ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ1.3
ᠨᠡᠶᠢᠲᠡᠯᠡᠭᠰᠡᠨ ᠴᠠᠭ᠄ 2025-01-03

ᠨᠡᠢ᠌ᠭᠡᠮ᠎ᠤᠨ ᠶᠠᠪᠤᠳᠠᠯ


   ᠰᠢᠯᠢ ᠵᠢᠨ ᠭᠣᠣᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠤᠭ᠎ᠤᠨ ᠵᠠᠡᠭᠰᠢᠯ᠎ᠤᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠠᠵᠢᠯ᠎ᠢ ᠭᠦᠨᠵᠡᠭᠡᠢ ᠥᠷᠨᠢᠭᠦᠯᠵᠦ ᠠᠵᠢᠯᠴᠢ ᠠᠷᠪᠢᠴᠢ᠎ᠪᠠᠷ ᠠᠷᠪᠢᠯᠠᠨ ᠭᠠᠮᠨᠠᠬᠤ᠂ ᠪᠣᠬᠢᠷᠲᠤᠯ ᠦᠭᠡᠢ᠂ ᠣᠷᠴᠢᠨ ᠲᠣᠭᠣᠷᠢᠨ᠎ᠢ ᠬᠠᠮᠠᠭ᠋ᠠᠯᠠᠬᠤ  ᠤᠷᠤᠭ᠎ᠤᠨ ᠵᠠᠡᠭᠰᠢᠯ᠎ᠤᠨ ᠰᠢᠨ᠎ᠡ ᠬᠡᠪ ᠰᠤᠷᠲᠠᠯ᠎ᠢ ᠰᠠᠨᠠᠭ᠋ᠠᠴᠢᠯᠠᠪᠠ᠃ 2024 ᠣᠨ᠎ᠳᠤ ᠣᠷᠣᠭ᠎ᠤᠨ ᠰᠣᠶᠣᠯ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠂ ᠬᠤᠷᠢᠮ᠎ᠤᠨ ᠴᠡᠴᠡᠷᠯᠢᠭ᠎ᠢ 2 ᠪᠠᠢ᠌ᠭᠤᠯᠵᠤ᠂ ᠠᠩᠬᠠᠳᠤᠭ᠋ᠠᠷ ᠬᠤᠭᠤᠴᠠᠭ᠋ᠠᠨ᠎ᠤ ᠠᠢ᠌ᠮᠠᠭ᠎ᠤᠨ ᠲᠣᠰ ᠱᠠᠲᠤᠨ᠎ᠤ 《ᠬᠠᠢ᠌ᠷ᠎ᠠ ᠪᠢᠯᠬᠠᠮ᠎ᠠ ᠲᠠᠯ᠎ᠠ ᠨᠤᠲᠤᠭ᠂ ᠰᠢᠯᠢ ᠵᠢᠨ ᠭᠣᠣᠯ᠎ᠳᠤ᠎ᠬᠢ ᠬᠠᠢ᠌ᠷ᠎ᠠ ᠵᠢᠨ ᠪᠤᠯᠵᠤᠭ᠎ᠠ (ᠲᠤᠯᠤᠭ᠋ᠠᠨ ᠰᠠᠷ᠎ᠠ ᠵᠢᠨ ᠳᠣᠯᠣᠭ᠋ᠠᠨ᠎ᠤ ᠪᠠᠷᠢᠯᠳᠤᠯᠭ᠎ᠠ)》 ᠬᠠᠮᠲᠤ ᠵᠢᠨ ᠬᠤᠷᠢᠮ᠎ᠤᠨ ᠶᠣᠰᠣᠯᠠᠯ᠎ᠢ ᠭᠣᠣᠯᠯᠠᠨ ᠡᠷᠬᠢᠯᠡᠬᠡᠳ ᠪᠥᠬᠥ ᠵᠢᠯ᠎ᠳᠤ ᠬᠠᠮᠲᠤ ᠵᠢᠨ ᠬᠤᠷᠢᠮ᠎ᠤᠨ ᠶᠣᠰᠣᠯᠠᠯ᠎ᠢ 2 ᠲᠠᠯᠠᠪᠤᠷ᠂ ᠬᠠᠮᠲᠤ ᠵᠢᠨ ᠦᠨᠡᠮᠯᠡᠯ ᠣᠯᠭᠣᠬᠤ ᠠᠵᠢᠯᠯᠠᠭ᠎ᠠ ᠵᠢ 7 ᠲᠠᠯᠠᠪᠤᠷ᠂ ᠣᠨᠴᠠᠯᠢᠭᠲᠤ ᠠᠵᠢᠯᠯᠠᠭ᠎ᠠ ᠵᠢ 29 ᠤᠳᠠᠭ᠎ᠠ ᠡᠷᠭᠢᠯᠡᠵᠦ ᠵᠠᠯᠠᠭᠤᠴᠤᠳ᠎ᠢ ᠵᠥᠪ ᠣᠨᠣᠪᠴᠢᠲᠠᠶ᠂ ᠪᠣᠯᠪᠠᠰᠤᠨ ᠬᠠᠢ᠌ᠷ᠎ᠠ ᠳᠤᠷᠠᠯᠠᠯ᠎ᠤᠨ ᠦᠵᠡᠯᠲᠡ᠂ ᠣᠷᠣᠭ ᠬᠤᠷᠢᠮ᠎ᠤᠨ ᠦᠵᠡᠯᠲᠡ᠎ᠲᠠᠢ ᠪᠤᠯᠭ᠋ᠠᠬᠤ ᠲᠡᠢ᠌ᠰᠢ ᠵᠢᠯᠤᠭᠤᠳᠪᠠ ᠃
 
ᠨᠠᠰᠤᠵᠢᠯ᠎ᠤᠨ ᠦᠢ᠍ᠯᠡᠴᠢᠯᠡᠭᠡ


    ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠣᠲᠣ ᠵᠢᠨ ᠪᠠᠢ᠌ᠭ᠎ᠠ ᠡᠬᠢ ᠪᠠᠶᠠᠯᠢᠭ ᠵᠶ᠋ᠠᠨ ᠠᠰᠢᠭᠯᠠᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠪᠤᠶᠤ ᠨᠡᠢ᠌ᠭᠡᠮ ᠲᠣᠭᠣᠷᠢᠭ᠎ᠤᠨ ᠰᠤᠯᠠ ᠪᠠᠢ᠌ᠭ᠎ᠠ ᠭᠡᠷ ᠪᠠᠢ᠌ᠰᠢᠩ᠎ᠢ  ᠠᠰᠢᠭᠯᠠᠨ᠂ 《ᠰᠢᠬᠢᠳᠬᠡᠬᠡᠷᠢ ᠮᠠᠶᠢᠭ》᠎ᠤᠨ ᠲᠦᠬᠦᠬᠡᠷᠤᠮᠵᠢ ᠵᠢ ᠥᠭᠡᠷᠡᠴᠢᠯᠡᠬᠦ《ᠵᠢᠵᠢᠭ ᠮᠥᠷᠲᠡᠭᠡᠨ ᠨᠠᠷᠢᠯᠢᠭ》 ᠤᠢ᠌ᠯᠠᠭ᠋ᠠᠬᠳᠠᠬᠤᠨ ᠶᠣᠰᠣᠭ᠋ᠠᠷ ᠬᠠᠮᠤᠭ᠎ᠤᠨ ᠪᠠᠭ᠎ᠠ ᠣᠷᠣᠨ ᠵᠠᠢ ᠵᠢᠨ ᠬᠠᠮᠤᠭ᠎ᠤᠨ ᠶᠡᠬᠡ ᠦᠢ᠍ᠯᠡᠳᠦᠯ᠎ᠢ ᠪᠠᠳᠠᠷᠠᠭᠤᠯᠤᠭ᠋ᠠᠳ ᠪᠥᠬᠥ ᠬᠣᠲᠠ᠎ᠳᠤ ᠰᠢᠶᠠᠨ᠎ᠤ ᠱᠠᠲᠤᠨ᠎ᠤ ᠦᠢ᠍ᠯᠡᠴᠢᠯᠡᠭᠡᠨ᠎ᠤ ᠲᠥᠪ 11᠂ ᠵᠡᠭᠡᠯᠢ ᠭᠤᠳᠤᠮᠵᠢ ᠵᠢᠨ ᠦᠢ᠍ᠯᠡᠴᠢᠯᠡᠭᠡᠨ᠎ᠤ ᠲᠥᠪ 13᠂ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠥᠷᠲᠡᠭᠡ 74᠂ ᠬᠣᠲᠠ ᠪᠠᠯᠭ᠋ᠠᠰᠤᠨ᠎ᠤ ᠵᠢᠱ᠌ᠢᠶ᠎ᠡ ᠦᠵᠡᠭᠦᠯᠬᠦ ᠶᠡᠷᠦᠩᠬᠡᠢ᠌ᠯᠡᠭᠰᠡᠨ ᠴᠣᠭᠴᠠ (ᠤᠯᠠᠭ᠎ᠠ ᠥᠷᠲᠡᠭᠡ) 13 ᠵᠢ ᠪᠠᠢ᠌ᠭᠤᠯᠵᠤ 《ᠰᠢᠶᠠᠨ᠎ᠤ ᠱᠠᠲᠤ — ᠵᠡᠭᠡᠯᠢ ᠭᠤᠳᠤᠮᠵᠢ — ᠨᠡᠢ᠌ᠭᠡᠮ ᠲᠣᠭᠣᠷᠢᠭ — ᠭᠡᠷ ᠪᠦᠯᠢ》 ᠳᠥᠷᠪᠡᠨ ᠱᠠᠲᠤᠨ᠎ᠤ ᠭᠡᠷ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ  ᠲᠤᠤᠷᠵᠢᠯ᠎ᠢ ᠪᠣᠶ ᠪᠣᠯᠭ᠋ᠠᠪᠠ᠃ ᠡᠮᠨᠡᠯᠭᠡ ᠵᠢᠨ ᠬᠣᠷᠢᠶ᠎ᠠ᠂ ᠰᠤᠷᠭ᠋ᠠᠭᠤᠯᠢ᠂ ᠢᠳᠡᠭᠡᠨ ᠤᠮᠳᠠᠭ᠋ᠠᠨ᠎ᠤ ᠠᠵᠤ ᠠᠬᠤᠢ᠌ᠯᠠᠯ ᠵᠡᠷᠭᠡ ᠲᠠᠯᠠᠪᠤᠷ᠎ᠢ ᠠᠰᠢᠭᠯᠠᠨ ᠨᠠᠰᠤᠲᠠᠢ᠌ᠴᠤᠳ᠎ᠲᠤ ᠲᠤᠰᠠᠯᠠᠬᠤ 183 ᠬᠣᠭᠣᠯᠠᠨ ᠭᠡᠷ᠎ᠢ  ᠪᠠᠢ᠌ᠭᠤᠯᠤᠭ᠋ᠠᠳ ᠨᠠᠰᠤᠲᠠᠢ᠌ᠴᠤᠳ᠎ᠤᠨ 《ᠨᠢᠭᠡ ᠡᠷᠡᠨ᠎ᠤ ᠬᠠᠯᠠᠭᠤᠨ ᠬᠣᠭᠣᠯᠠ》 ᠵᠢᠨ ᠠᠰᠠᠭᠤᠳᠠᠯ᠎ᠢ ᠰᠢᠢ᠍ᠳᠪᠤᠷᠢᠯᠡᠭᠰᠡᠨ ᠪᠠᠢ᠌ᠨ᠎ᠠ᠃
