᠎ᠳᠤ᠎ᠪᠠᠨ᠄ 《ᠠᠶᠤᠯ ᠦᠬᠡᠢ᠎ᠪᠠᠷ ᠭᠣᠣᠯᠳᠠᠯᠭ᠎ᠠ ᠪᠣᠯᠭ᠋ᠠᠬᠤ ᠵᠢ ᠰᠠᠨᠠᠭ᠋ᠠᠴᠢᠯᠠᠵᠤ ᠭᠠᠯ᠎ᠤᠨ ᠠᠶᠤᠯ ᠪᠠ ᠡᠭᠦᠰᠦᠮᠡᠯ ᠡ᠊ᠨᠳᠡᠯ ᠭᠠᠷᠬᠤ ᠵᠢ ᠴᠢᠩᠭ᠎ᠠ ᠰᠡᠷᠬᠡᠢ᠌ᠯᠡᠶ᠎ᠡ᠃ ᠵᠠᠩ ᠳᠠᠳᠬᠠᠯ᠎ᠢ ᠥᠭᠡᠷᠡᠴᠢᠯᠡᠬᠦ ᠠᠵᠢᠯ᠎ᠢ ᠴᠢᠩᠭ᠋ᠠᠳᠬᠠᠵᠤ᠂ ᠪᠣᠯᠬᠢ ᠲᠠᠬᠢᠯᠭ᠎ᠠ ᠵᠢᠨ ᠡᠳ᠋ᠯᠡᠯ ᠬᠡᠷᠡᠭᠰᠡᠯ ᠪᠠ ᠹᠧᠣᠳᠠᠯ᠎ᠤᠨ ᠮᠤᠬᠤᠷ ᠪᠢᠰᠢᠷᠡᠯ᠎ᠤᠨ ᠠᠵᠢᠯᠯᠠᠭ᠎ᠠ ᠵᠢ ᠤᠬᠠᠮᠰᠠᠷ᠎ᠠᠴᠠ᠎ᠪᠠᠨ ᠡᠰᠡᠷᠭᠦᠴᠡᠨ ᠬᠤᠷᠢᠬᠯᠠᠶ᠎ᠠ᠃ ᠡᠷᠬᠢᠮ ᠰᠤᠷᠲᠠᠯ᠎ᠢ ᠤᠯᠠᠮᠵᠢᠯᠠᠨ ᠵᠠᠯᠭ᠋ᠠᠮᠵᠢᠯᠠᠵᠤ᠂ ᠠᠷᠪᠢᠴᠢ ᠭᠠᠮᠲᠠᠢ ᠳᠠᠬᠢᠯᠭ᠎ᠠ ᠳᠠᠭᠢᠬᠤ ᠵᠢ ᠡᠷᠬᠢᠮᠯᠡᠵᠡᠬᠡᠶ᠎ᠡ》 ᠬᠡᠵᠡᠢ᠃


ᠬᠡᠦᠬᠡᠳ᠎ᠤᠨ ᠠᠰᠠᠷᠠᠮᠵᠢ


   ᠰᠢᠯᠢ ᠵᠢᠨ ᠭᠣᠣᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠠᠴᠠ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠦᠢ᠍ᠯᠡᠴᠢᠯᠡᠭᠡᠨ᠎ᠤ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ 2024 ᠣᠨ᠎ᠳᠤ ᠰᠥᠨᠢᠳ ᠵᠡᠭᠦᠨ ᠬᠣᠰᠢᠭᠤ᠂ ᠲᠠᠶ᠋ᠢᠹᠤᠰᠸ ᠬᠣᠰᠢᠭᠤ᠂ ᠰᠢᠯᠤᠭᠤᠨ ᠬᠥᠬᠡ ᠬᠣᠰᠢᠭᠤ ᠵᠡᠷᠭᠡ 3 ᠬᠣᠰᠢᠭᠤᠨ᠎ᠤ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠲᠥᠪ᠎ᠢ ᠪᠠᠢ᠌ᠭᠤᠯᠵᠤ᠂ ᠬᠣᠰᠢᠭᠤ ᠰᠢᠶᠠᠨ᠎ᠤ ᠥᠯᠥ ᠬᠠᠮᠠᠭ᠋ᠠᠯᠠᠬᠤ ᠲᠥᠪ᠎ᠢ ᠪᠦᠬᠦᠨ᠎ᠢ ᠬᠠᠮᠤᠷᠬᠤ ᠵᠢ  ᠪᠡᠶᠡᠯᠡᠬᠦᠯᠦᠭᠰᠡᠨ ᠪᠠᠢ᠌ᠨ᠎ᠠ᠃ ᠨᠠᠰᠤᠨ᠎ᠳᠤ ᠥᠯᠥ ᠭᠦᠷᠦᠭᠰᠡᠳ᠎ᠢ ᠬᠠᠯᠠᠮᠵᠢᠯᠠᠨ ᠬᠠᠮᠠᠭ᠋ᠠᠯᠠᠬᠤ ᠦᠢ᠍ᠯᠡᠴᠢᠯᠡᠭᠡᠨ᠎ᠤ ᠲᠥᠷᠥᠯ ᠵᠦᠢ᠍ᠯ᠎ᠢ ᠬᠡᠷᠡᠭᠵᠢᠭᠦᠯᠵᠦ᠂ ᠪᠥᠬᠥ ᠠᠢ᠌ᠮᠠᠭ᠎ᠤᠨ ᠬᠡᠪᠴᠢᠶᠡᠨ᠎ᠳᠤ ᠨᠡᠭᠦᠳᠡᠯ ᠬᠡᠦᠬᠡᠳ᠂ ᠭᠡᠷ᠎ᠲᠤ᠎ᠪᠠᠨ ᠬᠣᠴᠣᠷᠤᠭᠰᠠᠨ ᠬᠡᠦᠬᠡᠳ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ ᠵᠶ᠋ᠡᠷ ᠦᠢ᠍ᠯᠡᠴᠢᠯᠡᠬᠦ ᠡᠲᠡᠭᠡᠳ ᠵᠶ᠋ᠡᠨ ᠪᠣᠯᠭ᠋ᠠᠵᠤ᠂ ᠲᠤᠰᠬᠠᠢ ᠨᠡᠢ᠌ᠭᠡᠮ᠎ᠤᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ᠎ᠠᠴᠠ ᠭᠡᠷ ᠪᠦᠯᠢ ᠵᠢᠨ ᠬᠢᠨᠠᠨ ᠬᠠᠮᠠᠭ᠋ᠠᠯᠠᠯᠲᠠ ᠵᠢᠨ ᠪᠠᠢ᠌ᠳᠠᠯ᠎ᠢ ᠦᠨᠡᠯᠡᠬᠦ᠂ ᠰᠡᠳᠬᠢᠴᠡ ᠵᠢᠨ ᠬᠠᠪᠰᠤᠷᠤᠨ ᠵᠢᠯᠤᠭᠣᠳᠬᠤ ᠦᠢ᠍ᠯᠡᠴᠢᠯᠡᠭᠡ ᠵᠡᠷᠭᠡ ᠠᠵᠢᠯᠯᠠᠭ᠎ᠠ ᠵᠢ ᠦᠷᠨᠢᠬᠦᠯᠤᠯ᠎ᠡ᠃ ᠪᠥᠬᠥ ᠵᠢᠯ᠎ᠳᠤ ᠨᠡᠶ᠋ᠢᠲᠡ 12062 ᠨᠡᠭᠦᠳᠡᠯ ᠬᠡᠦᠬᠡᠳ᠂ 292 ᠭᠡᠷ ᠎ᠲᠤ᠎ᠪᠠᠨ ᠬᠣᠴᠣᠷᠤᠭᠰᠠᠨ ᠬᠡᠦᠬᠡᠳ᠎ᠢ ᠵᠢᠭᠰᠠᠭ᠋ᠠᠨ ᠪᠠᠢ᠌ᠴᠠᠭ᠋ᠠᠵᠤ ᠲᠣᠳᠣᠯᠠᠭ᠋ᠠᠳ ᠪᠥᠬᠥ ᠤᠯᠤᠰ᠎ᠤᠨ ᠬᠡᠦᠬᠡᠳ᠎ᠤᠨ ᠠᠰᠠᠷᠠᠮᠵᠢ ᠵᠢᠨ ᠮᠡᠳᠡᠭᠡ ᠵᠠᠩᠭᠢ ᠵᠢᠨ ᠰᠢᠰᠲ᠋ᠧᠮ᠎ᠳᠤ ᠣᠷᠣᠭᠤᠯᠤᠭᠰᠠᠨ ᠪᠠᠢ᠌ᠨ᠎ᠠ᠃


 





ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.26
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.27
ᠰᠦᠨ ᠱᠤᠤ ᠴᠧᠩ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠣᠷᠪᠤᠯᠵᠢᠯᠠᠭ᠎ᠠ ᠵᠢᠨ ᠲᠣᠪᠴᠢᠶ᠎ᠠ᠎ᠳᠤ ᠬᠦᠷᠴᠦ ᠰᠤᠷᠪᠤᠯᠵᠢᠯᠠᠬᠤ᠎ᠪᠠᠷ ᠢᠷᠡᠭᠰᠡᠨ ᠤᠯᠠᠨ ᠲᠦᠮᠡᠨ᠎ᠲᠠᠢ ᠠᠭᠤᠯᠵᠠᠪᠠ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ11.12
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.10
 
            