ᠠᠷᠠᠳ᠎ᠤᠨ ᠶᠠᠪᠤᠳᠠᠯ᠎ᠤᠨ ᠶᠠᠮᠤᠨ
ᠳᠤᠮᠳᠠᠳᠤ ᠤᠯᠤᠰ᠎ᠤᠨ ᠵᠡᠮᠳᠡᠭᠴᠦᠳ᠎ᠤᠨ ᠬᠣᠯᠪᠣᠭ᠎ᠠ᠂ ᠠᠷᠠᠳ᠎ᠤᠨ ᠶᠠᠪᠤᠳᠠᠯ᠎ᠤᠨ ᠶᠠᠮᠤᠨ᠂ ᠪᠥᠬᠥ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠲᠥᠪ ᠬᠣᠷᠢᠶ᠎ᠠ᠂ ᠪᠥᠬᠥ ᠤᠯᠤᠰ᠎ᠤᠨ ᠡᠮᠡᠭᠲᠡᠢ᠌ᠴᠦᠳ᠎ᠤᠨ ᠬᠣᠯᠪᠣᠭ᠎ᠠ ᠵᠢᠨ᠎ᠬᠢᠨ ᠤᠷᠴᠢᠮ᠎ᠳᠤ ᠬᠠᠮᠲᠤᠷᠠᠨ 《〈ᠵᠡᠮᠳᠡᠭᠴᠦᠳ᠎ᠤᠨ ᠡᠪᠦᠯ᠎ᠤᠨ ᠲᠤᠯᠠᠭ᠋ᠠᠯᠭ᠎ᠠ᠎ᠳᠤ ᠲᠤᠰᠠᠯᠠᠬᠤ〉 ᠠᠵᠢᠯᠯᠠᠭ᠎ᠠ ᠥᠷᠨᠢᠭᠦᠯᠵᠦ᠂ ᠬᠦᠴᠢᠷᠳᠡᠯ ᠶᠡᠬᠡᠳᠡᠢ ᠵᠡᠮᠳᠡᠭᠴᠦᠳ᠎ᠢ ᠲᠡᠳᠬᠦᠬᠦ ᠠᠵᠢᠯ᠎ᠢ ᠴᠢᠩᠭ᠋ᠠᠳᠬᠠᠬᠤ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠪᠠ᠃ ᠮᠡᠳᠡᠭᠳᠡᠯ᠎ᠳᠤ᠄ 《ᠡᠯ᠎ᠡ ᠱᠠᠲᠤᠨ᠎ᠤ ᠵᠡᠮᠳᠡᠭᠴᠦᠳ᠎ᠤᠨ ᠬᠣᠯᠪᠣᠭ᠎ᠠ᠂ ᠠᠷᠠᠳ᠎ᠤᠨ ᠶᠠᠪᠤᠳᠠᠯ᠂ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠢ᠌ᠴᠦᠳ᠎ᠤᠨ ᠬᠣᠯᠪᠣᠭ᠎ᠠ ᠰᠢᠨ᠎ᠡ ᠵᠢᠯ᠂ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠬᠦᠴᠢᠷᠳᠡᠯᠲᠡᠢ ᠨᠤᠴᠢᠳᠠᠢ ᠵᠡᠮᠳᠡᠭᠴᠦᠳ᠎ᠲᠤ ᠬᠠᠨᠳᠤᠭᠤᠯᠤᠨ ᠲᠡᠳᠬᠦᠬᠦ ᠠᠵᠢᠯᠯᠠᠭ᠎ᠠ ᠵᠢ ᠲᠥᠪᠯᠡᠷᠡᠭᠦᠯᠦᠨ ᠥᠷᠨᠢᠭᠦᠯᠵᠦ᠂ ᠨᠠᠮ ᠪᠠ ᠵᠠᠰᠠᠭ᠎ᠤᠨ ᠣᠷᠳᠣᠨ᠎ᠤ ᠵᠡᠮᠳᠡᠭᠴᠦᠳ᠎ᠢ ᠬᠠᠯᠠᠮᠵᠢᠯᠠᠵᠤ ᠪᠠᠢ᠌ᠬᠤ ᠵᠢ ᠳᠠᠮᠵᠢᠭᠤᠯᠬᠤ ᠬᠡᠷᠡᠭᠲᠡᠢ》 ᠴᠢᠬᠤᠯᠠᠴᠢᠯᠠᠪᠠ᠃
ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ
2024 ᠣᠨ᠎ᠳᠤ ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠪᠤᠭᠤᠲᠤ ᠬᠣᠲᠠ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠦᠢ᠍ᠯᠡᠴᠢᠯᠡᠭᠡᠨ᠎ᠤ ᠭᠣᠣᠯᠳᠠᠯᠭ᠎ᠠ ᠲᠠᠢ ᠠᠵᠤ ᠠᠬᠤᠢ᠌ᠯᠠᠯ ᠪᠠ ᠶᠡᠬᠡ ᠳᠡᠭᠡᠳᠦ ᠰᠤᠷᠭ᠋ᠠᠭᠤᠯᠢ ᠵᠢᠨ ᠲᠤᠰᠬᠠᠢ ᠠᠵᠢᠯᠲᠠᠨ ᠡᠯᠰᠡᠬᠦ ᠴᠤᠭᠯᠠᠭ᠋ᠠᠨ ᠡᠷᠭᠢᠯᠡᠵᠦ ᠪᠤᠭᠤᠲᠤ ᠬᠣᠲᠠ ᠵᠢᠨ ᠠᠵᠤ ᠦᠢ᠍ᠯᠡᠳᠪᠦᠷᠢ ᠵᠢᠨ 《3 + 5 + N》 ᠪᠠ ᠦᠢ᠍ᠯᠡᠴᠢᠯᠡᠭᠡᠨ᠎ᠤ ᠦᠢ᠍ᠯᠡᠰ᠂ ᠲᠠᠷᠢᠶᠠᠯᠠᠩ ᠮᠠᠯ ᠠᠵᠤ ᠠᠬᠤᠢ ᠵᠢᠨ ᠭᠣᠣᠯᠳᠠᠯᠭ᠎ᠠ ᠲᠠᠢ ᠠᠵᠤ ᠦᠢ᠍ᠯᠡᠰ᠎ᠤᠨ ᠬᠡᠯᠬᠢᠶ᠎ᠡ ᠵᠢᠨ ᠬᠥᠮᠥᠨ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ 30 ᠭᠠᠷᠤᠢ ᠬᠤᠳᠠ ᠵᠢᠨ ᠲᠤᠰ ᠱᠠᠲᠤᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠠ 50 ᠭᠠᠷᠤᠢ ᠭᠡᠰᠢᠭᠦᠨ ᠨᠢᠭᠡᠴᠢ ᠵᠢ ᠢᠳᠡᠪᠬᠢᠲᠡᠢ᠎ᠪᠠᠷ ᠲᠠᠢ᠍ᠢ᠍ᠴᠢᠯᠠᠨ ᠣᠷᠣᠯᠴᠠᠭᠤᠯᠵᠤ ᠡᠨᠧᠷᠭᠢ ᠵᠢᠨ ᠰᠤᠷᠪᠤᠯᠵᠢ ᠬᠢᠮᠢ ᠵᠢᠨ ᠠᠵᠤ ᠦᠢ᠍ᠯᠡᠳᠪᠦᠷᠢ᠂ ᠮᠧᠬᠠᠨᠢᠭ ᠦᠢ᠍ᠯᠡᠳᠬᠦ᠂ ᠮᠠᠰᠢᠨ ᠴᠠᠬᠢᠯᠭ᠋ᠠᠨ᠎ᠤ ᠨᠠᠷᠢᠨ ᠪᠢᠴᠢᠭᠡᠴᠢ ᠵᠡᠷᠭᠡ 10 ᠭᠠᠷᠤᠢ ᠲᠦᠷᠦᠯ᠎ᠤᠨ ᠲᠤᠰᠬᠠᠢ ᠮᠡᠷᠭᠡᠵᠢᠯ᠎ᠤᠨ 2347 ᠠᠵᠢᠯ᠎ᠤᠨ ᠪᠠᠢ᠌ᠷᠢ ᠵᠢ ᠬᠠᠩᠭ᠋ᠠᠵᠤ᠂ ᠪᠠᠷᠤᠭ 1.4 ᠲᠦᠮᠡᠨ ᠠᠵᠢᠯ ᠡᠷᠢᠭᠰᠡᠳ ᠰᠦᠯᠵᠢᠶᠡᠨ ᠳᠡᠭᠡᠷᠡᠬᠢ ᠪᠠ ᠰᠦᠯᠵᠢᠶᠡᠨ᠎ᠠᠴᠠ ᠭᠠᠳᠠᠨᠠᠬᠢ ᠠᠷᠭ᠎ᠠ᠎ᠪᠠᠷ ᠠᠵᠢᠯᠯᠠᠭ᠎ᠠ᠎ᠳᠤ ᠣᠷᠣᠯᠴᠠᠵᠤ 1700 ᠭᠠᠷᠤᠢ ᠣᠶᠤᠲᠠᠨ ᠠᠵᠢᠯ᠎ᠤᠨ ᠪᠠᠢ᠌ᠷᠢ ᠵᠢᠨ ᠳᠠᠳᠤᠯᠭ᠎ᠠ ᠪᠠ ᠠᠵᠢᠯ ᠣᠯᠬᠤ ᠲᠣᠬᠢᠶᠠᠯ ᠣᠯᠪᠠ᠃
ᠨᠡᠢ᠌ᠭᠡᠮ᠎ᠤᠨ ᠲᠤᠰᠠᠯᠠᠮᠵᠢ
ᠰᠢᠯᠢ ᠵᠢᠨ ᠭᠣᠣᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠡᠪᠦᠯ ᠪᠣᠯᠤᠭᠰᠠᠨ᠎ᠠᠴᠠ ᠨᠠᠭ᠋ᠠᠰᠢ ᠬᠦᠢ᠍ᠲᠡᠨ ᠤᠷᠤᠰᠬᠠᠯ ᠴᠠᠰᠤ ᠵᠤᠳ ᠬᠦᠴᠢᠷᠳᠡᠯ᠎ᠲᠠᠢ ᠣᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠳᠤ ᠨᠦᠯᠤᠬᠡᠯᠡᠬᠦ᠎ᠠᠴᠠ ᠵᠠᠢ᠌ᠯᠠᠰᠬᠢᠬᠤ ᠵᠢᠨ ᠲᠥᠯᠥᠭᠡ᠂ ᠬᠦᠢ᠍ᠲᠡᠨ ᠤᠷᠤᠰᠬᠠᠯ ᠴᠠᠰᠤ ᠵᠤᠳ᠎ᠢ ᠠᠷᠭ᠋ᠠᠴᠠᠭ᠋ᠠᠬᠤ ᠬᠣᠯᠪᠣᠭᠳᠠᠯ ᠪᠦᠬᠦᠢ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ ᠪᠠᠭᠤᠯᠭ᠋ᠠᠵᠤ ᠬᠦᠴᠢᠷᠳᠡᠯ᠎ᠲᠠᠢ ᠤᠯᠠᠨ ᠲᠦᠮᠡᠨ᠎ᠢ ᠰᠤᠷᠪᠤᠯᠵᠢᠯᠠᠨ ᠪᠠᠢ᠌ᠴᠠᠭ᠋ᠠᠬᠤ᠂ ᠲᠤᠰᠠᠯᠠᠵᠤ ᠲᠡᠳᠬᠦᠬᠦ ᠡᠷᠴᠢᠮ ᠵᠶ᠋ᠡᠨ ᠴᠢᠩᠭ᠋ᠠᠷᠠᠭᠤᠯᠵᠤ 《ᠤᠲᠠᠰᠤ + ᠲᠤᠬᠠᠢ ᠵᠢᠨ ᠭᠠᠵᠠᠷ》᠎ᠤᠨ ᠬᠡᠯᠪᠡᠷᠢ᠎ᠪᠠᠷ ᠬᠦᠴᠢᠷᠳᠡᠯᠳᠡᠢ 6393 ᠤᠯᠠᠨ ᠲᠦᠮᠡᠨ᠎ᠢ ᠰᠤᠷᠪᠤᠯᠵᠢᠯᠠᠵᠤ᠂ ᠬᠦᠴᠢᠷᠳᠡᠯᠳᠡᠢ ᠤᠯᠠᠨ ᠲᠦᠮᠡᠨ᠎ᠤ ᠠᠮᠢᠳᠤᠷᠠᠯ᠎ᠤᠨ ᠪᠠᠢ᠌ᠳᠠᠯ᠎ᠢ ᠪᠦᠬᠦ ᠲᠠᠯ᠎ᠠ᠎ᠪᠠᠷ ᠤᠢ᠌ᠯᠠᠭ᠋ᠠᠭ᠋ᠠᠳ ᠭᠠᠮᠰᠢᠭ᠎ᠠᠴᠠ ᠪᠤᠯᠤᠭ᠋ᠠᠳ ᠬᠦᠴᠢᠷᠳᠡᠯ ᠳᠤ ᠲᠤᠯᠭ᠋ᠠᠷᠠᠬᠰᠠᠨ᠂ ᠳᠤᠯᠠᠭ᠋ᠠᠯᠠᠬᠤ᠎ᠳᠤ ᠬᠦᠴᠢᠷᠳᠡᠯᠳᠡᠢ 126 ᠤᠯᠠᠨ ᠲᠦᠮᠡᠨ᠎ᠢ ᠲᠤᠰᠠᠯᠠᠪᠠ᠃
ᠨᠠᠰᠤᠲᠠᠢ᠌ᠴᠤᠳ᠎ᠤᠨ ᠠᠵᠢᠯ
2024 ᠣᠨ᠎ᠤ ᠪᠤᠭᠤᠷᠤᠯᠴᠤᠳ᠎ᠤᠨ ᠠᠵᠤ ᠠᠬᠤᠢ ᠵᠢᠨ ᠠᠵᠤ ᠦᠢ᠍ᠯᠡᠰ᠎ᠤᠨ ᠬᠦᠭᠵᠢᠬᠦᠯᠤᠯᠳᠡ ᠵᠢᠨ ᠶᠡᠬᠡ ᠬᠤᠷᠠᠯ ᠪᠠ ᠡᠮᠴᠢᠯᠡᠭᠡ ᠡᠷᠡᠭᠦᠯ ᠮᠡᠨᠳᠦ ᠨᠠᠰᠤᠵᠢᠯ᠎ᠤᠨ ᠠᠰᠠᠷᠠᠮᠵᠢ ᠵᠢᠨ ᠠᠵᠤ ᠦᠢ᠍ᠯᠡᠰ᠎ᠤᠨ ᠠᠭᠤᠰᠤᠯᠴᠠᠭᠤᠯᠤᠨ ᠬᠦᠭᠵᠢᠬᠦᠯᠬᠦ ᠶᠡᠬᠡ ᠬᠤᠷᠠᠯ ᠤᠷᠴᠢᠮ᠎ᠳᠤ ᠬᠤᠷᠠᠯᠳᠤᠪᠠ᠃ ᠬᠤᠷᠠᠯ ᠲᠡᠬᠡᠷ᠎ᠡ᠄ 《ᠲᠦᠷᠦ ᠵᠢᠨ ᠪᠣᠳᠣᠯᠭ᠎ᠠ᠎ᠪᠠᠷ ᠵᠢᠯᠣᠭᠣᠳᠤᠯᠭ᠎ᠠ ᠪᠣᠯᠭ᠋ᠠᠵᠤ ᠠᠵᠤ ᠦᠢ᠍ᠯᠡᠰ᠎ᠤᠨ ᠠᠭᠤᠰᠤᠯᠴᠠᠯ᠎ᠢ ᠭᠦᠨᠵᠡᠭᠡᠢ᠌ᠷᠡᠭᠦᠯᠵᠦ ᠠᠵᠤ ᠦᠢ᠍ᠯᠡᠰ᠎ᠤᠨ ᠨᠡᠩ ᠥᠨᠳᠥᠷ ᠲᠡᠰ ᠳᠠᠪᠬᠤᠷᠭ᠎ᠠ᠂ ᠨᠡᠩ ᠥᠷᠭᠡᠨ ᠬᠦᠷᠢᠶ᠎ᠡ ᠲᠡᠢ᠌ᠰᠢ ᠥᠷᠭᠡᠵᠢᠬᠦ ᠵᠢ ᠠᠬᠢᠭᠤᠯᠬᠤ ᠬᠡᠷᠡᠭᠲᠡᠢ᠃ ᠪᠠᠷᠢᠮᠵᠢᠶ᠎ᠠ᠎ᠪᠠᠷ ᠤᠳᠤᠷᠢᠳᠤᠮᠵᠢ ᠪᠣᠯᠭ᠋ᠠᠵᠤ ᠪᠠᠷᠢᠮᠵᠢᠶ᠎ᠠ ᠵᠢᠨ ᠰᠢᠰᠲᠸᠮ᠎ᠢ ᠲᠡᠭᠦᠯᠳᠡᠷᠵᠢᠭᠦᠯᠦᠨ ᠨᠠᠰᠤᠵᠢᠯ᠎ᠤᠨ ᠠᠵᠤ ᠦᠢ᠍ᠯᠡᠰ᠎ᠤᠨ ᠪᠠᠷᠢᠮᠵᠢᠶᠠᠵᠢᠭᠤᠯᠤᠯᠲᠠ ᠬᠢᠭᠡᠳ ᠵᠢᠷᠤᠮᠵᠢᠭᠤᠯᠤᠯᠲᠠ ᠵᠢᠨ ᠪᠠᠢ᠌ᠭᠤᠯᠤᠯᠲᠠ ᠵᠢ ᠠᠬᠢᠭᠤᠯᠵᠤ᠂ ᠠᠵᠢᠯ ᠲᠥᠷᠥᠯ᠎ᠤᠨ ᠪᠦᠬᠦᠯᠢ ᠴᠣᠭᠴᠠ ᠵᠢᠨ ᠦᠢ᠍ᠯᠡᠴᠢᠯᠡᠭᠡᠨ᠎ᠤ ᠲᠦᠪᠰᠢᠨ᠎ᠢ ᠲᠡᠭᠡᠭᠰᠢᠯᠡᠬᠦᠯᠬᠦ ᠬᠡᠷᠡᠭᠳᠡᠢ᠃ ᠴᠢᠳᠠᠪᠤᠷᠢᠲᠠᠨ ᠵᠶ᠋ᠠᠷ ᠰᠠᠭᠤᠷᠢ ᠪᠣᠯᠭ᠋ᠠᠵᠤ ᠡᠩᠨᠡᠭᠡᠨ᠎ᠤ ᠪᠠᠢ᠌ᠭᠤᠯᠤᠯᠲᠠ ᠵᠢ ᠴᠢᠡᠭᠭ᠋ᠠᠳᠬᠠᠨ ᠠᠵᠢᠯ ᠲᠦᠷᠦᠯ᠎ᠳᠤ ᠨᠡᠩ ᠤᠯᠠᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠦᠨ ᠬᠦᠷᠭᠡᠬᠦ ᠬᠡᠷᠡᠭᠲᠡᠢ᠃ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢ᠌ᠭᠤᠯᠤᠯᠲᠠ᠎ᠪᠠᠷ ᠲᠠᠪᠴᠠᠩ ᠪᠣᠯᠭ᠋ᠠᠵᠤ ᠠᠵᠤ ᠦᠢ᠍ᠯᠡᠰ᠎ᠤᠨ ᠲᠥᠪᠯᠡᠷᠡᠯ᠎ᠢ ᠠᠬᠢᠭᠤᠯᠤᠨ ᠨᠠᠰᠤᠵᠢᠯ᠎ᠤᠨ ᠠᠵᠤ ᠦᠢ᠍ᠯᠡᠰ᠎ᠤᠨ ᠪᠦᠬᠦᠯᠢ ᠴᠣᠭᠴᠠ ᠵᠢᠨ ᠥᠷᠢᠰᠦᠯᠳᠦᠬᠦ ᠬᠦᠴᠦᠨ ᠪᠠ ᠰᠢᠨ᠎ᠡ ᠵᠢ ᠡᠭᠦᠳᠬᠦ ᠴᠢᠳᠠᠪᠤᠷᠢ ᠵᠢ ᠲᠡᠭᠡᠭᠰᠢᠯᠡᠬᠦᠯᠬᠦ ᠬᠡᠷᠡᠭᠳᠡᠢ᠃ ᠣᠯᠠᠨ ᠤᠯᠤᠰ᠎ᠤᠨ ᠬᠠᠷᠠᠭ᠋ᠠᠰᠤ᠎ᠠᠴᠠ ᠥᠷᠭᠡᠳᠬᠡᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠵᠤ ᠮᠠᠨ᠎ᠤ ᠤᠯᠤᠰ᠎ᠤᠨ ᠨᠠᠰᠤᠵᠢᠯ᠎ᠤᠨ ᠠᠵᠤ ᠦᠢ᠍ᠯᠡᠰ᠎ᠤᠨ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ᠎ᠢ ᠲᠡᠭᠡᠭᠰᠢᠯᠡᠬᠦᠯᠬᠦ ᠬᠡᠷᠡᠭᠳᠡᠢ》 ᠬᠡᠵᠡᠢ᠃
ᠨᠠᠰᠤᠵᠢᠯ᠎ᠤᠨ ᠦᠢ᠍ᠯᠡᠴᠢᠯᠡᠭᠡ
ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ ᠪᠠᠷᠢᠮᠵᠢᠶᠠᠵᠢᠭᠰᠠᠨ ᠪᠦᠲᠦᠭᠡᠨ ᠪᠠᠢ᠌ᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠮᠡᠳᠡᠭᠡ ᠵᠠᠩᠭᠢᠵᠢᠯᠲᠠ ᠵᠢᠨ ᠦᠢ᠍ᠯᠡᠴᠢᠯᠡᠭᠡᠨ᠎ᠤ ᠲᠠᠪᠴᠠᠩ᠎ᠤᠨ ᠮᠡᠳᠡᠭᠡ ᠵᠠᠩᠭᠢᠵᠢᠯᠲᠠ ᠵᠢ ᠠᠬᠢᠭᠤᠯᠤᠨ ᠪᠦᠬᠦ ᠬᠤᠳᠠ ᠵᠢᠨ ᠣᠶᠤᠨᠲᠤ ᠨᠠᠰᠤᠵᠢᠯ᠎ᠤᠨ ᠠᠰᠠᠷᠠᠮᠵᠢ ᠵᠢᠨ ᠮᠡᠳᠡᠭᠡ ᠵᠠᠩᠭᠢ ᠵᠢᠨ ᠲᠠᠪᠴᠠᠩ᠎ᠢ ᠪᠠᠢ᠌ᠭᠤᠯᠤᠭ᠋ᠠᠳ ᠪᠦᠬᠦ ᠬᠤᠳᠠ ᠵᠢᠨ 48.9 ᠲᠦᠮᠡᠨ ᠨᠠᠰᠤᠲᠠᠢ᠌ᠴᠤᠳ᠎ᠲᠤ ᠨᠠᠰᠤᠲᠠᠢ᠌ᠴᠤᠳ᠎ᠤᠨ ᠳᠠᠨᠭ᠌ᠰᠠ ᠡᠪᠬᠡᠮᠡᠯ ᠪᠠᠢ᠌ᠭᠤᠯᠵᠤ ᠥᠭᠴᠡᠢ᠃ ᠡᠯ᠎ᠡ ᠲᠥᠷᠥᠯ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠪᠠ ᠠᠵᠤ ᠠᠬᠤᠢ᠌ᠯᠠᠯ᠎ᠢ 1200 ᠭᠠᠷᠤᠢ ᠡᠮᠬᠢᠯᠡᠪᠡ᠃ ᠤᠯᠠᠭ᠋ᠠᠨᠴᠠᠪ ᠬᠣᠲᠠ ᠵᠢᠨ ᠣᠶᠤᠨᠲᠤ ᠨᠠᠰᠤᠵᠢᠯ᠎ᠤᠨ ᠠᠰᠠᠷᠠᠮᠵᠢ ᠵᠢᠨ ᠰᠦᠯᠵᠢᠶ᠎ᠡ ᠪᠠ 《96111》 ᠨᠠᠰᠤᠲᠠᠢ᠌ᠴᠤᠳ᠎ᠲᠤ ᠦᠢ᠍ᠯᠡᠴᠢᠯᠡᠬᠦ ᠪᠠᠢ᠌ᠡᠭᠭᠤ ᠵᠢᠨ ᠤᠲᠠᠰᠤ ᠵᠢ ᠨᠠᠪᠲᠠᠷᠡᠭᠦᠯᠵᠦ 《ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ》 ᠵᠢ ᠬᠠᠷᠢᠯᠴᠠᠨ ᠤᠶᠠᠯᠳᠤᠭᠤᠯᠬᠤ ᠠᠷᠭ᠎ᠠ ᠪᠠᠷ ᠬᠡᠷᠡᠭᠴᠡᠭᠡ ᠱᠠᠭ᠋ᠠᠷᠳᠠᠯᠭ᠎ᠠ᠎ᠲᠠᠢ ᠨᠠᠰᠤᠲᠠᠢ᠌ᠴᠤᠳ᠎ᠲᠤ ᠴᠠᠭ ᠲᠤᠬᠠᠢᠳᠤᠨᠢ ᠭᠡᠷ᠎ᠲᠤ᠎ᠨᠢ ᠬᠦᠷᠴᠦ ᠦᠢ᠍ᠯᠡᠴᠢᠯᠡᠭᠡ ᠬᠠᠡᠭᠭ᠋ᠠᠯ᠎ᠠ᠃