    ᠤᠯᠠᠭ᠋ᠠᠨᠬᠠᠳᠠ ᠬᠤᠳᠠ ᠵᠢᠨ ᠶᠡᠷᠦᠩᠬᠡᠢ᠌ᠯᠡᠭᠰᠡᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠠᠷᠢᠮᠵᠢᠶᠠᠵᠢᠭᠰᠠᠨ ᠵᠢᠱ᠌ᠢᠶ᠎ᠡ ᠦᠵᠡᠭᠦᠯᠬᠦ ᠲᠥᠪ ᠪᠠ ᠳ᠋ᠦᠩ ᠶᠠᠨ ᠡᠮ ᠡᠮᠨᠡᠯᠭᠡ ᠰᠤᠪᠢᠯᠠᠯᠲᠠ ᠵᠢᠨ ᠲᠥᠪ ᠫᠠᠢ᠌ᠰᠠ ᠰᠡᠬᠦᠬᠦ ᠶᠣᠰᠣᠯᠠᠯ᠎ᠢ 2024 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠶᠠᠪᠤᠭᠤᠯᠪᠠ᠃ ᠲᠤᠰ ᠲᠥᠪ ᠪᠣᠯ ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠭᠣᠣᠯᠳᠠᠯᠭ᠎ᠠ᠎ᠲᠠᠢ ᠪᠠᠢ᠌ᠭᠤᠯᠤᠭᠰᠠᠨ ᠪᠦᠬᠦ ᠬᠣᠲᠠ ᠵᠢᠨ ᠪᠠᠢ᠌ᠭᠤᠯᠤᠮᠵᠢ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠦᠯᠢᠭᠡᠷ ᠢᠨᠵᠧᠨᠧᠷᠢᠩ ᠪᠣᠯᠣᠨ᠎ᠠ᠃ ᠡᠭᠦᠨ᠎ᠳᠤ ᠨᠠᠰᠤᠵᠢᠯ᠎ᠤᠨ ᠠᠰᠠᠷᠠᠮᠵᠢ ᠵᠢᠨ ᠣᠷᠣ᠂ ᠡᠮᠴᠢᠯᠡᠭᠡᠨ᠎ᠤ ᠣᠷᠣ ᠲᠣᠰ ᠲᠣᠰ 100 ᠪᠠᠢ᠌ᠵᠤ᠂ ᠡᠮᠴᠢᠯᠡᠭᠡ᠂ ᠡᠷᠡᠭᠦᠯᠵᠢᠯ᠂ ᠨᠠᠰᠤᠵᠢᠯ᠎ᠤᠨ ᠠᠰᠠᠷᠠᠮᠵᠢ᠂ ᠰᠤᠪᠢᠯᠠᠯᠲᠠ᠂ ᠦᠢ᠍ᠯᠡᠳᠪᠦᠷᠢᠯᠡᠯ ᠪᠠ ᠵᠢᠭ᠋ᠠᠨ ᠰᠤᠷᠭ᠋ᠠᠯᠲᠠ ᠵᠢ ᠠᠭᠤᠰᠤᠯᠴᠠᠭᠤᠯᠤᠭᠰᠠᠨ᠂ ᠲᠥᠪ ᠲᠣᠭᠣᠭ᠋ᠠᠨ ᠭᠡᠷ᠎ᠤᠨ ᠵᠢᠷᠭᠤᠭ᠎ᠠ ᠵᠢ ᠨᠢᠭᠡ ᠴᠣᠭᠴᠠᠵᠢᠭᠤᠯᠤᠭᠰᠠᠨ ᠶᠡᠷᠦᠩᠬᠡᠢ᠌ᠯᠡᠭᠰᠡᠨ ᠴᠢᠨᠠᠷᠲᠠᠢ ᠪᠠᠷᠢᠮᠵᠢᠶᠠᠵᠢᠭᠤᠯᠤᠭᠰᠠᠨ ᠦᠢ᠍ᠯᠡᠴᠢᠯᠡᠭᠡᠨ᠎ᠤ ᠶᠡᠷᠦᠩᠬᠡᠢ᠌ᠯᠡᠭᠰᠡᠨ ᠴᠣᠭᠴᠠ᠎ᠲᠠᠢ ᠪᠦᠬᠡᠳ ᠪᠥᠬᠥ ᠬᠣᠲᠠ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠪᠦᠲᠦᠭᠡᠨ ᠪᠠᠢ᠌ᠭᠤᠯᠤᠯᠲᠠ ᠡᠵᠡᠩᠨᠡᠯᠲᠡ᠂ ᠴᠢᠳᠠᠮᠵᠢ ᠵᠢᠨ ᠲᠣᠬᠢᠷᠠᠭᠤᠯᠤᠯᠲᠠ᠂ ᠨᠠᠰᠤᠲᠠᠢ᠌ᠴᠤᠳ᠎ᠲᠤ ᠦᠢ᠍ᠯᠡᠴᠢᠯᠡᠬᠦ ᠵᠡᠷᠭᠡ ᠲᠠᠯ᠎ᠠ᠎ᠪᠠᠷ ᠯᠠᠪᠯᠠᠯᠲᠠ ᠪᠣᠯᠭ᠋ᠠᠵᠤ ᠪᠣᠯᠬᠤ᠂ ᠬᠠᠭᠤᠯᠪᠤᠷᠢᠯᠠᠵᠤ ᠪᠣᠯᠬᠤ ᠵᠢᠱ᠌ᠢᠶ᠎ᠡ ᠦᠵᠡᠭᠦᠯᠬᠦ ᠵᠠᠭᠪᠤᠷ᠎ᠢ ᠪᠠᠢ᠌ᠭᠤᠯᠤᠭᠰᠠᠨ ᠪᠠᠢ᠌ᠨ᠎ᠠ᠃


  ᠨᠢᠬᠦᠯᠡᠰᠤᠡᠭᠭᠦᠢ ᠵᠢᠨ ᠦᠢ᠍ᠯᠡᠰ


    ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠨᠢᠭᠦᠯᠡᠰᠦᠩᠭᠦᠢ ᠵᠢᠨ ᠠᠵᠢᠯᠯᠠᠭ᠎ᠠ ᠵᠢᠨ  ᠬᠦᠷᠢᠶ᠎ᠡ ᠴᠠᠷᠠᠭ᠎ᠠ᠎ᠳᠤ᠎ᠬᠢ ᠰᠢᠨ᠎ᠡ ᠠᠵᠢᠯ ᠰᠢᠨ᠎ᠡ ᠠᠷᠭ᠎ᠠ ᠵᠢ ᠰᠦᠪᠡᠭᠴᠢᠯᠡᠵᠦ 《ᠨᠢᠭᠦᠯᠡᠰᠦᠩᠭᠦᠢ ᠵᠢᠨ ᠦᠢ᠍ᠯᠡᠰ +》 ᠵᠢᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠪᠤᠭᠤᠲᠤ ᠬᠣᠲᠠ ᠵᠢᠨ ᠨᠢᠭᠦᠯᠡᠰᠦᠩᠭᠦᠢ ᠵᠢᠨ ᠶᠡᠷᠦᠩᠬᠡᠢ ᠡᠪᠯᠡᠯ᠎ᠤᠨ ᠬᠦᠴᠦᠲᠡᠢ ᠲᠠᠪᠴᠠᠩ᠎ᠤᠨ ᠦᠢ᠍ᠯᠡᠳᠦᠯ᠎ᠢ ᠪᠠᠳᠠᠷᠠᠭᠤᠯᠤᠨ 2024 ᠣᠨ᠎ᠳᠤ 1094.18 ᠲᠦᠮᠡᠨ ᠲᠥᠭᠥᠷᠢᠭ᠎ᠤᠨ ᠬᠠᠨᠳᠢᠪᠯᠡᠭ᠍ᠰᠠᠨ ᠵᠣᠭᠣᠰ ᠮᠥᠩᠭᠥ ᠡᠳ᠋ ᠪᠣᠳᠠᠰ᠎ᠢ ᠭᠥᠯᠢᠶᠡᠨ ᠠᠪᠴᠤ᠂ ᠡᠯ᠎ᠡ ᠲᠥᠷᠥᠯ᠎ᠤᠨ ᠨᠢᠭᠦᠯᠡᠰᠦᠩᠭᠦᠢ ᠵᠢᠨ ᠲᠡᠳᠬᠦᠮᠵᠢ ᠵᠢᠨ ᠠᠵᠢᠯᠯᠠᠭ᠎ᠠ ᠥᠷᠨᠢᠭᠦᠯᠬᠦ᠎ᠳᠤ 622.3 ᠲᠦᠮᠡᠨ ᠲᠥᠭᠥᠷᠢᠭ᠎ᠤᠨ ᠵᠠᠷᠤᠯᠭ᠎ᠠ ᠵᠠᠷᠤᠴᠠᠭᠤᠯᠵᠤ᠂ ᠪᠤᠶᠠᠨᠰᠠᠭ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠬᠡᠴᠢ ᠪᠡ  ᠪᠤᠶᠠᠨᠰᠠᠭ ᠬᠥᠮᠥᠰ᠎ᠤᠨ ᠨᠡᠢ᠌ᠭᠡᠮ ᠨᠡᠶ᠋ᠢᠲᠡ᠎ᠪᠠᠷ ᠵᠶ᠋ᠡᠨ ᠨᠢᠭᠦᠯᠡᠰᠦᠩᠭᠦᠢ ᠵᠢᠨ ᠦᠢ᠍ᠯᠡᠰ᠎ᠲᠤ ᠤᠷᠤᠯᠴᠠᠬᠰᠠᠳ᠎ᠲᠤ ᠠᠴᠢ ᠬᠠᠷᠢᠭᠤᠯᠬᠤ ᠦᠢ᠍ᠯᠡᠴᠢᠯᠡᠭᠡᠨ᠎ᠤ ᠲᠠᠪᠴᠠᠩ ᠪᠠᠢ᠌ᠭᠤᠯᠵᠤ ᠥᠭᠪᠡ᠃
    2024 ᠣᠨ᠎ᠳᠤ ᠬᠢᠩᠭ᠋ᠠᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠨᠢᠭᠦᠯᠡᠰᠦᠩᠭᠦᠢ ᠵᠢᠨ ᠦᠢ᠍ᠯᠡᠰ +》 ᠰᠢᠷᠢᠰ ᠠᠵᠢᠯ᠎ᠤᠨ ᠠᠬᠢᠴᠠ ᠵᠢ ᠠᠬᠢᠭᠤᠯᠵᠤ᠂ 《ᠨᠢᠭᠦᠯᠡᠰᠦᠩᠭᠦᠢ ᠵᠢᠨ ᠦᠢ᠍ᠯᠡᠰ + ᠲᠤᠰᠠᠯᠠᠮᠵᠢ》 《ᠨᠢᠭᠦᠯᠡᠰᠦᠩᠭᠦᠢ ᠵᠢᠨ ᠦᠢ᠍ᠯᠡᠰ + ᠨᠠᠰᠤᠵᠢᠯ᠎ᠤᠨ ᠠᠰᠠᠷᠠᠮᠵᠢ》 《ᠨᠢᠭᠦᠯᠡᠰᠦᠩᠭᠦᠢ ᠵᠢᠨ ᠦᠢ᠍ᠯᠡᠰ + ᠱᠠᠡᠭᠨᠠᠯᠳᠤ ᠰᠤᠭᠤᠯᠤᠭ᠎ᠠ》 ᠵᠢᠨ ᠰᠢᠷᠢᠰ ᠠᠵᠢᠯᠯᠠᠭ᠎ᠠ ᠵᠢ ᠭᠦᠨᠵᠡᠭᠡᠢ ᠥᠷᠨᠢᠭᠦᠯᠵᠦ ᠬᠢᠩᠭ᠋ᠠᠨ ᠠᠢ᠌ᠮᠠᠭ᠎ᠤᠨ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ᠎ᠨᠢ ᠪᠥᠬᠥ ᠠᠢ᠌ᠮᠠᠭ᠎ᠤᠨ ᠴᠣᠷ᠎ᠤᠨ ᠭᠠᠭᠴᠠ ᠠᠰᠢᠭ ᠬᠣᠨᠵᠢᠪᠤᠷᠢ ᠵᠢᠨ ᠪᠤᠰᠤ ᠵᠣᠬᠢᠶᠠᠨ ᠪᠠᠢ᠌ᠭᠤᠯᠤᠯᠲᠠ ᠵᠢᠨ ᠭᠠᠢ᠌ᠯᠢ᠎ᠠᠴᠠ ᠬᠡᠯᠲᠦᠷᠢᠭᠦᠯᠬᠦ ᠬᠢᠷᠢ ᠬᠡᠮ᠂ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠬᠠᠨᠳᠢᠪ᠎ᠤᠨ ᠭᠠᠢ᠌ᠯᠢ᠎ᠠᠴᠠ ᠡᠮᠦᠨ᠎ᠡ ᠰᠠᠭᠤᠯᠭ᠋ᠠᠨ ᠠᠪᠬᠤ ᠬᠢᠷᠢ ᠬᠡᠮ᠂ ᠢᠯᠡ᠎ᠪᠠᠷ ᠬᠠᠨᠳᠢᠪ ᠴᠤᠭᠯᠠᠭᠤᠯᠬᠤ ᠬᠢᠷᠢ ᠬᠡᠮ᠂ ᠪᠦᠷᠢᠨ ᠲᠡᠭᠦᠯᠳᠡᠷ ᠬᠢᠷᠢ ᠬᠡᠮ᠎ᠲᠠᠢ 4A ᠲᠠᠰ᠎ᠤᠨ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠪᠣᠯᠬᠤ ᠵᠢ ᠵᠢᠭ᠋ᠠᠨ  ᠵᠢᠯᠤᠭᠤᠳᠪᠠ᠃ ᠰᠢᠨ᠎ᠡ ᠵᠢ ᠡᠭᠦᠳᠦᠨ ᠥᠷᠨᠢᠭᠦᠯᠦᠭᠰᠡᠨ 《ᠹᠠᠩ ᠹᠧᠢ ᠲᠥᠯᠥᠪᠯᠡᠭᠡ》 ᠵᠢᠨ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠢ ᠵᠢᠨ ᠰᠢᠷᠢᠰ ᠲᠥᠷᠥᠯ ᠵᠦᠢ᠍ᠯ᠎ᠨᠢ 2024 ᠣᠨ᠎ᠤ ᠪᠥᠬᠥ ᠣᠷᠣᠨ᠎ᠤ ᠰᠢᠯᠢᠳᠡᠭ ᠨᠢᠭᠦᠯᠡᠰᠦᠩᠭᠦᠢ ᠵᠢᠨ ᠲᠥᠷᠥᠯ ᠵᠦᠢ᠍ᠯ ᠵᠶ᠋ᠡᠷ ᠦᠨᠡᠯᠡᠭᠳᠡᠪᠡ᠃ ᠭᠤᠷᠪᠠᠳᠤᠭ᠋ᠠᠷ ᠬᠤᠭᠤᠴᠠᠭ᠋ᠠᠨ᠎ᠤ 《ᠬᠢᠩᠭ᠋ᠠᠨ᠎ᠤ ᠨᠢᠭᠦᠯᠡᠰᠦᠩᠭᠦᠢ ᠵᠢᠨ ᠦᠳᠡᠰᠢ》 ᠵᠢᠨ ᠦᠳᠡᠰᠢᠯᠡᠭᠡ᠎ᠪᠠᠷ ᠲᠠᠪᠴᠠᠩ ᠪᠣᠯᠭ᠋ᠠᠵᠤ 《ᠪᠤᠶᠠᠨᠰᠠᠭ ᠬᠢᠩᠭ᠋ᠠᠨ》 ᠨᠠᠷᠠᠲᠤ ᠲᠡᠮᠳᠡᠭᠲᠦ ᠵᠢ ᠳᠡᠯᠭᠡᠷᠡᠭᠦᠯᠦᠨ 《ᠪᠥᠬᠥ ᠠᠷᠠᠳ ᠵᠶ᠋ᠠᠷ ᠵᠶ᠋ᠠᠨ ᠣᠷᠣᠯᠴᠠᠵᠤ᠂ ᠬᠥᠮᠥᠨ ᠪᠦᠬᠦᠨ ᠪᠤᠶᠠᠨ ᠦᠢ᠍ᠯᠡᠳᠬᠦ》 ᠠᠭᠤᠷ ᠠᠮᠢᠰᠬᠤᠯ᠎ᠢ ᠪᠣᠶ ᠪᠣᠯᠭ᠋ᠠᠵᠤ ᠪᠥᠬᠥ ᠵᠢᠯ᠎ᠳᠤ 2100 ᠲᠦᠮᠡᠨ ᠲᠥᠭᠥᠷᠢᠭ᠎ᠤᠨ ᠬᠠᠨᠳᠢᠪᠯᠡᠭ᠍ᠰᠠᠨ ᠵᠣᠭᠣᠰ ᠮᠥᠩᠭᠥ ᠡᠳ᠋ ᠪᠣᠳᠠᠰ᠎ᠢ ᠭᠥᠯᠢᠶᠡᠨ ᠠᠪᠤᠪᠠ᠃


 


 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.6
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.7
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.8
ᠨᠢᠭᠦᠯᠡᠰᠦᠩᠭᠦᠢ ᠵᠢᠨ ᠦᠢ᠍ᠯᠡᠰ ᠵᠶ᠋ᠡᠷ ᠳᠡᠮᠵᠢᠨ ᠲᠦᠮᠡᠨ ᠡᠷᠦᠬᠡ ᠵᠢᠨ᠎ᠬᠢᠨ᠎ᠤ ᠰᠡᠳᠬᠢᠯ᠎ᠢ ᠲᠤᠯᠠᠭ᠋ᠠᠯᠠᠶ᠎ᠠ — 《ᠶᠡᠬᠡ ᠬᠠᠢ᠌ᠷ᠎ᠠ ᠵᠢᠨ ᠤᠮᠠᠷᠠᠲᠤ ᠬᠢᠯᠢ ᠪᠤᠶᠠᠨᠰᠠᠭ ᠦᠢ᠍ᠯᠡᠰ ᠲᠡᠢ᠌ᠰᠢ》 — ᠠᠷᠠᠳ᠎ᠢ᠎ᠤᠨ ᠰᠡᠳᠬᠢᠯ᠎ᠢ ᠳᠤᠯᠠᠭ᠋ᠠᠯᠠᠬᠤ ᠦᠢ᠍ᠯᠡᠴᠢᠯᠡᠭᠡᠨ᠎ᠤ ᠲᠤᠬᠠᠢ ᠰᠢᠷᠢᠰ ᠮᠡᠳᠡᠭᠡᠯᠡᠯ (ᠠᠷᠪᠠᠨ ᠳᠥᠷᠪᠡ)
ᠠᠷᠠᠳ᠎ᠤᠨ ᠰᠦᠯᠵᠢᠶ᠎ᠡ᠄ ᠲᠦᠩᠯᠢᠶᠣᠣ ᠬᠣᠲᠠ ᠵᠢᠨ ᠵᠠᠷᠤᠳ ᠬᠣᠰᠢᠭᠤ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠨᠠᠷ ᠰᠠᠢ᠌ᠲᠠᠢ ᠬᠥᠭᠵᠢᠯᠲᠡ ᠵᠢ ᠲᠦᠯᠬᠢᠨ ᠠᠬᠢᠭᠤᠯᠵᠤ ᠪᠠᠢ᠌ᠨ᠎ᠠ
 
            