ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.22
ᠨᠡᠶᠢᠲᠡᠯᠡᠭᠰᠡᠨ ᠴᠠᠭ᠄ 2025-01-27

ᠴᠢᠬᠤᠯᠠ ᠮᠡᠳᠡᠭᠡ


  ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ ᠤᠷᠴᠢᠮ᠎ᠳᠤ ᠬᠡᠦᠬᠡᠳ᠎ᠤᠨ ᠠᠰᠠᠷᠠᠮᠵᠢ ᠵᠢᠨ ᠬᠦᠷᠢᠶ᠎ᠡ ᠴᠠᠷᠠᠭ᠎ᠠ᠎ᠳᠤ᠎ᠬᠢ ᠠᠶᠤᠯ ᠦᠬᠡᠢ ᠵᠢᠨ ᠬᠠᠮᠢᠶᠠᠷᠤᠯᠲᠠ ᠵᠢᠨ ᠠᠵᠢᠯ᠎ᠤᠨ ᠸᠢᠳᠢᠤ᠋ ᠬᠤᠷᠠᠯ ᠬᠤᠷᠠᠯᠳᠤᠭᠤᠯᠵᠤ ᠰᠢ ᠵᠢᠨ ᠫᠢᠩ ᠶᠡᠷᠦᠩᠬᠡᠢ ᠱᠦᠵᠢ ᠵᠢᠨ ᠠᠶᠤᠯ ᠦᠬᠡᠢ  ᠦᠢ᠍ᠯᠡᠳᠪᠦᠷᠢᠯᠡᠯ᠎ᠤᠨ ᠲᠤᠬᠠᠢ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠬᠡᠦᠬᠡᠳ᠎ᠤᠨ ᠠᠰᠠᠷᠠᠮᠵᠢ ᠵᠢᠨ ᠬᠦᠷᠢᠶ᠎ᠡ ᠴᠠᠷᠠᠭ᠎ᠠ᠎ᠳᠤ᠎ᠬᠢ ᠠᠶᠤᠯ ᠦᠬᠡᠢ ᠵᠢᠨ ᠬᠠᠮᠢᠶᠠᠷᠤᠯᠲᠠ ᠵᠢᠨ ᠠᠵᠢᠯ᠎ᠢ ᠳ᠋ᠦᠩᠨᠡᠵᠦ᠂2025 ᠣᠨ᠎ᠤ ᠬᠡᠦᠬᠡᠳ᠎ᠤᠨ ᠠᠰᠠᠷᠠᠮᠵᠢ ᠵᠢᠨ ᠬᠦᠷᠢᠶ᠎ᠡ ᠴᠠᠷᠠᠭ᠎ᠠ᠎ᠳᠤ᠎ᠬᠢ ᠠᠶᠤᠯ ᠦᠬᠡᠢ ᠵᠢᠨ ᠬᠠᠮᠢᠶᠠᠷᠤᠯᠲᠠ ᠪᠣᠯᠣᠨ ᠭᠣᠣᠯᠳᠠᠯᠭ᠎ᠠ᠎ᠲᠠᠢ ᠬᠠᠯᠳᠠᠪᠤᠷᠢᠲᠤ ᠡᠪᠡᠳᠴᠢᠨ᠎ᠢ ᠰᠡᠷᠭᠡᠢ᠌ᠯᠡᠨ ᠡᠵᠡᠮᠳᠡᠬᠦ ᠠᠵᠢᠯ᠎ᠢ ᠪᠠᠢ᠌ᠷᠢᠯᠠᠭᠤᠯᠤᠭ᠋ᠠᠳ ᠱᠠᠭ᠋ᠠᠷᠳᠠᠯᠭ᠎ᠠ ᠳᠤᠷᠠᠳᠴᠠᠢ᠃ ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠰᠠᠢ᠌ᠳ ᠬᠤ᠌ ᠬᠠᠢ ᠹᠧᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃


ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ


   ᠠᠯᠠᠱ᠌ᠠ ᠠᠢ᠌ᠮᠠᠭ᠎ᠤᠨ᠎ᠬᠢᠨ ᠤᠷᠴᠢᠮ᠎ᠤᠨ ᠵᠢᠯ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠣᠷᠣᠯᠴᠠᠬᠤ ᠵᠢ ᠢᠳᠡᠪᠬᠢᠲᠡᠢ ᠵᠢᠯᠤᠭᠣᠳᠴ᠊ 12 ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢ᠍ᠯ᠎ᠳᠤ ᠣᠷᠣᠯᠴᠠᠭᠤᠯᠵᠤ ᠬᠥᠳᠡᠭᠡ ᠲᠣᠰᠬᠣᠨ᠎ᠤ ᠠᠵᠤ ᠦᠢ᠍ᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ ᠪᠠᠢ᠌ᠭᠤᠯᠤᠯᠲᠠ ᠵᠢ ᠬᠥᠭᠵᠢᠭᠦᠯᠦᠨ ᠮᠠᠨᠳᠤᠭᠤᠯᠬᠤ ᠵᠢ ᠯᠠᠪᠳᠠᠭᠤᠨ ᠪᠠᠲᠤᠲᠠᠢ ᠠᠬᠢᠭᠤᠯᠬᠤ ᠲᠠᠯ᠎ᠠ᠎ᠪᠠᠷ ᠵᠢᠱ᠌ᠢᠶ᠎ᠡ ᠦᠵᠡᠭᠦᠯᠵᠦ ᠳᠠᠢ᠌ᠴᠢᠯᠠᠬᠤ ᠦᠢ᠍ᠯᠡᠳᠦᠯ᠎ᠢ ᠪᠠᠳᠠᠷᠠᠭᠤᠯᠪᠠ᠃ ᠴᠠᠭ᠋ᠠᠨ ᠰᠠᠷ᠎ᠠ ᠲᠦᠬᠦᠭᠰᠡᠨ ᠲᠠᠰᠢᠷᠠᠮ ᠵᠶ᠋ᠡᠷ ᠠᠯᠠᠱ᠌ᠠ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠪᠦᠬᠦ ᠠᠢ᠌ᠮᠠᠭ᠎ᠤᠨ 21 ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠵᠣᠬᠢᠶᠠᠨ ᠪᠠᠢ᠌ᠭᠤᠯᠤᠨ 2025 ᠣᠨ᠎ᠤ 《ᠴᠠᠭ᠋ᠠᠨ ᠰᠠᠷ᠎ᠠ ᠬᠡᠷᠡᠭᠯᠡᠭᠡ᠎ᠪᠠᠷ ᠲᠡᠳᠬᠦᠬᠦ ᠠᠵᠢᠯᠯᠠᠭ᠎ᠠ 》᠎ᠳᠤ ᠣᠷᠣᠯᠴᠠᠵᠤ᠂ ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ᠎ᠤ ᠲᠠᠷᠢᠶᠠᠯᠠᠩ ᠲᠤᠰᠠᠯᠠᠬᠤ ᠠᠵᠤ ᠠᠬᠤᠢ ᠵᠢᠨ ᠪᠦᠲᠦᠭᠡᠭᠳᠡᠬᠦᠨ᠎ᠢ ᠬᠤᠳᠠᠯᠳᠤᠨ ᠠᠪᠬᠤ ᠡᠷᠴᠢᠮ᠎ᠢ ᠴᠢᠩᠭ᠋ᠠᠷᠠᠭᠤᠯᠵᠤ ᠬᠡᠷᠡᠭᠯᠡᠭᠡ᠎ᠪᠠᠷ ᠨᠡᠢ᠍ᠢ᠍ᠳᠡ 6.5 ᠲᠦᠮᠡᠨ ᠲᠥᠭᠥᠷᠢᠭ᠎ᠢ ᠬᠠᠪᠰᠤᠷᠤᠨ ᠲᠡᠳᠬᠦᠵᠡᠢ᠃


ᠨᠡᠢ᠌ᠭᠡᠮ᠎ᠤᠨ ᠲᠤᠰᠠᠯᠠᠮᠵᠢ


  2024 ᠣᠨ᠎ᠳᠤ ᠬᠢᠩᠭ᠋ᠠᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 9 ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ 《ᠣᠷᠣᠯᠭ᠎ᠠ ᠪᠠᠭ᠎ᠠ ᠬᠦᠮᠦᠰ᠎ᠤᠨ ᠬᠥᠳᠡᠯᠦᠩᠭᠦᠢ ᠪᠠᠢ᠌ᠳᠠᠯ᠎ᠢ ᠬᠢᠨᠠᠬᠤ ᠠᠵᠢᠯ᠎ᠢ ᠴᠢᠩᠭ᠋ᠠᠳᠬᠠᠵᠤ᠂ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠢ ᠲᠠᠰ ᠲᠥᠷᠥᠯ ᠬᠤᠪᠢᠶᠠᠨ ᠰᠠᠢ᠌ᠲᠤᠷ ᠬᠢᠬᠦ ᠲᠤᠬᠠᠢ ᠬᠡᠷᠡᠭᠵᠢᠭᠦᠯᠬᠦ ᠨᠠᠷᠢᠨ ᠳᠦᠷᠢᠮ》᠎ᠢ ᠳᠠᠷᠤᠮᠠᠯᠯᠠᠨ ᠲᠠᠷᠬᠠᠭ᠋ᠠᠵᠤ ᠣᠷᠣᠯᠭ᠎ᠠ ᠪᠠᠭ᠎ᠠ ᠬᠦᠮᠦᠰ᠎ᠢ ᠮᠠᠭ᠋ᠠᠳᠯᠠᠨ ᠲᠣᠭᠲᠠᠭ᠋ᠠᠬᠤ ᠠᠵᠢᠯ᠂ ᠣᠷᠣᠯᠭ᠎ᠠ ᠪᠠᠭ᠎ᠠ ᠬᠦᠮᠦᠰ᠎ᠤᠨ ᠬᠥᠳᠡᠯᠦᠩᠭᠦᠢ᠎ᠪᠠᠷ  ᠬᠢᠨᠠᠬᠤ᠂ ᠲᠠᠰ ᠲᠥᠷᠥᠯ ᠬᠤᠪᠢᠶᠠᠬᠰᠠᠨ ᠨᠡᠢ᠌ᠭᠡᠮ᠎ᠤᠨ ᠲᠤᠰᠠᠯᠠᠮᠵᠢ ᠵᠡᠷᠬᠡ 3 ᠲᠠᠯ᠎ᠠ᠎ᠠᠴᠠ 15 ᠨᠠᠷᠢᠯᠢᠭᠵᠢᠭᠤᠯᠤᠭᠰᠠᠨ ᠠᠷᠭ᠎ᠠ᠎ᠪᠠᠷ ᠨᠡᠢ᠌ᠭᠡᠮ᠎ᠤᠨ ᠲᠤᠰᠠᠯᠠᠮᠵᠢ ᠵᠢᠨ ᠰᠢᠰᠲᠸᠮ᠎ᠢ ᠤᠯᠠᠮ ᠲᠡᠬᠦᠯᠳᠡᠷᠵᠢᠬᠦᠯᠦᠭᠰᠡᠨ᠎ᠤ ᠬᠠᠮᠲᠤ 《ᠬᠢᠩᠭ᠋ᠠᠨ ᠠᠢ᠌ᠮᠠᠭ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠨᠠᠭ᠋ᠠᠨ᠎ᠠ ᠴᠠᠭ᠋ᠠᠨ᠎ᠠ ᠪᠠᠢ᠌ᠭ᠎ᠠ ᠭᠡᠷ ᠪᠦᠯᠢ ᠪᠠ ᠵᠠᠢ᠌ᠯᠠᠰᠢ ᠦᠭᠡᠢ ᠵᠠᠷᠤᠯᠭ᠎ᠠ᠎ᠲᠠᠢ ᠬᠦᠴᠢᠷᠳᠡᠯ᠎ᠲᠠᠢ ᠭᠡᠷ ᠪᠦᠯᠢ ᠵᠢ ᠮᠠᠭ᠋ᠠᠳᠯᠠᠨ ᠲᠣᠭᠲᠠᠭ᠋ᠠᠬᠤ ᠠᠷᠭ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠲᠠᠷᠬᠠᠭ᠋ᠠᠵᠤ᠂ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠨᠠᠭ᠋ᠠᠨ᠎ᠠ ᠴᠠᠭ᠋ᠠᠨ᠎ᠠ ᠪᠠᠢ᠌ᠭ᠎ᠠ ᠭᠡᠷ ᠪᠦᠯᠢ᠂ ᠵᠠᠢ᠌ᠯᠠᠰᠢ ᠦᠭᠡᠢ ᠵᠠᠷᠤᠯᠭ᠎ᠠ᠎ᠲᠠᠢ ᠬᠦᠴᠢᠷᠳᠡᠯ᠎ᠲᠠᠢ ᠭᠡᠷ ᠪᠦᠯᠢ ᠵᠢ ᠮᠠᠭ᠋ᠠᠳᠯᠠᠨ ᠲᠣᠭᠲᠠᠭ᠋ᠠᠬᠤ ᠠᠵᠢᠯ᠎ᠢ ᠵᠢᠷᠤᠮᠵᠢᠭᠤᠯᠤᠨ᠂ ᠣᠷᠣᠯᠭ᠎ᠠ ᠪᠠᠭ᠎ᠠ ᠬᠦᠮᠦᠰ᠎ᠢ ᠮᠠᠭ᠋ᠠᠳᠯᠠᠨ ᠲᠣᠭᠲᠠᠭ᠋ᠠᠬᠤ᠂ ᠬᠥᠳᠡᠯᠦᠩᠭᠦᠢ ᠪᠠᠢ᠌ᠳᠠᠯ᠎ᠢ᠎ᠨᠢ ᠬᠢᠨᠠᠬᠤ ᠪᠠ ᠪᠠᠢ᠌ᠩᠭᠤ ᠵᠢᠨ ᠴᠢᠨᠠᠷᠲᠠᠢ ᠲᠤᠰᠠᠯᠠᠬᠤ ᠲᠣᠭᠲᠠᠴᠠ ᠵᠢ ᠲᠡᠬᠦᠯᠳᠡᠷᠵᠢᠬᠦᠯᠤᠯ᠎ᠡ᠃


ᠣᠷᠣᠨ ᠬᠤᠪᠢᠶᠠᠷᠢᠯᠠᠯ ᠭᠠᠵᠠᠷ᠎ᠤᠨ ᠨᠡᠷᠡᠰ


  ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠲᠤᠬᠠᠢ ᠵᠢᠨ ᠭᠠᠵᠠᠷ᠎ᠲᠤ᠎ᠨᠢ ᠬᠠᠢ᠌ᠨ ᠰᠢᠨᠵᠢᠬᠦ᠂ ᠰᠠᠨᠠᠯ ᠬᠤᠷᠢᠶᠠᠬᠤ᠂ ᠲᠤᠰᠬᠠᠢ ᠮᠡᠷᠭᠡᠵᠢᠯᠲᠡᠨ ᠨᠤᠳᠠᠯᠠᠬᠤ᠂ ᠶᠡᠷᠦᠩᠬᠡᠢ᠌ᠯᠡᠨ ᠦᠨᠡᠯᠡᠬᠦ ᠵᠡᠷᠭᠡ ᠭᠣᠭᠴᠣᠭ᠎ᠠ᠎ᠪᠠᠷ ᠳᠡᠮᠵᠢᠨ᠂ ᠬᠣᠲᠠ ᠵᠢᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠵᠦ᠂ ᠬᠥᠨᠳᠡᠯᠡᠨ ᠲᠣᠭᠣᠷᠢᠭ᠂ ᠴᠢᠩᠱ᠌ᠠᠨ ᠲᠣᠭᠣᠷᠢᠭ᠂ ᠳ᠋ᠦᠩ ᠾᠧ ᠲᠣᠭᠣᠷᠢᠭ᠎ᠤᠨ ᠨᠡᠶ᠋ᠢᠲᠡ 11 ᠵᠠᠮ᠎ᠢ ᠨᠡᠷᠡᠢ᠌ᠳᠦᠭᠰᠡᠨ᠎ᠤ ᠬᠠᠮᠲᠤ ᠳᠤᠮᠳᠠᠳᠤ ᠤᠯᠤᠰ · ᠤᠯᠤᠰ᠎ᠤᠨ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢᠨ ᠬᠥᠮᠥᠷᠭᠡ ᠵᠢᠨ ᠲᠠᠪᠴᠠᠩ᠎ᠳᠤ ᠲᠦᠰᠢᠭᠯᠡᠨ ᠳᠡᠩᠰᠡᠯᠡᠵᠦ ᠨᠡᠢ᠌ᠳᠡᠯᠡᠬᠡᠳ ᠵᠠᠮ᠎ᠤᠨ ᠬᠠᠮᠢᠶ᠎ᠠ ᠪᠦᠬᠦᠢ ᠮᠡᠳᠡᠭᠡ ᠵᠠᠩᠭᠢ ᠵᠢ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠴᠠᠭᠳᠠᠭ᠎ᠠ᠂ ᠬᠣᠲᠠ ᠵᠢᠨ ᠬᠠᠮᠢᠶᠠᠷᠤᠯᠲᠠ ᠵᠡᠷᠭᠡ ᠬᠠᠮᠢᠶ᠎ᠠ ᠪᠦᠬᠦᠢ  ᠨᠢᠬᠡᠴᠢ᠎ᠳᠤ ᠵᠡᠷᠭᠡ᠎ᠪᠠᠷ ᠬᠦᠷᠭᠡᠨ᠂ ᠠᠷᠠᠳ ᠣᠯᠠᠨ᠎ᠤ ᠭᠠᠵᠠᠷ᠎ᠤᠨ ᠨᠡᠷᠡᠰ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ᠂ ᠣᠯᠠᠨ ᠲᠦᠮᠡᠨ᠎ᠤ ᠡᠳᠦᠷ ᠲᠤᠲᠤᠮ᠎ᠤᠨ ᠠᠮᠢᠳᠤᠷᠠᠯ ᠪᠠ ᠶᠠᠪᠤᠵᠤ ᠰᠠᠭᠤᠬᠤ᠎ᠳᠤ ᠲᠥᠬᠥᠮ  ᠦᠵᠡᠬᠦᠯᠵᠡᠢ᠃


ᠨᠠᠰᠤᠵᠢᠯ᠎ᠤᠨ ᠦᠢ᠍ᠯᠡᠴᠢᠯᠡᠭᠡ


    ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠨᠠᠰᠤᠲᠠᠢ᠌ᠴᠤᠳ᠎ᠤᠨ ᠭᠡᠵᠢᠬᠡ ᠵᠠᠰᠠᠬᠤ ᠬᠡᠷᠡᠭᠴᠡᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠥᠬᠥ ᠬᠣᠲᠠ ᠵᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠢ ᠳᠠᠶ᠋ᠢᠴᠢᠯᠠᠨ 《ᠬᠡᠵᠢᠬᠡ ᠵᠠᠰᠠᠬᠤ ᠠᠵᠢᠯᠯᠠᠭ᠎ᠠ》 ᠵᠢ ᠥᠷᠨᠢᠭᠦᠯᠵᠦ᠂ ᠪᠥᠬᠥ ᠬᠣᠲᠠ ᠵᠢᠨ ᠪᠦᠬᠦᠯᠢ 60 ᠨᠠᠰᠤᠨ᠎ᠠᠴᠠ ᠳᠡᠭᠡᠭᠰᠢᠬᠢ ᠨᠠᠰᠤᠲᠠᠢ᠌ᠴᠤᠳ᠎ᠲᠤ ᠬᠡᠵᠢᠬᠡ ᠵᠠᠰᠠᠵᠤ ᠦᠭᠭᠦ ᠦᠢ᠍ᠯᠡᠴᠢᠯᠡᠬᠡ ᠬᠠᠩᠭ᠋ᠠᠵᠤ ᠪᠠᠢ᠌ᠨ᠎ᠠ᠃ ᠤᠳᠤᠬᠠᠨ᠎ᠳᠤ 《ᠪᠤᠭᠤᠷᠤᠯᠴᠤᠳ᠎ᠲᠤ  ᠬᠡᠵᠢᠬᠡ ᠵᠢ᠎ᠨᠢ ᠵᠠᠰᠠᠵᠤ ᠦᠭᠭᠦ ᠥᠷᠲᠡᠭᠡ》 ᠵᠢ 10 ᠪᠠᠢ᠌ᠭᠤᠯᠤᠬᠰᠠᠨ ᠵᠶ᠋ᠡᠷ 13 ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠩᠭᠢ ᠵᠢᠨ᠎ᠬᠢᠨ ᠨᠠᠰᠤᠲᠠᠢ᠌ᠴᠤᠳ᠎ᠲᠤ ᠨᠡᠶ᠋ᠢᠲᠡ ᠮᠢᠩᠭ᠎ᠠ ᠭᠠᠷᠤᠢ ᠤᠳᠠᠭ᠎ᠠ ᠦᠢ᠍ᠯᠡᠴᠢᠯᠡᠪᠡ᠃



   

   

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.23
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.24
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.26
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.27
ᠰᠦᠨ ᠱᠤᠤ ᠴᠧᠩ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠣᠷᠪᠤᠯᠵᠢᠯᠠᠭ᠎ᠠ ᠵᠢᠨ ᠲᠣᠪᠴᠢᠶ᠎ᠠ᠎ᠳᠤ ᠬᠦᠷᠴᠦ ᠰᠤᠷᠪᠤᠯᠵᠢᠯᠠᠬᠤ᠎ᠪᠠᠷ ᠢᠷᠡᠭᠰᠡᠨ ᠤᠯᠠᠨ ᠲᠦᠮᠡᠨ᠎ᠲᠠᠢ ᠠᠭᠤᠯᠵᠠᠪᠠ
 
            